ᠲᠡᠷᠢᠭᠦᠨ ᠬᠠᠭᠤᠳᠠᠰᠤ   -   ᠮᠠᠨ᠎ᠤ ᠠᠵᠢᠯ
ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ 《ᠬᠤᠪᠢᠰᠬᠠᠯᠲᠤ ᠺᠢᠨᠣ᠋ ᠦᠵᠡᠵᠦ ᠬᠤᠪᠢᠰᠬᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-10-23

      ᠤᠯᠤᠰ ᠵᠶ᠋ᠠᠨ ᠬᠠᠢ᠌ᠷᠠᠯᠠᠬᠤ ᠠᠤᠭ᠎ᠠ ᠦᠵᠡᠯ᠎ᠤᠨ ᠵᠣᠷᠢᠭ ᠰᠠᠨᠠᠭ᠎ᠠ ᠵᠢ ᠤᠯᠠᠮ ᠴᠠᠭ᠋ᠠᠰᠢᠲᠠ ᠪᠠᠳᠠᠷᠠᠭᠤᠯᠵᠤ᠂ ᠤᠯᠤᠰ ᠵᠶ᠋ᠠᠨ ᠬᠠᠢ᠌ᠷᠠᠯᠠᠬᠤ ᠰᠡᠳᠬᠢᠯᠭᠡ᠎ᠪᠠᠨ ᠴᠢᠩᠭ᠋ᠠᠳᠬᠠᠵᠤ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠳᠤᠷᠠᠰᠤᠨ ᠰᠠᠨᠠᠭ᠋ᠠᠯᠵᠠᠵᠤ᠂  ᠬᠣᠪᠢᠰᠬᠠᠯᠲᠤ ᠤᠳᠤᠮᠰᠢᠯ᠎ᠢ ᠵᠠᠯᠭ᠋ᠠᠮᠵᠢᠯᠠᠬᠤ ᠵᠢᠨ ᠲᠥᠯᠥᠭᠡ᠂ 10 ᠳ᠋ᠤᠭ᠋ᠠᠷ ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ 《ᠬᠤᠪᠢᠰᠬᠠᠯᠲᠤ ᠺᠢᠨᠣ᠋ ᠦᠵᠡᠵᠦ ᠬᠤᠪᠢᠰᠬᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠰᠠᠢ᠌ᠨ ᠳᠤᠷ᠎ᠠ ᠵᠢᠨ ᠴᠡᠷᠢᠭ᠄ ᠣᠷᠤᠰᠢᠯ ᠮᠦᠬᠦᠯ᠎ᠤᠨ ᠳᠠᠢ᠌ᠯᠠᠯᠳᠤᠭ᠋ᠠᠨ》 ᠬᠡᠬᠦ ᠬᠤᠪᠢᠰᠬᠠᠯᠲᠤ ᠺᠢᠨᠣ᠋᠎ᠢ ᠦᠵᠡᠭᠦᠯᠵᠦ᠂ ᠭᠠᠢ᠌ᠬᠠᠮᠰᠢᠭᠲᠤ ᠣᠨ ᠰᠠᠷ᠎ᠠ ᠵᠢ ᠳᠠᠬᠢᠨᠲᠠ ᠡᠷᠭᠢᠴᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠣᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠬᠦᠰᠡᠯᠡᠩ ᠢᠲᠡᠭᠡᠯ ᠪᠢᠰᠢᠷᠡᠯ᠎ᠢ ᠪᠠᠲᠤᠳᠬᠠᠬᠤ ᠵᠢᠨ ᠬᠠᠮᠲᠤ ᠺᠠᠳ᠋ᠷ ᠠᠵᠢᠯᠳᠠᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠪᠠ᠃
      ᠲᠤᠰ ᠤᠳᠠᠭ᠋ᠠᠨ᠎ᠤ ᠺᠢᠨᠣ᠋ ᠦᠵᠡᠬᠦ ᠠᠵᠢᠯᠯᠠᠭ᠎ᠠ ᠪᠣᠯ ᠡᠬᠡ ᠣᠷᠣᠨᠴᠢ ᠦᠵᠡᠯ᠎ᠤᠨ ᠨᠢᠭᠡ ᠤᠳᠠᠭ᠋ᠠᠨ᠎ᠤ ᠠᠮᠢᠳᠤᠯᠢᠭ ᠬᠥᠮᠦᠵᠢᠯ ᠮᠥᠨ᠂ ᠨᠡᠩ ᠴᠤ᠌ ᠨᠢᠭᠡ ᠤᠳᠠᠭ᠋ᠠᠨ᠎ᠤ ᠭᠦᠨ ᠭᠦᠨᠵᠡᠭᠡᠢ ᠨᠠᠮᠴᠢ ᠴᠢᠨᠠᠷ᠎ᠤᠨ ᠬᠥᠮᠦᠵᠢᠯ ᠪᠠ ᠤᠶᠤᠨ ᠰᠠᠨᠠᠭ᠋ᠠᠨ᠎ᠤ ᠠᠷᠢᠭᠤᠳᠬᠠᠯ ᠮᠥᠨ᠃ ᠤᠯᠠᠨ ᠵᠶ᠋ᠠᠷ ᠵᠶ᠋ᠠᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠴᠠᠭ ᠢᠮᠠᠭᠲᠠ ᠪᠠᠲᠤ ᠴᠡᠭᠡᠵᠢᠯᠡᠵᠦ᠂ ᠠᠮᠧᠷᠢᠺᠠ ᠵᠢ ᠡᠰᠡᠷᠭᠦᠴᠡᠵᠦ ᠰᠣᠯᠣᠩᠭᠣᠰ᠎ᠢ ᠲᠤᠰᠠᠯᠠᠭᠰᠠᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠣᠪᠣᠷ᠎ᠢ ᠴᠠᠭ ᠢᠮᠠᠭᠲᠠ ᠪᠠᠷᠢᠮᠲᠠᠯᠠᠵᠤ᠂ ᠬᠦᠴᠢᠷ᠎ᠢ ᠲᠡᠰᠪᠦᠷᠢᠯᠡᠵᠦ ᠬᠠᠯᠠ ᠵᠢ ᠳᠠᠭ᠋ᠠᠭ᠋ᠠᠬᠤ ᠵᠠᠩ ᠴᠢᠨᠠᠷ᠎ᠢ ᠪᠠᠳᠠᠷᠠᠭᠤᠯᠵᠤ᠂ ᠰᠡᠳᠬᠦᠯ᠎ᠤᠨ ᠬᠣᠷᠢᠶᠠᠨ᠎ᠤ ᠬᠣᠢ᠌ᠰᠢᠳᠠ ᠵᠢᠨ ᠬᠥᠭᠵᠢᠯᠲᠡ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

 



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ 

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ