ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠡᠷᠴᠢ ᠵᠣᠷᠢᠭ ᠵᠶ᠋ᠠᠨ ᠲᠠᠰᠤᠷᠠᠯᠳᠠ ᠦᠬᠡᠢ ᠨᠢᠬᠡᠳᠬᠡᠵᠦ᠂ 《ᠭᠤᠷᠪᠠ ᠵᠢ ᠪᠠᠷᠢᠮᠲᠠᠯᠠᠬᠤ》 ᠪᠠ 《ᠦᠬᠡ ᠬᠡᠯᠡ》᠎ᠪᠠᠷ ᠪᠠᠳᠤᠳᠬᠠᠬᠤ ᠵᠢ ᠳᠣᠪᠣᠢ᠌ᠯᠭ᠋ᠠᠵᠤ᠂ ᠦᠭᠡ ᠬᠡᠯᠡ ᠥᠰᠥᠭ ᠪᠢᠴᠢᠭ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠲᠦᠯᠬᠢᠴᠡ ᠬᠦᠴᠦᠨ ᠪᠣᠯᠭ᠋ᠠᠪᠠ᠃
ᠨᠢᠭᠡᠳᠦᠯᠲᠡᠶ ᠲᠥᠯᠥᠪᠯᠡᠨ ᠠᠬᠢᠭᠤᠯᠬᠤ ᠵᠢ ᠪᠠᠷᠢᠮᠳᠠᠯᠠᠪᠠ᠃ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠰᠢᠰᠲᠸᠮ᠎ᠤᠨ ᠦᠵᠡᠯᠲᠡ ᠵᠢ ᠪᠠᠷᠢᠮᠲᠠᠯᠠᠵᠤ᠂ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠡᠯ᠎ᠡ ᠱᠠᠲᠤᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠪᠠ ᠣᠨ᠎ᠤ ᠠᠵᠢᠯ᠎ᠤᠨ ᠭᠣᠣᠯᠳᠠᠯᠭ᠎ᠠ᠎ᠳᠤ ᠣᠷᠣᠭᠤᠯᠵᠤ᠂ ᠦᠨᠳᠦᠰᠦᠲᠡᠨ᠎ᠤ ᠠᠵᠢᠯ᠎ᠤᠨ ᠭᠣᠣᠯ ᠡᠭᠦᠷᠭᠡ᠎ᠲᠠᠢ ᠬᠠᠮᠲᠤ ᠰᠤᠳᠤᠯᠵᠤ᠂ ᠬᠠᠮᠲᠤ ᠪᠠᠢ᠌ᠷᠢᠯᠠᠭᠤᠯᠵᠤ᠂ ᠬᠠᠮᠲᠤ ᠨᠠᠢ᠌ᠳᠠᠪᠤᠷᠢᠵᠢᠭᠤᠯᠵᠤ᠂ ᠬᠠᠮᠵᠢᠯᠴᠠᠨ ᠠᠬᠢᠭᠤᠯᠬᠤ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠪᠡ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠵᠢ ᠡᠯ᠎ᠡ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠂ ᠬᠥᠮᠦᠵᠢᠯ ᠦᠢ᠍ᠯᠡᠳᠦᠯᠭᠡ ᠪᠠ ᠤᠬᠠᠭᠤᠯᠤᠨ ᠲᠠᠢ᠌ᠯᠪᠤᠷᠢᠯᠠᠬᠤ ᠠᠭᠤᠯᠭ᠎ᠠ᠎ᠳᠤ ᠠᠭᠤᠰᠤᠯᠴᠠᠭᠤᠯᠵᠤ᠂ ᠦᠭᠡ ᠬᠡᠯᠡ᠎ᠪᠠᠷ ᠦᠨᠳᠦᠰᠦᠲᠡᠨ᠎ᠨᠦᠭᠦᠳ᠎ᠤᠨ ᠰᠣᠶᠣᠯ ᠬᠠᠷᠢᠯᠴᠠᠨ ᠨᠡᠪᠲᠡᠷᠡᠯᠴᠡᠬᠦ᠂ ᠠᠵᠤ ᠠᠬᠤᠢ ᠬᠠᠷᠢᠯᠴᠠᠨ ᠲᠦᠰᠢᠯᠴᠡᠬᠦ᠂ ᠬᠠᠢ᠌ᠷ᠎ᠠ ᠰᠡᠳᠬᠢᠯᠭᠡ ᠬᠠᠷᠢᠯᠴᠠᠨ ᠳᠣᠲᠤᠨᠤᠴᠢᠯᠠᠬᠤ ᠵᠢ ᠠᠬᠢᠭᠤᠯᠪᠠ᠃ ᠦᠭᠡ ᠬᠡᠯᠡ ᠦᠰᠦᠭ ᠪᠢᠴᠢᠭ᠎ᠤᠨ ᠴᠠᠷᠠᠭ᠎ᠠ ᠬᠦᠷᠢᠶᠡᠨ᠎ᠳᠠᠬᠢ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠠᠰᠠᠭᠤᠳᠠᠯ᠎ᠤᠨ ᠲᠣᠭᠣᠷᠢᠨ᠎ᠳᠤ 3 ᠬᠤᠪᠢ ᠰᠤᠳᠤᠯᠭ᠋ᠠᠨ᠎ᠤ ᠮᠡᠳᠡᠭᠦᠯᠦᠯᠲᠡ ᠪᠢᠴᠢᠵᠦ᠂ ᠳᠡᠭᠡᠳᠦ ᠱᠠᠲᠤᠨ᠎ᠤ ᠬᠠᠮᠢᠶ᠎ᠠ ᠪᠦᠬᠦᠢ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠬᠦᠴᠦᠲᠡᠢ ᠯᠠᠪᠯᠠᠯᠲᠠ ᠬᠠᠩᠭ᠋ᠠᠪᠠ᠃
ᠦᠭᠡ ᠬᠡᠯᠡ᠎ᠪᠠᠷ ᠠᠭᠤᠰᠤᠯᠴᠠᠭ᠎ᠠ ᠵᠢ ᠠᠬᠢᠭᠤᠯᠬᠤ ᠵᠢ ᠪᠠᠷᠢᠮᠳᠠᠯᠠᠪᠠ᠃ 27 ᠳ᠋ᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠨᠡᠢ᠌ᠲᠡᠯᠢᠭ ᠬᠡᠯᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠨᠠᠷᠢᠨ ᠨᠢᠮᠪᠠᠶ ᠵᠣᠬᠢᠶᠠᠨ ᠪᠠᠢ᠌ᠭᠤᠯᠤᠨ ᠥᠷᠨᠢᠭᠦᠯᠵᠦ᠂ ᠳᠡᠯᠭᠡᠷᠡᠭᠦᠯᠦᠨ ᠲᠦᠭᠡᠮᠡᠯᠵᠢᠭᠦᠯᠬᠦ ᠪᠠ ᠦᠭᠡ ᠬᠡᠯᠡ ᠰᠣᠶᠣᠯ᠎ᠤᠨ ᠠᠵᠢᠯᠯᠠᠭ᠎ᠠ ᠵᠢ ᠨᠡᠢ᠌ᠲᠡ 200 ᠰᠢᠬᠠᠮ ᠳᠠᠯᠠᠪᠠᠢ ᠡᠷᠬᠢᠯᠡᠵᠦ᠂ 1 ᠲᠦᠮᠡ ᠭᠠᠷᠤᠶ ᠬᠥᠮᠦᠨ ᠤᠷᠤᠯᠴᠠᠵᠤ᠂ ᠦᠭᠡ ᠬᠡᠯᠡ ᠨᠡᠪᠲᠡᠷᠡᠯᠴᠡᠪᠡᠯ ᠣᠶᠤᠨ ᠰᠠᠨᠠᠭ᠎ᠠ ᠨᠡᠪᠲᠡᠷᠡᠯᠴᠡᠬᠦ᠂ ᠬᠤᠪᠢ ᠵᠠᠶᠠᠭ᠎ᠠ ᠨᠡᠪᠲᠡᠷᠡᠯᠴᠡᠬᠦ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠲᠠᠢ ᠬᠠᠮᠲᠤᠷᠠᠨ 《ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠤᠯᠠᠮ ᠴᠠᠭ᠋ᠠᠰᠢᠲᠠ ᠰᠠᠢ᠌ᠲᠤᠷ ᠬᠢᠬᠦ ᠲᠤᠬᠠᠢ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠠᠬᠢᠭᠤᠯᠤᠨ ᠨᠠᠢ᠌ᠳᠠᠪᠤᠷᠢᠵᠢᠭᠤᠯᠵᠤ᠂ ᠬᠠᠮᠢᠶ᠎ᠠ ᠪᠦᠬᠦᠢ ᠰᠤᠳᠤᠯᠭ᠋ᠠᠨ᠎ᠤ ᠰᠡᠳᠦᠪ 5 ᠵᠢ ᠵᠣᠬᠢᠶᠠᠨ ᠪᠠᠢ᠌ᠭᠤᠯᠤᠨ ᠪᠡᠶᠡᠯᠡᠬᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠢ ᠠᠬᠢᠭᠤᠯᠬᠤ ᠪᠠ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠯᠭᠡᠷᠡᠭᠦᠯᠬᠦ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ᠎ᠳᠤ ᠬᠦᠴᠦᠨ ᠨᠡᠮᠡᠷᠢᠯᠡᠬᠦ ᠵᠢ ᠠᠬᠢᠭᠤᠯᠪᠠ᠃ ᠦᠭᠡ ᠬᠡᠯᠡ ᠦᠰᠦᠭ ᠪᠢᠴᠢᠭ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠬᠠᠭᠤᠯᠤᠨ ᠲᠤᠭᠤᠰᠢᠯᠠᠭᠤᠯᠬᠤ ᠵᠢ ᠦᠷᠭᠦᠯᠵᠢᠯᠡᠨ ᠴᠢᠩᠭ᠋ᠠᠳᠬᠠᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠪᠠ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠲᠤ ᠲᠦᠰᠢᠭᠯᠡᠵᠦ᠂ ᠤᠬᠠᠭᠤᠯᠤᠨ ᠲᠠᠢ᠌ᠯᠪᠤᠷᠢᠯᠠᠵᠤ ᠬᠢᠴᠢᠶᠡᠯ ᠣᠷᠣᠬᠤ᠂ ᠶᠠᠷᠢᠶ᠎ᠠ ᠢᠯᠡᠳᠬᠡᠯ ᠬᠢᠵᠦ ᠳᠡᠯᠭᠡᠨ ᠦᠵᠡᠭᠦᠯᠬᠦ᠂ ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ ᠬᠢᠬᠦ᠂ ᠰᠦᠯᠵᠢᠶᠡᠨ ᠳᠡᠭᠡᠷ᠎ᠡ ᠥᠷᠢᠰᠦᠯᠳᠦᠨ ᠬᠠᠷᠢᠭᠤᠯᠬᠤ ᠵᠡᠷᠭᠡ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠵᠢ ᠢᠳᠡᠪᠬᠢᠲᠡᠶ ᠠᠬᠢᠭᠤᠯᠵᠤ᠂ 《ᠲᠦᠷᠪᠡᠨ ᠬᠠᠮᠳᠤᠳᠬᠠᠬᠤ》᠂ 《ᠳᠠᠪᠤᠨ ᠮᠡᠳᠡᠷᠡᠬᠦᠢ》 ᠵᠢ ᠪᠠᠲᠤ ᠪᠣᠶ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠬᠦᠴᠦᠯᠡᠨ ᠪᠠᠢ᠌ᠭᠤᠯᠪᠠ᠃
ᠦᠬᠡ ᠬᠡᠯᠡ᠎ᠪᠠᠷ ᠦᠢ᠍ᠯᠡᠴᠢᠯᠡᠬᠦ ᠵᠢ ᠪᠠᠷᠢᠮᠳᠠᠯᠠᠪᠠ᠃ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠬᠡᠨ ᠪᠠᠲᠤᠯᠠᠵᠤ᠂ 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠵᠢ 12 ᠤᠳᠠᠭ᠎ᠠ ᠡᠷᠬᠢᠯᠡᠵᠦ᠂ ᠳ᠋ᠢᠭᠢᠲᠴᠢᠯᠡᠭᠰᠡᠨ ᠡᠬᠢ ᠪᠠᠶᠠᠯᠢᠭ᠂ ᠤᠶᠤᠨᠴᠢᠯᠠᠬᠰᠠᠨ ᠦᠷ᠎ᠡ ᠪᠦᠲᠦᠭᠡᠯ᠂ ᠲᠣᠭ᠋ᠠᠴᠢᠯᠠᠭᠰᠠᠨ ᠦᠢ᠍ᠯᠡᠴᠢᠯᠡᠭᠡ ᠵᠢ ᠠᠭᠤᠰᠤᠯᠴᠠᠭᠤᠯᠤᠨ ᠬᠠᠮᠳᠤ᠎ᠪᠠᠷ ᠡᠳ᠋ᠯᠡᠵᠦ᠂ ᠦᠨᠳᠦᠰᠦᠲᠡᠨ᠎ᠤ ᠦᠭᠡ ᠬᠡᠯᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠦᠭᠡ ᠬᠡᠯᠡᠨ᠎ᠤ ᠬᠠᠷᠰᠢ ᠰᠠᠭ᠋ᠠᠳ᠎ᠢ ᠢᠯᠠᠨ ᠳᠠᠪᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠵᠦ᠂ ᠮᠡᠳᠡᠭᠡ ᠵᠠᠩᠭᠢ ᠵᠢᠨ ᠮᠡᠷᠭᠡᠵᠢᠯ᠎ᠤᠨ ᠪᠣᠯᠪᠠᠰᠤᠷᠠᠯ ᠵᠶ᠋ᠠᠷ ᠬᠢᠯᠢ ᠬᠢᠵᠠᠭ᠋ᠠᠷ ᠣᠷᠤᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠳᠤ ᠬᠦᠴᠦᠨ ᠨᠡᠮᠡᠷᠢᠯᠡᠵᠦ᠂ ᠠᠷᠠᠳ ᠤᠯᠠᠨ᠎ᠤ ᠬᠦᠷᠳᠡᠬᠡᠮᠵᠢᠳᠤ ᠲᠦᠷᠦᠭᠳᠡᠯ ᠪᠠ ᠵᠢᠷᠭ᠋ᠠᠯᠲᠤ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠪᠠ᠃ 《ᠰᠢ ᠵᠢᠨ ᠫᠢᠩ ᠲᠥᠷᠥ ᠵᠢ ᠵᠠᠰᠠᠬᠤ ᠲᠤᠬᠠᠢ》 ᠭᠡᠬᠦ ᠨᠣᠮ᠎ᠤᠨ ᠳᠥᠷᠪᠡᠳᠦᠭᠡᠷ ᠪᠣᠲᠢ ᠵᠢᠨ ᠮᠣᠩᠭᠣᠯ ᠬᠡᠯᠡᠨ᠎ᠤ ᠬᠡᠪᠯᠡᠯ᠎ᠤᠨ ᠲᠠᠨᠢᠯᠴᠠᠭᠤᠯᠬᠤ ᠬᠤᠷᠠᠯ ᠪᠠ ᠨᠣᠮ ᠪᠡᠯᠡᠭᠯᠡᠬᠦ ᠠᠵᠢᠯᠯᠠᠭ᠎ᠠ ᠵᠢ ᠡᠷᠭᠢᠯᠡᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠳᠤ 59850 ᠨᠤᠮ ᠳᠡᠪᠲᠡᠷ ᠪᠡᠯᠡᠭᠯᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠠᠮ᠎ᠤᠨ ᠦᠨᠳᠦᠰᠦᠨ ᠪᠣᠳᠣᠯᠭ᠎ᠠ ᠴᠢᠭᠯᠡᠯᠲᠡ ᠵᠢ ᠰᠤᠷᠤᠯᠴᠠᠨ ᠡᠵᠡᠮᠰᠢᠬᠦ ᠵᠢ ᠭᠦᠨᠵᠡᠭᠡᠢ᠌ᠷᠡᠭᠦᠯᠪᠡ᠃ ᠮᠣᠩᠭᠣᠯ ᠦᠭᠡ ᠬᠡᠯᠡ ᠥᠰᠥᠭ ᠪᠢᠴᠢᠭ᠎ᠢ ᠳᠥᠷᠢᠮᠵᠢᠭᠦᠯᠬᠦ ᠪᠠᠷᠢᠮᠵᠢᠶᠠᠵᠢᠭᠤᠯᠬᠤ ᠮᠡᠳᠡᠭᠡ ᠵᠠᠩᠬᠢᠴᠢᠯᠠᠭᠤᠯᠬᠤ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠰᠤᠳᠤᠯᠤᠨ ᠦᠢ᠍ᠯᠡᠳᠬᠦ ᠵᠢᠨ ᠪᠠᠷᠢᠮᠵᠢᠶ᠎ᠠ ᠪᠠ ᠳᠡᠯᠭᠡᠷᠡᠭᠦᠯᠦᠨ ᠬᠡᠷᠡᠭᠵᠢᠭᠦᠯᠬᠦ ᠵᠢ ᠴᠢᠩᠭ᠋ᠠᠳᠬᠠᠵᠤ᠂ ᠡᠯ᠎ᠡ ᠴᠠᠷᠠᠭ᠎ᠠ ᠬᠦᠷᠢᠶᠡᠨ᠎ᠤ ᠰᠢᠨ᠎ᠡ ᠦᠭᠡ ᠨᠡᠷ᠎ᠡ ᠲᠣᠮᠢᠢᠠ ᠵᠢ 182 ᠵᠤᠷᠪᠤᠰ ᠬᠢᠨᠠᠨ ᠲᠣᠭᠲᠠᠭ᠋ᠠᠵᠤ᠂ ᠪᠠᠷᠢᠮᠵᠢᠶ᠎ᠠ ᠠᠪᠢᠶᠠᠨ᠎ᠤ ᠪᠣᠯᠪᠠᠰᠤᠷᠠᠯ᠎ᠳᠤ 350 ᠬᠥᠮᠦᠨ ᠤᠳᠠᠭ᠎ᠠ ᠵᠢ ᠰᠢᠯᠭ᠋ᠠᠷᠠᠭᠤᠯᠵᠤ᠂ ᠣᠷᠴᠢᠭᠤᠯᠤᠭᠴᠢᠳ᠎ᠲᠤ 600 ᠭᠠᠷᠤᠢ ᠬᠥᠮᠦᠨ ᠤᠳᠠᠭ᠎ᠠ ᠬᠦᠮᠦᠵᠢᠯ ᠪᠣᠯᠪᠠᠰᠤᠷᠠᠯ ᠬᠦᠷᠲᠡᠭᠡᠵᠦ᠂ ᠡᠷᠳᠡᠮ ᠰᠢᠨᠵᠢᠯᠡᠭᠡᠨ᠎ᠤ ᠰᠤᠳᠤᠯᠤᠯ᠎ᠤᠨ ᠲᠥᠷᠥᠯ ᠵᠦᠢ᠍ᠯ 8 ᠵᠢ ᠪᠡᠶᠡᠯᠡᠬᠦᠯᠵᠦ᠂ ᠮᠣᠩᠭᠣᠯ ᠬᠡᠯᠡᠨ᠎ᠤ ᠣᠷᠴᠢᠭᠤᠯᠭ᠎ᠠ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ 89 ᠨᠡᠷᠡᠰ ᠬᠢᠨᠠᠨ ᠲᠣᠭᠲᠠᠭ᠋ᠠᠵᠤ᠂ ᠪᠥᠬᠥ ᠣᠷᠣᠨ᠎ᠤ ᠰᠤᠷᠭ᠋ᠠᠨ ᠬᠥᠮᠦᠵᠢᠯ ᠰᠣᠶᠣᠯ᠂ ᠰᠣᠨᠢᠨ ᠮᠡᠳᠡᠭᠡ ᠬᠡᠪᠯᠡᠯ᠂ ᠷᠠᠳᠢᠤ᠋ ᠲᠧᠯᠸᠢᠰ ᠵᠡᠷᠭᠡ ᠴᠠᠷᠠᠭ᠎ᠠ ᠬᠦᠷᠢᠶᠡᠨ᠎ᠳᠤ ᠮᠣᠩᠭᠣᠯ ᠦᠭᠡ ᠬᠡᠯᠡ ᠥᠰᠥᠭ ᠪᠢᠴᠢᠭ᠎ᠢ ᠳᠥᠷᠢᠮᠵᠢᠭᠦᠯᠦᠨ ᠬᠡᠷᠡᠭᠯᠡᠬᠦ᠎ᠳᠤ ᠴᠠᠭ ᠲᠤᠬᠠᠢᠳᠤᠨᠢ ᠪᠦᠲᠦᠮᠵᠢᠲᠡᠢ ᠦᠢ᠍ᠯᠡᠴᠢᠯᠡᠭᠡ ᠬᠠᠩᠭ᠋ᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ