4 ᠳ᠋ᠦ᠍ᠭᠡᠷ ᠰᠠᠷ᠎ᠠ ᠵᠢᠨ 25᠎ᠤ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠂ ᠳᠡᠳ᠋ ᠡᠷᠬᠢᠯᠡᠭᠴᠢ ᠯᠢ ᡁᠢ ᠶᠸᠤ ᠬᠤᠷᠠᠯ ᠡᠷᠬᠢᠯᠡᠵᠦ ᠶᠠᠷᠢᠶ᠎ᠠ ᠲᠠᠯᠪᠢᠪᠠ ᠃

ᠶᠠᠷᠢᠯᠴᠠᠬᠤ ᠬᠤᠷᠠᠯ ᠳᠡᠭᠡᠷ᠎ᠡ ᠂ ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ ᠰᠤᠪᠠᠭ ᠂ ᠰᠢᠨᠬᠤᠸᠠ ᠰᠦᠯᠵᠢᠶ᠎ᠡ ᠵᠢᠨ ᠥᠪᠥᠷ ᠮᠣᠩᠭᠣᠯ ᠰᠤᠪᠠᠭ ᠂ ᠲᠥᠪ ᠲᠧᠯᠸᠢᠰ ᠰᠦᠯᠵᠢᠶ᠎ᠡ ᠵᠢᠨ ᠥᠪᠥᠷ ᠮᠣᠩᠭᠣᠯ ᠰᠤᠪᠠᠭ᠂ ᠲᠥᠪ ᠷᠠᠳᠢᠣ᠋ ᠰᠦᠯᠵᠢᠶ᠎ᠡ ᠵᠢᠨ ᠥᠪᠥᠷ ᠮᠣᠩᠭᠣᠯ ᠰᠤᠪᠠᠭ ᠂ ᠭᠤᠸᠠᠩ ᠮᠢᠩ ᠰᠦᠯᠵᠢᠶ᠎ᠡ ᠵᠢᠨ ᠥᠪᠥᠷ ᠮᠣᠩᠭᠣᠯ ᠰᠤᠪᠠᠭ ᠂ ᠣᠯᠠᠨ ᠤᠯᠤᠰ᠎ᠤᠨ ᠰᠦᠯᠵᠢᠶ᠎ᠡ ᠵᠢᠨ ᠥᠪᠥᠷ ᠮᠣᠩᠭᠣᠯ ᠰᠤᠪᠠᠭ ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠂ ᠦᠢ᠍ᠯᠡᠳᠦᠯᠭᠡ ᠰᠡᠳᠬᠦᠯ᠎ᠤᠨ ᠬᠣᠷᠢᠶ᠎ᠠ ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠂ ᠥᠪᠥᠷ ᠮᠣᠩᠭᠣᠯ᠎ᠤᠨ ᠵᠢᠷᠤᠭᠲᠤ ᠰᠡᠳᠬᠦᠯ᠎ᠤᠨ ᠬᠣᠷᠢᠶ᠎ᠠ ᠵᠡᠷᠭᠡ 10 ᠭᠠᠷᠤᠢ ᠰᠣᠨᠢᠨ ᠮᠡᠳᠡᠭᠡᠨ᠎ᠤ ᠵᠠᠭᠤᠴᠢᠯᠠᠭᠤᠷ ᠬᠢᠭᠡᠳ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠤᠯᠪᠤᠭᠳᠠᠯ ᠪᠦᠬᠦᠢ ᠭᠠᠵᠠᠷ ᠠᠯᠪᠠᠨ ᠭᠡᠷ ᠵᠢᠴᠢ ᠬᠥᠬᠡᠬᠣᠲᠠ ᠵᠢᠨ ᠦᠨᠳᠦᠰᠦᠲᠡᠨ᠎ᠤ ᠵᠥᠪᠯᠡᠯ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ ᠂ ᠪᠥᠬᠥ ᠣᠷᠣᠨ᠎ᠤ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠤᠬᠠᠭᠤᠯᠭ᠎ᠠ ᠵᠢᠨ ᠠᠵᠢᠯ᠎ᠢ ᠬᠡᠷᠬᠢᠨ ᠰᠠᠢ᠌ᠲᠤᠷ ᠬᠢᠬᠦ ᠲᠤᠬᠠᠢ ᠭᠦᠨᠵᠡᠭᠡᠢ ᠰᠣᠯᠢᠯᠴᠠᠪᠠ ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠂ ᠬᠥᠬᠡᠬᠣᠲᠠ ᠵᠢᠨ ᠦᠡᠳᠦᠰᠦᠳᠡᠨᠤ ᠵᠥᠪᠯᠡᠯ᠎ᠠᠴᠠ 2025 ᠣᠨ᠎ᠤ ᠭᠣᠣᠯᠳᠠᠯᠭ᠎ᠠ᠎ᠲᠠᠢ ᠠᠵᠢᠯ ᠵᠢᠡᠨ ᠲᠠᠨᠢᠯᠴᠠᠭᠤᠯᠵᠤ ᠂ ᠤᠬᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠤᠷᠠᠤᠡᠪᠠ᠃ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠢᠨ ᠲᠤᠰ ᠲᠤᠰ᠎ᠤᠨ ᠤᠬᠠᠭᠤᠯᠤᠨ ᠮᠡᠳᠡᠭᠡᠯᠡᠬᠦ ᠭᠣᠣᠯᠳᠠᠯᠭ᠎ᠠ᠎ᠪᠠᠨ ᠲᠠᠨᠢᠯᠴᠠᠭᠤᠯᠵᠤ ᠂ ᠪᠦᠬᠦ ᠣᠷᠣᠨ᠎ᠤ ᠦᠨᠳᠦᠰᠦᠲᠡᠨ᠎ᠤ ᠴᠠᠷᠠᠭ᠎ᠠ ᠬᠦᠷᠢᠶᠡᠨ᠎ᠤ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠬᠠᠮᠲᠤ ᠵᠢᠨ ᠲᠠᠨᠢᠯᠲᠠ᠎ᠲᠠᠢ ᠪᠣᠯᠵᠤ ᠬᠠᠮᠲᠤᠷᠠᠯᠴᠠᠭ᠎ᠠ᠎ᠪᠠᠨ ᠴᠢᠩᠭ᠋ᠠᠳᠬᠠᠪᠠ ᠃

ᠬᠤᠷᠠᠯ᠎ᠠᠴᠠ ᠂ ᠣᠢ᠌ᠷ᠎ᠠ ᠵᠢᠨ ᠵᠢᠯ᠎ᠤᠳ᠎ᠲᠤ ᠂ ᠡᠯ᠎ᠡ ᠱᠠᠲᠤᠨ᠎ᠤ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠦᠴᠦᠲᠡᠢ ᠳᠡᠮᠵᠢᠯᠭᠡ ᠳᠣᠣᠷ᠎ᠠ ᠂ ᠪᠥᠬᠥ ᠣᠷᠣᠨ᠎ᠤ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠤᠬᠠᠭᠤᠯᠭ᠎ᠠ ᠵᠢᠨ ᠠᠵᠢᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ ᠂ ᠪᠥᠬᠥ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠦᠨᠳᠦᠰᠦᠲᠡᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠤᠬᠠᠭᠤᠯᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠵᠦ ᠂ 《ᠲᠠᠪᠤᠨ ᠶᠡᠬᠡ ᠡᠭᠦᠷᠭᠡ》 ᠵᠢ ᠠᠬᠢᠭᠤᠯᠵᠤ ᠂ 《ᠵᠢᠷᠭᠤᠭ᠋ᠠᠨ ᠢᠨᠵᠧᠨᠧᠷᠢᠩ》᠎ᠢ ᠭᠡᠷᠡᠭᠵᠢᠬᠦᠯᠵᠦ ᠂ 《ᠵᠢᠷᠭᠤᠭ᠋ᠠᠨ ᠠᠵᠢᠯᠯᠠᠭ᠎ᠠ》 ᠵᠢᠨ ᠤᠬᠠᠭᠤᠯᠭ᠎ᠠ ᠵᠢ ᠥᠷᠨᠢᠭᠦᠯᠵᠦ ᠂ ᠪᠥᠬᠥ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠬᠤᠢ ᠨᠦᠬᠦᠴᠡᠯ᠎ᠢ ᠪᠤᠯᠭ᠋ᠠᠪᠠ ᠭᠡᠵᠦ ᠵᠢᠭ᠋ᠠᠵᠦ ᠭᠠᠷᠭ᠋ᠠᠪᠠ ᠃
ᠬᠤᠷᠠᠯ᠎ᠠᠴᠠ ᠂ ᠰᠢᠨ᠎ᠡ ᠪᠠᠢ᠌ᠳᠠᠯ ᠳᠣᠣᠷᠠᠬᠢ ᠦᠨᠳᠦᠰᠦᠲᠡᠨ᠎ᠤ ᠴᠠᠷᠠᠭ᠎ᠠ ᠬᠦᠷᠢᠶᠡᠨ ᠳᠠᠬᠢ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ ᠂ ᠭᠣᠣᠯ ᠰᠢᠵᠢᠮ᠎ᠳᠤ ᠠᠩᠬᠠᠷᠤᠯ ᠵᠶ᠋ᠠᠨ ᠬᠠᠨᠳᠤᠭᠤᠯᠵᠤ ᠂ ᠠᠵᠢᠯ᠎ᠤᠨ ᠰᠠᠨᠠᠭ᠋ᠠᠴᠢᠯᠠᠭ᠋ᠠᠲᠤ ᠴᠢᠨᠠᠷ ᠂ ᠲᠦᠰᠦᠭᠡᠯᠡᠬᠦ ᠴᠢᠨᠠᠷ᠎ᠢ ᠴᠢᠩᠭ᠋ᠠᠳᠬᠠᠵᠤ ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠴᠠᠷᠠᠭ᠎ᠠ ᠬᠦᠷᠢᠶᠡᠨ ᠳᠠᠬᠢ ᠤᠬᠠᠭᠤᠯᠭ᠎ᠠ ᠵᠢᠨ ᠠᠵᠢᠯ᠎ᠢ ᠨᠡᠩ ᠢᠯᠡᠭᠦᠦ ᠨᠢᠭᠲᠠᠷᠠᠭᠤᠯᠬᠤ ᠬᠦᠴᠦᠨ ᠂ ᠪᠦᠲᠦᠭᠡᠯᠴᠢ ᠬᠦᠴᠦᠨ ᠂ ᠲᠠᠢ᠍ᠢ᠍ᠴᠢᠨ ᠬᠦᠴᠦᠨ᠎ᠲᠠᠢ ᠪᠣᠯᠭ᠋ᠠᠬᠤ ᠵᠢ ᠠᠬᠢᠭᠤᠯᠬᠤ ᠬᠡᠷᠡᠭᠲᠡᠢ ᠃ ᠨᠡᠪᠳᠡᠷᠡᠯᠴᠡᠭᠡ ᠬᠠᠮᠵᠢᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ ᠂ ᠦᠨᠳᠦᠰᠦᠲᠡᠨ᠎ᠤ ᠴᠠᠷᠠᠭ᠎ᠠ ᠬᠦᠷᠢᠶᠡᠨ ᠳᠠᠬᠢ ᠤᠬᠠᠭᠤᠯᠭ᠎ᠠ ᠵᠢᠨ ᠠᠵᠢᠯ᠎ᠢ ᠬᠦᠴᠦ᠎ᠪᠠᠨ ᠬᠠᠮᠳᠤᠳᠬᠠᠨ ᠰᠠᠢ᠌ᠳᠦᠷ ᠬᠢᠵᠦ ᠂ ᠦᠨᠳᠦᠰᠦᠲᠡᠨ᠎ᠤ ᠴᠠᠷᠠᠭ᠎ᠠ ᠬᠦᠷᠢᠶᠡᠨ ᠳᠠᠬᠢ ᠤᠬᠠᠭᠤᠯᠭ᠎ᠠ ᠵᠢᠨ ᠠᠵᠢᠯ᠎ᠤᠨ ᠲᠤᠭ ᠵᠶ᠋ᠠᠨ ᠮᠠᠨᠳᠤᠭᠤᠯᠬᠤ ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ ᠂ ᠰᠢᠨ᠎ᠡ ᠬᠥᠮᠥᠨ᠎ᠢ ᠬᠥᠮᠥᠵᠢᠭᠦᠯᠬᠦ ᠂ ᠰᠣᠶᠣᠯ᠎ᠢ ᠮᠠᠨᠳᠤᠭᠤᠯᠬᠤ ᠂ ᠳᠦᠷᠢ ᠲᠥᠷᠬᠦ ᠵᠢ ᠢᠯᠡᠷᠡᠭᠦᠯᠬᠦ ᠲᠠᠯ᠎ᠠ᠎ᠪᠠᠷ ᠬᠢ ᠢᠳᠡᠪᠬᠢ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ ᠂ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠵᠦ ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠵᠦ ᠂ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠵᠦ ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠦ ᠂ ᠰᠢᠨ᠎ᠡ ᠵᠠᠮ ᠵᠶ᠋ᠠᠷ ᠵᠠᠮᠨᠠᠵᠦ ᠲᠤᠮᠳᠡ ᠲᠦᠪᠰᠢᠨ᠎ᠳᠤ ᠬᠦᠷᠬᠦ》 ᠬᠠᠷᠠᠯᠲᠠ ᠡᠭᠦᠷᠭᠡ ᠵᠢ ᠪᠡᠶᠡᠯᠡᠬᠦᠯᠵᠦ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃