ᠲᠡᠷᠢᠭᠦᠨ ᠬᠠᠭᠤᠳᠠᠰᠤ   -   ᠮᠠᠨ᠎ᠤ ᠠᠵᠢᠯ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠦᠨ ᠬᠦᠭᠵᠢᠭᠦᠯᠦᠶ᠎ᠡ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-10-24

      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠦᠨ ᠬᠦᠭᠵᠢᠭᠦᠯᠦᠶ᠎ᠡ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ 10 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠦᠨ ᠬᠦᠭᠵᠢᠭᠦᠯᠦᠶ᠎ᠡ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

      ᠠᠵᠢᠯᠯᠠᠭ᠎ᠠ ᠵᠢᠨ ᠳᠤᠮᠳᠠ᠂ ᠪᠥᠬᠥ ᠨᠠᠮ᠎ᠤᠨ ᠭᠡᠰᠢᠭᠦᠳ ᠨᠠᠮ᠎ᠳᠤ ᠣᠷᠣᠬᠤ ᠲᠠᠩᠭ᠋ᠠᠷᠢᠭ ᠵᠶ᠋ᠠᠨ ᠳᠠᠬᠢᠨᠲᠠ ᠤᠩᠰᠢᠪᠠ᠃ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠯᠢᠭᠡᠷ ᠳᠠᠭᠤᠷᠢᠶᠠᠯ᠎ᠤᠨ ᠬᠦᠴᠦᠨ ᠪᠦᠬᠦᠢ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠦᠢᠯᠡ ᠠᠵᠢᠯᠯᠠᠭ᠎ᠠ ᠵᠢ ᠬᠠᠮᠲᠤ᠎ᠪᠠᠷ ᠰᠤᠷᠤᠯᠴᠠᠭᠰᠠᠨ ᠪᠥᠭᠡᠳ ᠦᠵᠡᠯ ᠰᠠᠨᠠᠭ᠎ᠠ ᠪᠣᠯᠤᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃

      ᠨᠠᠮ᠎ᠤᠨ ᠭᠡᠰᠢᠭᠦᠨ ᠺᠠᠳ᠋ᠷᠴᠤᠳ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠣᠯᠤᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ᠂ ᠬᠥᠭᠵᠢᠯᠲᠡ ᠵᠢᠨ ᠦᠨᠳᠦᠰᠦ ᠪᠠ ᠠᠮᠢᠨ ᠰᠤᠳᠠᠰᠤ ᠵᠢ ᠭᠦᠨᠵᠡᠭᠡᠶ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠶ ᠱᠠᠭ᠋ᠠᠷᠳᠠᠯᠭ᠎ᠠ ᠵᠢ ᠲᠤᠳᠤᠷᠬᠠᠢ ᠳᠤᠷᠠᠳᠤᠭᠰᠠᠨ᠎ᠨᠢ ᠦᠵᠡᠯ ᠰᠠᠨᠠᠭ᠎ᠠ ᠭᠦᠨ ᠭᠦᠨᠵᠡᠭᠡᠶ᠂ ᠬᠠᠷᠠᠴᠠ᠎ᠨᠢ ᠠᠯᠤᠰ ᠬᠡᠳᠦ ᠪᠠᠢ᠌ᠭᠰᠠᠨ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠶ ᠲᠤᠯᠭᠤᠷ ᠪᠢᠴᠢᠭ ᠪᠣᠯᠵᠠᠢ᠂ ᠪᠢᠳᠡ ᠨᠠᠷᠢᠨ ᠬᠢᠨᠠᠮᠠᠭ᠋ᠠᠶ ᠰᠤᠷᠤᠯᠴᠠᠵᠤ᠂ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠳᠡᠢ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠮᠠᠨ᠎ᠤ ᠣᠷᠣᠨ᠎ᠤ ᠤᠬᠠᠭᠤᠯᠭ᠎ᠠ ᠬᠥᠮᠦᠵᠢᠯ᠎ᠤᠨ ᠪᠠᠢ᠍ᠢ᠍ᠩᠭᠤᠵᠢᠭᠰᠠᠨ ᠲᠣᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠳᠤᠮᠳᠠ ᠡᠮᠦᠨ᠎ᠡ᠎ᠨᠢ ᠬᠣᠰᠢᠭᠤᠷᠠᠵᠤ᠂ ᠥᠯᠢᠭᠡᠷ ᠳᠠᠭᠤᠷᠢᠶᠠᠯ ᠪᠣᠯᠵᠣ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠵᠢᠨ ᠲᠥᠯᠥᠭᠡ ᠴᠥᠬᠥᠷᠡᠰᠢ ᠥᠬᠡᠶ ᠳᠡᠮᠡᠴᠡᠨ᠎ᠠ ᠬᠡᠵᠦ ᠢᠯᠡᠷᠬᠡᠢ᠌ᠯᠡᠵᠡᠬᠡᠪᠠ᠃

 



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

ᠢᠷᠡᠯᠲᠡ᠄ ᠰᠤᠷᠭ᠋ᠠᠨ ᠬᠥᠮᠦᠵᠢᠯ᠎ᠤᠨ ᠭᠠᠵᠠᠷ