4 ᠳ᠋ᠦ᠍ᠭᠡᠷ ᠰᠠᠷ᠎ᠠ ᠵᠢᠨ 24᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠂ ᠨᠢᠭᠡᠳᠦᠮᠡᠯ ᠹᠷᠣᠨᠲ᠎ᠤᠨ ᠬᠡᠯᠲᠡᠰ ᠂ ᠰᠤᠷᠭ᠋ᠠᠨ ᠬᠥᠮᠦᠵᠢᠯ᠎ᠤᠨ ᠲᠢᠩᠬᠢᠮ ᠂ ᠦᠨᠳᠦᠰᠦᠲᠡᠨ᠎ᠤ ᠵᠥᠪᠯᠡᠯ ᠂ ᠬᠠᠤᠯᠢ ᠴᠠᠭ᠋ᠠᠵᠠ ᠵᠢᠨ ᠲᠢᠩᠬᠢᠮ ᠦᠬᠠᠢ ᠬᠣᠲᠠ᠎ᠳᠤ 2025 ᠣᠨ᠎ᠤ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠣᠯ ᠲᠠᠯᠠᠪᠤᠷ᠎ᠤᠨ ᠠᠵᠢᠯᠯᠠᠭ᠎ᠠ ᠵᠢ ᠬᠠᠮᠳᠤᠷᠠᠨ ᠡᠷᠭᠢᠯᠡᠪᠡ᠃ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠯᠢ ᠵᠦᠩ ᠰᠢᠶᠧ ᠠᠵᠢᠯᠯᠠᠭ᠎ᠠ᠎ᠳᠤ ᠣᠷᠣᠯᠴᠠᠵᠤ ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠺᠠᠩ ᠢᠦᠢ ᠹᠸᠩ ᠶᠠᠷᠢᠶ᠎ᠠ ᠲᠠᠯᠪᠢᠵᠤ ᠂ ᠦᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠶᠠᠨ ᠱᠤᠸᠠᠩ ᠪᠠᠶᠠᠷ᠎ᠤᠨ ᠦᠭᠡ ᠬᠡᠯᠡᠵᠦ ᠂ ᠦᠬᠠᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠳᠠ ᠵᠢᠨ ᠳᠠᠷᠤᠭ᠎ᠠ ᠵᠠᠩ ᠮᠢᠩ ᠮᠢᠩ ᠠᠵᠢᠯᠯᠠᠭ᠎ᠠ ᠵᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠂ ᠦᠬᠠᠢ ᠬᠣᠲᠠ ᠵᠢᠨ ᠬᠤᠯᠪᠤᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠦᠨᠳᠦᠰᠦᠨ ᠱᠠᠲᠤᠨ᠎ᠤ ᠣᠯᠠᠨ ᠲᠦᠮᠡᠨ᠎ᠤ ᠲᠥᠯᠥᠭᠡᠯᠡᠭᠴᠢᠳ ᠬᠠᠮᠳᠤ᠎ᠪᠠᠷ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠡᠬᠢᠯᠡᠭᠦᠯᠪᠡ᠃

ᠭᠣᠣᠯ ᠲᠠᠯᠠᠪᠤᠷ᠎ᠤᠨ ᠠᠵᠢᠯᠯᠠᠭ᠎ᠠ ᠵᠢᠨ ᠭᠣᠣᠯ ᠬᠤᠷᠠᠯ᠎ᠤᠨ ᠲᠠᠯᠠᠪᠠᠶ ᠵᠢ ᠦᠬᠠᠢ ᠬᠣᠲᠠ ᠵᠢᠨ ᠣᠳᠣ ᠦᠶ᠎ᠡ ᠵᠢᠨ ᠳᠤᠮᠳᠠᠳᠤ ᠤᠯᠤᠰ᠎ᠤᠨ ᠤᠷᠠᠨ ᠪᠢᠴᠢᠯᠭᠡ ᠤᠷᠠᠯᠢᠭ᠎ᠤᠨ ᠣᠷᠳᠣᠨ᠎ᠤ ᠵᠡᠭᠦᠨ ᠠᠭᠤᠳᠠᠮ ᠲᠠᠯᠠᠪᠠᠶ᠎ᠳᠤ ᠪᠠᠢ᠌ᠷᠢᠯᠠᠭᠤᠯᠵᠤ ᠂ ᠲᠤᠬᠠᠢ ᠵᠢᠨ ᠲᠠᠯᠠᠪᠠᠢ᠎ᠳᠤ ᠦᠬᠠᠢ ᠬᠤᠳᠠ ᠵᠢᠨ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ ᠪᠣᠯᠣᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠦᠵᠡᠬᠦᠯᠭᠡ ᠵᠢᠨ ᠲᠣᠭᠣᠷᠢᠭ ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠬᠦᠯᠭᠡ ᠵᠢᠨ ᠲᠣᠭᠣᠷᠢᠭ ᠂ ᠦᠨᠳᠦᠰᠦᠨ ᠱᠠᠲᠤᠨ᠎ᠤ ᠵᠥᠷᠢᠴᠡᠯ ᠵᠢᠭᠤᠷᠠᠯᠳᠤᠭ᠋ᠠᠨ᠎ᠢ ᠰᠢᠤᠡᠪᠤᠷᠢᠯᠡᠬᠦ ᠦᠵᠡᠬᠦᠯᠭᠡ ᠵᠢᠨ ᠲᠣᠭᠣᠷᠢᠭ ᠂ ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ᠎ᠤᠨ ᠦᠵᠡᠬᠦᠯᠭᠡ ᠵᠢᠨ ᠲᠣᠭᠣᠷᠢᠭ ᠵᠡᠷᠭᠡ ᠵᠢ ᠲᠣᠬᠢᠷᠠᠭᠤᠯᠵᠤ ᠂ ᠦᠬᠠᠢ ᠬᠤᠳᠠ ᠵᠢᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠦ ᠣᠯᠣᠭᠰᠠᠨ ᠠᠮᠵᠢᠯᠲᠠ ᠪᠦᠲᠦᠮᠵᠢ ᠪᠣᠯᠣᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠰᠢᠳᠢ ᠵᠢ ᠳᠡᠯᠭᠡᠨ ᠦᠵᠡᠭᠦᠯᠵᠡᠢ᠃ ᠲᠤᠬᠠᠢ ᠵᠢᠨ ᠲᠠᠯᠠᠪᠠᠢ᠎ᠳᠤ ᠪᠠᠰᠠ ᠬᠠᠤᠯᠢ ᠲᠦᠭᠡᠮᠡᠯᠵᠢᠭᠦᠯᠬᠦ ᠴᠤᠭᠯᠠᠭ᠎ᠠ ᠲᠤᠬᠢᠷᠠᠭᠤᠯᠵᠤ ᠂ ᠦᠬᠠᠢ ᠬᠤᠳᠠ ᠵᠢᠨ ᠬᠠᠤᠯᠢ ᠴᠠᠭ᠋ᠠᠵᠠ ᠵᠢᠨ ᠮᠡᠳᠡᠯᠭᠡᠲᠡᠨ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠰᠠᠢ᠌ᠨ ᠳᠤᠷ᠎ᠠ ᠵᠢᠨ ᠠᠵᠢᠯᠯᠠᠭᠴᠢ ᠂ ᠬᠠᠤᠯᠢ᠎ᠪᠠᠷ ᠵᠠᠰᠠᠬᠤ ᠤᠯᠠᠭ᠋ᠠᠨᠮᠥ᠋ᠴᠢᠷ᠎ᠤᠨ ᠭᠡᠰᠢᠭᠦᠳ ᠨᠠᠷ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠩᠬᠠᠷᠴᠤ ᠪᠠᠢ᠌ᠭ᠎ᠠ ᠬᠠᠤᠯᠢ ᠴᠠᠭ᠋ᠠᠵᠠ ᠵᠢᠨ ᠠᠰᠠᠭᠤᠳᠠᠯ᠎ᠳᠤ ᠨᠠᠷᠢᠨ ᠬᠢᠨᠠᠮᠠᠭ᠋ᠠᠢ ᠬᠠᠷᠢᠭᠤᠯᠲᠠ ᠥᠭᠬᠦ ᠵᠢᠨ ᠬᠠᠮᠲᠤ ᠂ ᠪᠡᠶᠡᠴᠢᠯᠡᠨ ᠣᠢ᠌ᠯᠠᠭ᠋ᠠᠬᠤ ᠦᠵᠡᠬᠦᠯᠭᠡ ᠵᠢᠨ ᠲᠠᠪᠴᠠᠩ ᠪᠠᠢ᠌ᠭᠤᠯᠵᠤ ᠂ ᠪᠡᠶᠡᠴᠢᠯᠡᠨ ᠤᠷᠤᠯᠴᠠᠬᠤ ᠬᠡᠯᠪᠡᠷᠢ᠎ᠪᠠᠷ ᠤᠬᠠᠭᠤᠯᠭ᠎ᠠ ᠵᠢᠨ ᠠᠵᠢᠯ᠎ᠤᠨ ᠰᠣᠨᠢᠷᠬᠠᠯᠲᠤ ᠴᠢᠨᠠᠷ ᠪᠣᠯᠣᠨ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠵᠡᠢ᠃ ᠲᠤᠬᠠᠢ ᠵᠢᠨ ᠡᠳᠦᠷ ᠂ ᠬᠠᠢ᠌ᠷᠤᠪ᠎ᠤᠨ ᠲᠤᠬᠤᠢ ᠰᠤᠯᠠ ᠠᠵᠢᠯ᠎ᠤᠨ ᠵᠠᠬ᠎ᠠ ᠳᠡᠯᠭᠡᠭᠦᠷ᠎ᠲᠤ ᠠᠵᠢᠯᠯᠠᠭ᠎ᠠ ᠵᠢᠨ ᠬᠤᠪᠢᠶᠠᠷᠢ ᠲᠠᠯᠠᠪᠤᠷ ᠭᠠᠷᠭ᠋ᠠᠵᠤ ᠂ ᠡᠯ᠎ᠡ ᠲᠥᠷᠥᠯ᠎ᠤᠨ ᠬᠤᠯᠪᠤᠭᠳᠠᠯ ᠪᠦᠬᠦᠢ ᠠᠵᠢᠯᠯᠠᠭ᠎ᠠ ᠵᠢ ᠵᠡᠷᠭᠡ᠎ᠪᠠᠷ ᠥᠷᠨᠢᠭᠦᠯᠪᠡ᠃

ᠭᠣᠣᠯ ᠲᠠᠯᠠᠪᠤᠷ᠎ᠤᠨ ᠠᠵᠢᠯᠯᠠᠭ᠎ᠠ ᠳᠡᠭᠡᠷ᠎ᠡ ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠵᠦ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ》 ᠭᠡᠬᠦ ᠭᠣᠣᠯ ᠰᠡᠳᠦᠪ᠎ᠲᠤ ᠴᠢᠭᠯᠡᠬᠦᠯᠵᠦ ᠂ ᠡᠯᠪᠡᠭ ᠪᠠᠶᠠᠯᠢᠭ ᠤᠯᠠᠨ ᠲᠦᠮᠡᠡᠴᠢ ᠤᠳᠬ᠎ᠠ ᠤᠷᠠᠯᠢᠭ᠎ᠤᠨ ᠲᠣᠭᠯᠠᠯᠲᠠ ᠵᠢ ᠡᠷᠬᠢᠯᠡᠵᠦ ᠂ ᠠᠷᠠᠤᠨ ᠤᠯᠠᠨ᠎ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠠᠷ ᠵᠢᠷᠭ᠋ᠠᠯ ᠵᠤᠪᠠᠯᠠᠩ ᠵᠶ᠋ᠠᠨ ᠬᠠᠮᠲᠤᠳᠬᠠᠬᠤ ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ ᠂ ᠦᠬᠦᠵᠦ ᠰᠡᠭᠡᠬᠦ᠎ᠪᠠᠨ ᠬᠠᠮᠲᠤᠳᠬᠠᠬᠤ ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠤᠨᠤᠯᠵᠢᠭᠤᠨᠢ ᠤᠬᠠᠭᠤᠯᠤᠨ ᠲᠠᠢ᠌ᠯᠪᠤᠷᠢᠯᠠᠵᠤ ᠂ ᠮᠠᠰᠢ ᠤᠯᠠᠨ ᠬᠤᠳᠠ ᠵᠢᠨ ᠠᠷᠠᠳ ᠵᠢᠴᠢ ᠵᠤᠭ᠋ᠠᠴᠠᠭᠰᠠᠳ᠎ᠤᠨ ᠣᠷᠣᠯᠴᠠᠬᠤ ᠵᠢ ᠲᠡᠢ᠌ᠴᠢᠯᠠᠪᠠ᠃

ᠣᠢ᠌ᠷ᠎ᠠ ᠵᠢᠨ ᠵᠢᠯ᠎ᠤᠳ᠎ᠲᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠢ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠭᠦᠢ᠍ᠴᠡᠳ ᠵᠥᠪ ᠣᠨᠣᠪᠴᠢᠲᠠᠶ ᠪᠦᠬᠦ ᠲᠠᠯ᠎ᠠ᠎ᠪᠠᠷ ᠡᠵᠡᠮᠰᠢᠨ ᠲᠤᠭᠤᠰᠢᠯᠠᠭᠤᠯᠵᠦ ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》 ᠵᠶ᠋ᠠᠷ ᠠᠴᠢᠶᠠᠯᠠᠪᠤᠷᠢ ᠪᠣᠯᠭ᠋ᠠᠵᠤ ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ ᠂ 《ᠭᠤᠷᠪᠠᠨ ᠰᠠᠯᠵᠤ ᠪᠤᠯᠤᠰᠢ ᠦᠭᠡᠢ》 《ᠲᠦᠷᠪᠡᠨ ᠬᠠᠮᠳᠤᠤᠬᠠᠬᠤ》 《ᠲᠠᠪᠤᠨ ᠬᠠᠮᠲᠤ ᠪᠠᠷ》᠂ 《ᠲᠠᠪᠤᠨ ᠨᠡᠩᠰᠢᠯ》 《ᠲᠠᠪᠤᠨ ᠦᠵᠡᠯᠲᠡ》 ᠵᠢᠴᠢ 《ᠲᠤᠯᠤᠭ᠋ᠠᠨ ᠵᠢᠱ᠌ᠢᠶᠡᠴᠢ ᠪᠣᠯᠬᠤ》 ᠵᠡᠷᠭᠡ ᠣᠢ᠌ᠯᠠᠭ᠋ᠠᠭᠳᠠᠬᠤᠨ ᠪᠠ ᠱᠠᠭ᠋ᠠᠷᠳᠠᠯᠭ᠎ᠠ ᠵᠢ ᠬᠥᠮᠥᠰ᠎ᠤᠨ ᠰᠡᠳᠬᠢᠯ᠎ᠳᠤ ᠭᠦᠨ ᠬᠠᠳᠠᠩᠰᠢᠭᠤᠯᠪᠠ᠃ ᠡᠨᠡ ᠵᠢᠯ᠎ᠤᠨ ᠤᠬᠠᠭᠤᠯᠭ᠎ᠠ ᠵᠢᠨ ᠰᠠᠷ᠎ᠠ (ᠭᠠᠷᠠᠭ ) ᠵᠢᠨ ᠬᠤᠭᠤᠴᠠᠭ᠋ᠠᠨ᠎ᠳᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ ᠨᠡᠩ ᠪᠤᠳᠠᠳᠠᠢ ᠂ ᠨᠡᠩ ᠠᠮᠢᠳᠤᠯᠢᠭ ᠂ ᠨᠡᠩ ᠤᠢ᠌ᠯᠠᠭ᠋ᠠᠮᠵᠢᠳᠠᠢ ᠬᠡᠯᠪᠡᠷᠢ᠎ᠪᠠᠷ ᠤᠬᠠᠭᠤᠯᠭ᠎ᠠ ᠬᠥᠮᠦᠵᠢᠯ ᠥᠷᠨᠢᠭᠦᠯᠵᠦ ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠮᠲᠤ ᠵᠢᠨ ᠤᠬᠠᠮᠰᠠᠷ ᠂ ᠡᠵᠡᠨ ᠬᠥᠮᠥᠨ᠎ᠤ ᠤᠬᠠᠮᠰᠠᠷ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠂ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ ᠤᠬᠠᠮᠰᠠᠷ᠎ᠢ ᠨᠢ ᠪᠡᠬᠢᠵᠢᠬᠦᠯᠵᠦ ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠤᠷᠢᠬᠠᠨ ᠰᠠᠯᠬᠢ ᠥᠭᠭᠢᠶᠡᠮᠦᠷ ᠬᠤᠷ᠎ᠠ ᠪᠠᠷ ᠲᠦᠮᠡᠨ ᠪᠣᠳᠠᠰ᠎ᠢ ᠠᠨᠢᠷᠯᠠᠩᠭᠤᠢ ᠤᠮᠳᠠᠯᠠᠬᠤ ᠳᠤᠮᠳᠠ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠦᠵᠡᠯ ᠰᠠᠨᠠᠭ᠋ᠠᠨ᠎ᠤ ᠲᠣᠭᠲᠠᠪᠤᠷᠢᠵᠢᠭᠤᠯᠤᠭᠴᠢ ᠂ ᠦᠢ᠍ᠯᠡ ᠠᠵᠢᠯᠯᠠᠭ᠋ᠠᠨ᠎ᠤ ᠵᠦᠭᠯᠡᠭᠦᠷ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠶᠢᠩ ᠵᠥᠩ ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠦ᠋ ᠰᠢᠸ᠋ ᠵᠧᠨ ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠶᠠᠩ ᠳ᠋ᠦᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠦᠨᠳᠦᠰᠦᠲᠡᠨ᠎ᠤ ᠠᠵᠢᠯ᠎ᠤᠨ ᠭᠠᠵᠠᠷ᠎ᠤᠨ ᠳᠠᠷᠤᠭ᠎ᠠ ᠯᠢᠦᠢ ᠴᠧᠨ ᠭᠤᠸᠠᠩ ᠂ ᠪᠥᠬᠥ ᠣᠷᠣᠨ᠎ᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠣᠯᠪᠠᠰᠤᠷᠠᠯ᠎ᠤᠨ ᠠᠩᠭᠢ ᠵᠢᠨ ᠪᠥᠬᠥ ᠰᠤᠷᠤᠯᠭ᠋ᠠᠳᠠᠨ ᠂ ᠪᠥᠬᠥ ᠣᠷᠣᠨ᠎ᠤ ᠬᠠᠷᠢᠯᠴᠠᠨ ᠰᠢᠬᠢᠤᠡᠭᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠵᠢ ᠪᠠᠢ᠌ᠭᠤᠯᠬᠤ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠤ ᠲᠤᠬᠠᠢ ᠵᠢᠨ ᠲᠠᠯᠠᠪᠤᠷ᠎ᠤᠨ ᠬᠤᠷᠠᠯ᠎ᠳᠤ ᠣᠷᠣᠯᠴᠠᠭᠰᠠᠳ ᠂ ᠦᠬᠠᠢ ᠬᠣᠲᠠ ᠵᠢᠨ ᠬᠡᠰᠡᠭ ᠺᠠᠳ᠋ᠷ ᠣᠯᠠᠨ ᠲᠦᠮᠡᠨ ᠨᠡᠶ᠋ᠢᠲᠡ 1000 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠵᠠᠢ᠃