2024 ᠣᠨ᠎ᠳᠤ ᠥᠪᠥᠷ ᠮᠣᠩᠭᠣᠯ᠎ᠠᠴᠠ 20 ᠬᠢᠯᠢ ᠵᠢᠨ ᠬᠣᠰᠢᠭᠤ (ᠬᠣᠲᠠ᠂ ᠲᠣᠭᠣᠷᠢᠭ)᠎ᠳᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠠᠯᠠ ᠮᠥᠩᠭᠥ ᠵᠢ ᠨᠡᠢ᠌ᠲᠡ 2.68 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠲᠦᠷᠦᠭᠦᠦ ᠵᠢᠯ᠎ᠤᠨ᠎ᠬᠢ᠎ᠠᠴᠠ 2.04 %᠎ᠪᠠᠷ ᠨᠡᠮᠡᠭᠳᠡᠪᠡ᠃ ᠲᠤᠰ ᠲᠥᠷᠥᠯ ᠵᠦᠢᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠭᠠᠵᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠮᠠᠨ᠎ᠤ ᠣᠷᠣᠨ᠎ᠤ ᠬᠢᠯᠢ ᠵᠢᠨ ᠡᠮᠦᠨ᠎ᠡ ᠹᠷᠣᠨᠲ᠎ᠲᠤ᠎ᠬᠢ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠢ ᠰᠠᠢ᠌ᠵᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠯᠢ ᠬᠢᠵᠠᠭ᠋ᠠᠷ ᠭᠠᠵᠠᠷ ᠣᠷᠣᠨ᠎ᠢ ᠬᠠᠪᠰᠤᠷᠤᠨ ᠲᠠᠷᠢᠶᠠᠯᠠᠩ ᠮᠠᠯ ᠠᠵᠤ ᠠᠬᠤᠶ ᠵᠢᠨ ᠣᠨᠴᠠᠯᠢᠭᠲᠤ ᠠᠵᠤ ᠦᠢᠯᠡᠰ᠎ᠢ ᠬᠥᠭᠵᠢᠭᠦᠯᠵᠦ᠂ ᠦᠨᠳᠦᠰᠦᠲᠡᠨ᠎ᠤ ᠭᠠᠷ ᠦᠢᠯᠡᠳᠪᠦᠷᠢ ᠵᠢᠨ ᠨᠠᠷᠠᠲᠤ ᠲᠥᠷᠥᠯ ᠳᠡᠮᠳᠡᠭ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠬᠢᠯᠢ ᠵᠢᠨ ᠵᠢᠭᠤᠯᠴᠢᠯᠠᠯ ᠵᠡᠷᠭᠡ ᠣᠨᠴᠠᠯᠢᠭᠲᠤ ᠠᠵᠤ ᠦᠢᠯᠡᠰ᠎ᠢ ᠬᠦᠭᠵᠢᠭᠦᠯᠬᠦ᠎ᠪᠠᠷ ᠪᠤᠢ᠃
ᠣᠳᠣᠬᠠᠨ ᠪᠣᠯᠲᠠᠯ᠎ᠠ᠂ ᠨᠡᠢ᠌ᠲᠡ 182 ᠲᠥᠷᠥᠯ ᠵᠦᠢᠯ᠎ᠢ ᠬᠡᠷᠡᠭᠵᠢᠭᠦᠯᠵᠦ᠂ 37.42 ᠲᠦᠮᠡᠨ ᠬᠥᠮᠦᠨ ᠰᠢᠭᠤᠳ ᠠᠰᠢᠭ ᠭᠥᠷᠳᠡᠵᠡᠶ᠃ ᠲᠥᠷᠥᠯ ᠵᠦᠢᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ ᠬᠢᠯᠢ ᠬᠢᠵᠠᠭ᠋ᠠᠷ ᠭᠠᠵᠠᠷ ᠣᠷᠣᠨ᠎ᠤ ᠣᠯᠠᠨ ᠲᠦᠮᠡᠨ᠎ᠤ ᠪᠠᠴᠢᠮ ᠬᠡᠷᠡᠭᠰᠡᠬᠦ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠤᠯᠠᠮ ᠨᠢᠭᠡ ᠠᠯᠬᠤᠮ ᠨᠥᠬᠥᠪᠥᠷᠢᠯᠡᠵᠦ᠂ ᠡᠮᠦᠨ᠎ᠡ ᠹᠷᠣᠨᠲ᠎ᠤᠨ ᠬᠢᠯᠢ ᠵᠢᠨ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠬᠢᠯᠢ ᠬᠢᠵᠠᠭ᠋ᠠᠷ ᠭᠠᠵᠠᠷ ᠣᠷᠣᠨ᠎ᠤ ᠳᠠᠷᠢᠶᠠᠴᠢᠳ᠎ᠲᠠᠢ ᠬᠣᠯᠪᠣᠭ᠋ᠠᠯᠠᠨ ᠲᠠᠷᠢᠶᠠᠴᠢᠳ᠎ᠢ ᠳᠠᠢ᠌ᠴᠢᠯᠠᠵᠤ ᠠᠷᠠᠳ᠎ᠢ ᠪᠠᠶᠠᠵᠢᠭᠤᠯᠬᠤ ᠠᠵᠤ ᠦᠢᠯᠡᠰ᠎ᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠬᠢᠯᠢ ᠬᠢᠵᠠᠭ᠋ᠠᠷ ᠭᠠᠵᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠮᠤᠷ ᠲᠠᠢ᠌ᠪᠤᠩ ᠠᠮᠢᠳᠤᠷᠠᠵᠤ᠂ ᠠᠭᠤᠰᠤᠯᠴᠠᠨ ᠰᠠᠭᠤᠷᠢᠰᠢᠬᠤ ᠵᠢ ᠤᠯᠠᠮ ᠨᠢᠭᠡ ᠠᠯᠬᠤᠮ ᠠᠬᠢᠭᠤᠯᠵᠤ᠂ ᠬᠢᠯᠢ ᠬᠢᠵᠠᠭ᠋ᠠᠷ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢᠨ ᠬᠠᠮᠲᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠴᠣᠭᠴᠠᠯᠠᠨ ᠪᠠᠢ᠌ᠭᠤᠯᠵᠤ᠂ ᠬᠢᠯᠢ ᠵᠢᠨ ᠠᠷᠠᠳ᠎ᠢ ᠪᠠᠶᠠᠵᠢᠭᠤᠯᠬᠤ᠂ ᠬᠢᠯᠢ ᠵᠢᠨ ᠪᠣᠭᠣᠮᠲᠠ ᠵᠢ ᠦᠵᠡᠰᠬᠦᠯᠡᠩ ᠪᠣᠯᠭ᠋ᠠᠬᠤ᠂ ᠬᠢᠯᠢ ᠬᠢᠵᠠᠭ᠋ᠠᠷ᠎ᠢ ᠲᠣᠭᠲᠠᠭᠤᠨ ᠪᠠᠢ᠌ᠯᠭ᠋ᠠᠬᠤ᠂ ᠬᠢᠯᠢ ᠬᠢᠵᠠᠭ᠋ᠠᠷ᠎ᠢ ᠪᠡᠬᠢᠵᠢᠭᠦᠯᠬᠦ ᠵᠢ ᠴᠢᠷᠮᠠᠢ᠌ᠨ ᠪᠡᠶᠡᠯᠡᠬᠦᠯᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ