4 ᠳ᠋ᠦ᠍ᠭᠡᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ ᠨᠢ 2025 ᠣᠨ᠎ᠤ 5 ᠳ᠋ᠤᠭ᠋ᠠᠷ ᠤᠳᠠᠭ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ᠰᠢ ᠵᠢᠨ ᠫᠢᠩ ᠶᠡᠷᠦᠩᠬᠡᠢ ᠱᠦᠵᠢ ᠵᠢᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ ᠪᠤᠯᠤᠨ ᠵᠣᠬᠢᠶᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂ ᠭᠣᠣᠯ ᠳᠤᠭᠤᠢ᠌ᠯᠠᠩ᠎ᠤᠨ ᠪᠦᠷᠢᠯᠳᠦᠭᠦᠨ ᠨᠠᠷ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠦᠪᠡᠷ᠎ᠤᠨ ᠠᠵᠢᠯ᠎ᠲᠠᠢ᠎ᠪᠠᠨ ᠤᠶᠠᠯᠳᠤᠭᠤᠯᠵᠤ᠂ ᠣᠯᠣᠯᠲᠠ ᠲᠥᠷᠥᠭᠳᠡᠯ ᠵᠶ᠋ᠡᠨ ᠰᠣᠯᠢᠯᠴᠠᠵᠤ᠂ ᠰᠡᠳᠬᠢᠮᠵᠢ ᠠᠷᠭ᠎ᠠ ᠬᠡᠮᠵᠢᠶ᠎ᠡ ᠵᠢ ᠲᠤᠷᠠᠳᠪᠠ᠃
ᠬᠤᠷᠠᠯ᠎ᠠᠴᠠ ᠰᠤᠷᠲᠠᠯ᠎ᠤᠨ ᠪᠠᠢ᠌ᠭᠤᠯᠤᠯᠲᠠ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠠᠬᠢᠭᠤᠯᠬᠤ ᠵᠢᠨ ᠪᠣᠳᠠᠲᠤ ᠬᠡᠷᠡᠭᠴᠡᠭᠡ ᠮᠥᠨ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠲᠥᠪ ᠬᠤᠷᠢᠶ᠎ᠡ ᠵᠢᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠭᠣᠣᠯ ᠴᠢᠬᠤᠯᠠ ᠠᠭᠤᠯᠭ᠎ᠠ ᠵᠢ ᠭᠦᠨᠵᠡᠭᠡᠢ ᠲᠠᠨᠢᠵᠤ᠂ ᠲᠥᠪ ᠬᠤᠷᠢᠶ᠎ᠡ ᠵᠢᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠡᠭᠦᠷᠭᠡ ᠬᠠᠷᠢᠭᠤᠴᠠᠯᠭ᠎ᠠ᠎ᠳᠤ᠎ᠪᠠᠨ ᠦᠨᠡᠨ ᠬᠦ᠌ ᠠᠭᠤᠰᠤᠯᠴᠠᠭᠤᠯᠵᠦ᠂ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠵᠶ᠋ᠠᠷ ᠰᠤᠷᠤᠯᠴᠠᠯᠭ᠎ᠠ ᠬᠥᠮᠦᠵᠢᠯ᠎ᠤᠨ ᠴᠢᠨᠠᠷ ᠰᠠᠢ᠌ᠲᠠᠢ ᠥᠷᠨᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠪᠡᠶ᠎ᠡ᠎ᠪᠠᠷ ᠵᠶ᠋ᠡᠨ ᠬᠡᠪ ᠳᠦᠷᠢᠮ ᠪᠣᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠲᠦᠷᠦᠭᠦᠯᠡᠨ ᠠᠬᠢᠭᠤᠯᠬᠤ ᠬᠡᠷᠡᠭᠲᠡᠢ᠃ ᠠᠰᠠᠭᠤᠳᠠᠯ᠎ᠢ ᠪᠠᠢ᠌ᠴᠠᠭ᠋ᠠᠨ ᠳᠡᠯᠭᠡᠬᠦ ᠵᠢ ᠰᠠᠢ᠌ᠲᠤᠷ ᠠᠳᠬᠤᠵᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂ ᠲᠣᠭᠣᠷᠢᠨ ᠪᠠᠢ᠌ᠴᠠᠭ᠋ᠠᠬᠤ ᠴᠠᠭᠳᠠᠨ ᠪᠠᠢ᠌ᠴᠠᠭ᠋ᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ᠡᠳ᠋᠎ᠤᠨ ᠶᠠᠪᠤᠳᠠᠯ᠎ᠢ ᠨᠢᠭᠲᠠᠯᠠᠨ ᠪᠤᠳᠤᠵᠦ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠢ᠌ᠴᠠᠭ᠋ᠠᠬᠤ᠂ ᠪᠠᠢ᠌ᠴᠠᠭ᠋ᠠᠨ ᠰᠤᠳᠤᠯᠤᠯᠲᠠ ᠬᠢᠬᠦ᠂ ᠵᠠᠬᠢᠳᠠᠯ ᠰᠣᠷᠪᠤᠯᠵᠢᠯᠠᠭ᠎ᠠ᠎ᠳᠤ ᠬᠠᠷᠢᠭᠤ ᠲᠤᠰᠬᠠᠬᠤ ᠵᠡᠷᠭᠡ ᠠᠷᠭ᠎ᠠ ᠵᠠᠮ᠎ᠢ ᠭᠦᠢ᠍ᠴᠡᠳ ᠭᠡᠷᠡᠭᠯᠡᠵᠦ᠂ ᠥᠪᠡᠷ ᠵᠶ᠋ᠡᠨ ᠡᠷᠢᠬᠦ᠂ ᠤᠯᠠᠨ ᠲᠦᠮᠡᠨ ᠳᠤᠷᠠᠳᠬᠤ᠂ ᠳᠡᠭᠡᠳᠦ ᠱᠠᠳᠤ᠎ᠠᠴᠠ ᠲᠤᠷᠠᠳᠬᠤ᠂ ᠬᠠᠮᠲᠤ᠎ᠪᠠᠷ ᠵᠦᠪᠯᠡᠬᠦ ᠵᠡᠷᠭᠡ ᠠᠷᠭ᠎ᠠ ᠭᠡᠯᠪᠡᠷᠢ᠎ᠪᠠᠷ ᠲᠠᠮᠵᠢᠭᠤᠯᠵᠦ ᠠᠰᠠᠭᠤᠳᠠᠯ᠎ᠢ ᠵᠥᠪ ᠣᠨᠣᠪᠴᠢᠲᠠᠢ ᠪᠦᠷᠢᠨ ᠡᠷᠢᠵᠦ ᠣᠯᠬᠤ ᠬᠡᠷᠡᠭᠲᠡᠢ᠃ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠬᠤᠷᠠᠯ᠎ᠤᠨ ᠰᠤᠷᠲᠠᠯ᠂ ᠵᠣᠬᠢᠶᠠᠯ᠎ᠤᠨ ᠰᠤᠷᠲᠠᠯ᠂ ᠶᠠᠷᠢᠶᠠᠨ᠎ᠤ ᠰᠤᠷᠲᠠᠯ᠎ᠢ ᠦᠨᠡᠨ ᠬᠦ᠌ ᠰᠠᠢ᠌ᠵᠢᠷᠠᠭᠤᠯᠬᠤ ᠬᠡᠷᠡᠭᠲᠡᠢ᠃ ᠰᠤᠷᠤᠯᠴᠠᠵᠦ ᠬᠡᠷᠡᠭᠯᠡᠬᠦ ᠵᠢ ᠤᠶᠠᠯᠳᠤᠭᠤᠯᠵᠤ ᠪᠣᠳᠠᠲᠠᠢ ᠠᠵᠢᠯᠯᠠᠵᠤ ᠪᠠᠳᠤᠳᠠᠢ ᠦᠢ᠍ᠯᠡᠳᠦᠯᠭᠡᠵᠢᠬᠦᠯᠵᠦ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠩᠭ᠎ᠠ ᠬᠠᠷᠢᠭᠤᠴᠠᠯᠭ᠎ᠠ ᠪᠣᠯᠭ᠋ᠠᠨ ᠤᠯᠠᠷᠢᠭᠤᠯᠵᠦ᠂ ᠬᠥᠭᠵᠢᠯᠲᠡ ᠵᠢ ᠠᠬᠢᠭᠤᠯᠬᠤ ᠰᠠᠢ᠌ᠨ ᠦᠷ᠎ᠡ ᠪᠦᠲᠦᠮᠵᠢ ᠪᠣᠯᠭ᠋ᠠᠨ ᠤᠯᠠᠷᠢᠭᠤᠯᠵᠦ᠂ ᠠᠵᠢᠯ ᠬᠢᠵᠦ ᠦᠢ᠍ᠯᠡᠰ ᠪᠣᠰᠬᠠᠬᠤ ᠴᠤᠭ ᠪᠠᠳᠠᠷᠠᠩᠭᠤᠢ ᠲᠡᠮᠡᠴᠡᠯ᠎ᠤᠨ ᠵᠣᠷᠢᠭ ᠪᠣᠯᠭ᠋ᠠᠨ ᠤᠯᠠᠷᠢᠭᠤᠯᠵᠦ᠂ ᠡᠯ᠎ᠡ ᠵᠦᠢ᠍ᠯ᠎ᠤᠨ ᠠᠵᠢᠯ᠎ᠢ ᠤᠷᠤᠭᠰᠢ ᠳᠠᠪᠰᠢᠭᠤᠯᠵᠤ᠂ ᠰᠤᠷᠲᠠᠯ᠎ᠤᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃