2024 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠲᠤᠬᠠᠢ᠌ᠯᠠᠭᠰᠠᠨ ᠠᠵᠢᠯ᠎ᠤᠨ ᠲᠠᠩᠰᠠ ᠡᠪᠬᠡᠮᠡᠯ ᠮᠠᠲ᠋ᠧᠷᠢᠶᠠᠯ᠎ᠤᠨ ᠳ᠋ᠢᠭᠢᠲᠴᠢᠯᠠᠭᠰᠠᠨ ᠲᠥᠷᠥᠯ ᠵᠦᠢ᠍ᠯ᠎ᠢ ᠳᠠᠭᠤᠰᠬᠠᠭᠰᠠᠨ ᠲᠣᠬᠠᠢ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠥᠩᠭᠡᠷᠡᠭᠰᠡᠨ 20 ᠵᠢᠯ᠎ᠤᠨ ᠦᠨᠳᠦᠰᠦᠲᠡᠨ᠎ᠤ ᠦᠭᠡ ᠬᠡᠯᠡ ᠥᠰᠥᠭ ᠪᠢᠴᠢᠭ ᠪᠠ ᠨᠠᠢ᠍ᠮᠠᠨ ᠮᠤᠵᠢ ᠣᠷᠣᠨ᠎ᠤ ᠬᠠᠮᠵᠢᠯᠴᠠᠬᠤ ᠠᠵᠢᠯ᠎ᠤᠨ ᠲᠤᠬᠢ᠌ᠯᠠᠭᠰᠠᠨ ᠠᠵᠢᠯ᠎ᠤᠨ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠡᠮᠬᠢᠯᠡᠬᠦ ᠪᠠ ᠳ᠋ᠢᠭᠢᠲᠴᠢᠯᠠᠭᠤᠯᠬᠤ ᠲᠥᠷᠥᠯ ᠵᠦᠢ᠍ᠯ᠎ᠢ ᠳᠠᠭᠤᠰᠬᠠᠭᠰᠠᠨ ᠲᠤᠬᠠᠢ ᠬᠢᠨᠠᠨ ᠲᠣᠭᠲᠠᠭ᠋ᠠᠪᠠ᠃ ᠲᠤᠰ ᠲᠦᠷᠦᠯ ᠵᠦᠢ᠍ᠯ᠎ᠢ 2024 ᠣᠨ᠎ᠤ 6 ᠳ᠋ᠤᠭ᠋ᠠᠷ ᠰᠠᠷ᠎ᠠ᠎ᠳᠤ ᠲᠣᠭᠲᠠᠭ᠋ᠠᠵᠤ᠂ 20 ᠲᠦᠮᠡ ᠰᠢᠬᠠᠮ ᠬᠠᠭᠤᠳᠠᠰᠤ 7500 ᠬᠤᠪᠢ ᠮᠠᠲᠸᠷᠢᠶᠠᠯ᠎ᠢ ᠪᠠᠭᠲᠠᠭ᠋ᠠᠵᠠᠢ᠃
ᠬᠤᠷᠠᠯ ᠳᠡᠭᠡᠷ᠎ᠡ᠂ ᠲᠥᠷᠥᠯ ᠵᠦᠢ᠍ᠯ᠎ᠤᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠣᠯᠬᠤ ᠥᠪᠥᠷ ᠮᠣᠩᠭᠣᠯ᠎ᠤᠨ ᠲᠠᠷᠬᠠᠨ ᠰᠤᠷᠭ᠋ᠠᠨ ᠬᠥᠮᠦᠵᠢᠯ᠎ᠤᠨ ᠬᠡᠪᠯᠡᠯ᠎ᠤᠨ ᠬᠥᠭᠵᠢᠭᠦᠯᠦᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠲᠥᠷᠥᠯ ᠵᠦᠢ᠍ᠯ᠎ᠤᠨ ᠦᠨᠳᠦᠰᠦᠨ ᠪᠠᠢ᠌ᠳᠠᠯ᠂ ᠬᠡᠷᠡᠭᠵᠢᠭᠦᠯᠦᠭᠰᠡᠨ ᠪᠠᠢ᠌ᠳᠠᠯ᠂ ᠲᠤᠯᠭ᠋ᠠᠷᠠᠭᠰᠠᠨ ᠬᠦᠴᠢᠷᠳᠡᠯ ᠵᠢᠴᠢ ᠰᠢᠢ᠍ᠳᠪᠦᠷᠢᠯᠡᠭᠰᠡᠨ ᠠᠷᠭ᠎ᠠ ᠬᠡᠮᠵᠢᠶ᠎ᠡ᠂ ᠲᠤᠷᠰᠢᠯᠭ᠎ᠠ ᠳ᠋ᠦᠩᠨᠡᠯᠲᠡ ᠵᠡᠷᠭᠡ ᠲᠠᠯ᠎ᠠ᠎ᠪᠠᠷ ᠮᠡᠳᠡᠭᠦᠯᠦᠯᠲᠡ ᠬᠢᠪᠡ᠃ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠠᠴᠠ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠠᠩᠭ᠋ᠠᠭᠰᠠᠨ ᠳᠠᠩᠰᠠ ᠡᠪᠬᠡᠮᠡᠯ᠎ᠤᠨ ᠭᠠᠷᠴᠠᠭ᠎ᠤᠨ ᠲᠣᠭ᠎ᠠ ᠪᠠᠷᠢᠮᠲᠠ᠂ ᠳ᠋ᠢᠭᠢᠲ ᠵᠢᠷᠤᠭ ᠳᠦᠷᠰᠦ᠂ ᠳ᠋ᠢᠭᠢᠲᠴᠢᠯᠠᠭᠤᠯᠬᠤ ᠠᠵᠢᠯ᠎ᠤᠨ ᠳᠤᠮᠳᠠ ᠪᠤᠶ ᠪᠣᠯᠤᠭᠰᠠᠨ ᠠᠵᠢᠯ᠎ᠤᠨ ᠪᠢᠴᠢᠭ ᠮᠠᠲ᠋ᠧᠷᠢᠶᠠᠯ ᠵᠡᠷᠭᠡ ᠦᠢ᠍ᠯᠡᠴᠢᠯᠡᠭᠡᠨ᠎ᠤ ᠦᠷ᠎ᠡ ᠪᠦᠲᠦᠭᠡᠯ᠎ᠳᠤ ᠰᠤᠭᠤᠴᠢᠨ ᠪᠠᠢ᠌ᠴᠠᠭ᠋ᠠᠯᠲᠠ ᠬᠢᠵᠦ᠂ ᠲᠥᠷᠥᠯ ᠵᠦᠢ᠍ᠯ᠎ᠢ ᠳ᠋ᠢᠭᠢᠲᠴᠢᠯᠠᠭᠤᠯᠬᠤᠠᠴᠠ ᠡᠮᠦᠨᠡᠬᠢ ᠰᠢᠢ᠍ᠳᠪᠦᠷᠢᠯᠡᠯᠲᠡ᠂ ᠭᠠᠷᠴᠠᠭ᠎ᠤᠨ ᠳ᠋ᠠᠢ᠌ᠲ᠋ᠠ ᠬᠥᠮᠥᠷᠭᠡ ᠪᠠᠢ᠌ᠭᠤᠯᠤᠭᠰᠠᠨ᠂ ᠰᠢᠷᠪᠢᠭᠰᠡᠨ᠂ ᠵᠢᠷᠤᠭ ᠳᠦᠷᠰᠦ ᠵᠢ ᠰᠢᠢ᠍ᠳᠪᠦᠷᠢᠯᠡᠭᠰᠡᠨ ᠵᠡᠷᠭᠡ ᠡᠯ᠎ᠡ ᠲᠠᠯ᠎ᠠ ᠵᠢᠨ ᠠᠵᠢᠯ᠎ᠨᠢ ᠲᠥᠷᠥᠯ ᠵᠦᠢ᠍ᠯ᠎ᠤᠨ ᠥᠷᠢᠰᠦᠯᠳᠦᠭᠡᠨ᠎ᠤ ᠴᠢᠨᠠᠷᠲᠠᠢ ᠬᠡᠯᠡᠯᠴᠡᠭᠡᠷ᠎ᠤᠨ ᠪᠢᠴᠢᠭ ᠮᠠᠲ᠋ᠧᠷᠢᠶᠠᠯ ᠵᠢᠴᠢ ᠬᠤᠳᠠᠯᠳᠤᠨ ᠠᠪᠬᠤ ᠭᠡᠷ᠎ᠡ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠵᠦ᠂ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠥᠨᠳᠥᠷ᠂ ᠠᠭᠤᠯᠭ᠎ᠠ ᠪᠦᠷᠢᠨ ᠪᠦᠲᠦᠨ᠂ ᠪᠦᠯᠬᠦᠮ ᠨᠡᠶ᠋ᠢᠲᠡ ᠵᠢᠨ ᠠᠵᠢᠯ᠎ᠤᠨ ᠬᠤᠪᠢᠶᠠᠷᠢᠯᠠᠯ ᠲᠣᠳᠣᠷᠬᠠᠢ᠂ ᠬᠠᠮᠵᠢᠯᠴᠠᠭ᠎ᠠ ᠰᠠᠢ᠌ᠨ᠂ ᠲᠥᠷᠥᠯ ᠵᠦᠢ᠍ᠯ᠎ᠤᠨ ᠠᠬᠢᠴᠠ ᠤᠷᠤᠭᠰᠢᠲᠠᠢ ᠪᠠᠢ᠌ᠵᠤ᠂ ᠶᠡᠷᠦᠩᠬᠡᠢ ᠠᠵᠢᠯ᠎ᠤᠨ ᠬᠡᠮᠵᠢᠶ᠎ᠡ ᠵᠢᠨ 90%᠎ᠠᠴᠠ ᠳᠡᠭᠡᠭᠰᠢᠬᠢ ᠵᠢ ᠦᠨᠳᠦᠰᠦᠨ᠎ᠳᠤ᠎ᠪᠠᠨ ᠪᠡᠶᠡᠯᠡᠭᠦᠯᠦᠭᠰᠡᠨ᠎ᠠᠴᠠ ᠬᠢᠨᠠᠨ ᠲᠤᠭᠳᠠᠭ᠋ᠠᠯᠳᠠ ᠵᠢ ᠦᠩᠭᠡᠷᠡᠬᠦᠯᠬᠦ ᠵᠢ ᠵᠥᠪᠰᠢᠶᠡᠷᠡᠪᠡ᠃ ᠡᠭᠦᠨ᠎ᠤ ᠬᠠᠮᠲᠤ᠂ ᠲᠣᠭ᠎ᠠ ᠪᠠᠷᠢᠮᠲᠠ ᠵᠢᠨ ᠪᠡᠯᠡᠳᠬᠡᠯ ᠬᠤᠪᠢ᠂ ᠬᠠᠮᠢᠶᠠᠷᠤᠯᠲᠠ ᠵᠢᠨ ᠴᠢᠨᠠᠷᠲᠠᠢ ᠮᠠᠲ᠋ᠧᠷᠢᠶᠠᠯ᠎ᠤᠨ ᠲᠠᠯ᠎ᠠ᠎ᠪᠠᠷ ᠣᠷᠣᠰᠢᠵᠤ ᠪᠠᠢ᠌ᠭ᠎ᠠ ᠵᠠᠷᠢᠮ ᠨᠠᠷᠢᠨ ᠵᠦᠢ᠍ᠯᠡᠰ᠎ᠤᠨ ᠠᠰᠠᠭᠤᠳᠠᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠪᠠ᠃
ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠲᠤᠬᠠᠢ᠌ᠯᠠᠭᠰᠠᠨ ᠠᠵᠢᠯ᠎ᠤᠨ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠳ᠋ᠢᠭᠢᠲᠴᠢᠯᠠᠭᠤᠯᠬᠤᠨᠢ ᠥᠩᠭᠡᠷᠡᠭᠰᠡᠨ ᠵᠢᠯ᠎ᠤᠳ᠎ᠤᠨ ᠡᠯ᠎ᠡ ᠵᠦᠢ᠍ᠯ᠎ᠤᠨ ᠠᠵᠢᠯ᠎ᠤᠨ ᠮᠠᠲ᠋ᠧᠷᠢᠶᠠᠯ᠎ᠢ ᠪᠦᠷᠢᠨ ᠪᠦᠲᠦᠨ ᠬᠠᠳᠠᠭ᠋ᠠᠯᠠᠵᠤ᠂ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠬᠠᠳᠠᠭ᠋ᠠᠯᠠᠬᠤ ᠦᠷ᠎ᠡ ᠪᠦᠲᠦᠮᠵᠢ ᠪᠠ ᠠᠮᠤᠷ ᠲᠦᠪᠰᠢᠨ ᠴᠢᠨᠠᠷ᠎ᠢ ᠳᠡᠭᠡᠭᠰᠢᠯᠡᠭᠦᠯᠬᠦ᠎ᠳᠤ ᠠᠰᠢᠭᠲᠠᠢ ᠪᠠᠢ᠌ᠵᠤ᠂ ᠲᠤᠬᠠᠢ᠌ᠯᠠᠭᠰᠠᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ᠎ᠳᠤ ᠠᠰᠢᠭᠲᠠᠢ ᠪᠠᠢ᠌ᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠠᠵᠢᠯ᠎ᠳᠤ ᠴᠢᠬᠤᠯᠠ ᠪᠣᠳᠠᠲᠤ ᠦᠨ᠎ᠡ ᠥᠷᠲᠡᠭ ᠪᠠ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ