ᠲᠡᠷᠢᠭᠦᠨ ᠬᠠᠭᠤᠳᠠᠰᠤ   -   ᠮᠠᠨ᠎ᠤ ᠠᠵᠢᠯ
ᠭᠣᠣᠯ ᠰᠢᠵᠢᠮ᠎ᠤᠨ ᠡᠭᠦᠷᠭᠡ ᠵᠢ ᠴᠢᠩᠭ᠎ᠠ ᠡᠵᠡᠮᠲᠠᠨ ᠰᠢᠨ᠎ᠡ ᠵᠢ ᠡᠭᠦᠳᠬᠦ ᠦᠢ᠍ᠯᠡᠳᠦᠯᠭᠡ᠎ᠳᠤ ᠠᠭᠤᠰᠤᠯᠴᠠᠭᠤᠯᠤᠶ᠎ᠠ — ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-11-25

      ᠰᠢᠨ᠎ᠡ ᠴᠠᠭ ᠦᠶ᠎ᠡ᠎ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠣᠵᠤ᠂ ᠰᠢᠨ᠎ᠡ ᠠᠶᠠᠨ᠎ᠨᠢ ᠰᠢᠨ᠎ᠡ ᠡᠭᠦᠷᠭᠡᠯᠡᠯ᠎ᠢ ᠤᠷᠢᠶᠠᠯᠠᠨ᠎ᠠ᠃ 11 ᠳ᠋ᠦ᠍ᠭᠡᠷ ᠰᠠᠷ᠎ᠠ ᠵᠢᠨ 15᠎ᠤ ᠡᠳᠦᠷ᠂ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠨᠢ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠣᠯᠪᠣᠭᠳᠠᠯ ᠪᠦᠬᠦᠢ ᠤᠴᠢᠷ᠎ᠢ ᠨᠡᠢ᠌ᠲᠡᠯᠡᠵᠦ᠂ ᠡᠩᠨᠡᠭᠡᠨ᠎ᠤ ᠪᠠᠢ᠌ᠭᠤᠯᠤᠯᠲᠠ᠎ᠳᠤ ᠱᠠᠭ᠋ᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠥᠢ ᠹᠧᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠥᠬᠥ ᠺᠠᠳ᠋ᠷ ᠠᠵᠢᠯᠲᠠᠨ ᠬᠤᠷᠠᠯ᠎ᠳᠤ ᠣᠷᠣᠯᠴᠠᠪᠠ᠃
      ᠬᠤᠷᠠᠯ᠎ᠠᠴᠠ ᠪᠥᠬᠥ ᠺᠠᠳ᠋ᠷ ᠠᠵᠢᠯᠲᠠᠨ ᠤᠯᠤᠰ ᠲᠥᠷᠥ ᠵᠢ ᠡᠷᠬᠢᠮᠯᠡᠬᠦ᠂ ᠶᠡᠬᠡ ᠲᠠᠯ᠎ᠠ ᠵᠢ ᠪᠤᠳᠤᠯᠬᠢᠯᠠᠬᠤ ᠵᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠢ ᠳᠠᠭ᠋ᠠᠵᠤ᠂ ᠡᠯ᠎ᠡ  ᠲᠥᠷᠥᠯ᠎ᠤᠨ ᠠᠵᠢᠯ᠎ᠤᠨ ᠰᠣᠯᠢᠯᠴᠠᠭ᠎ᠠ ᠵᠢ ᠲᠣᠬᠢᠲᠠᠶ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ᠃ ᠢᠯᠠᠩᠭᠤᠶ᠎ᠠ ᠵᠠᠯᠠᠭᠤ ᠺᠠᠳ᠋ᠷᠴᠤᠳ ᠬᠤᠪᠢ ᠬᠥᠮᠦᠨ᠎ᠤ ᠲᠤᠬᠠᠢ᠌ᠯᠠᠭᠰᠠᠨ ᠠᠵᠢᠯ᠎ᠤᠨ ᠬᠡᠪ ᠪᠣᠯᠪᠠᠰᠤᠷᠠᠯ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠢᠮᠠᠭᠲᠠ ᠬᠢᠨᠠᠭᠤᠷ ᠪᠣᠯᠭᠣᠮᠵᠢᠲᠠᠢ ᠪᠠᠢ᠌ᠵᠤ᠂ ᠪᠤᠯᠤᠳ ᠮᠡᠲᠦ ᠬᠠᠲᠠᠭᠤᠵᠢᠨ ᠳᠠᠪᠲᠠᠭᠳᠠᠵᠤ᠂ ᠳᠡᠭᠡᠳᠦ ᠬᠡᠮᠵᠢᠢ᠎ᠡ᠎ᠪᠠᠷ ᠬᠠᠷᠢᠭᠤᠴᠠᠬᠤ ᠣᠪᠣᠷ ᠵᠶ᠋ᠠᠷ ᠴᠢᠷᠮᠠᠢ᠌ᠨ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ᠎ᠪᠠᠷ ᠵᠶ᠋ᠡᠨ ᠵᠣᠬᠢᠶᠠᠨ ᠪᠠᠢ᠌ᠭᠤᠯᠤᠯᠲᠠ ᠪᠠ ᠤᠯᠠᠨ ᠲᠦᠮᠡᠨ᠎ᠤ ᠬᠦᠷᠢᠶᠡᠯᠡᠯ᠎ᠢ ᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ ᠡᠯ᠎ᠡ ᠰᠠᠯᠠᠭ᠎ᠠ ᠲᠠᠰᠤᠭ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠢᠮᠠᠭᠲᠠ ᠪᠠᠷᠢᠮᠲᠠᠯᠠᠵᠤ᠂ ᠬᠠᠷᠢᠭᠤᠴᠠᠯᠭ᠎ᠠ ᠴᠢᠳᠠᠪᠬᠢ᠎ᠳᠤ᠎ᠪᠠᠨ ᠰᠠᠭᠤᠷᠢᠯᠠᠵᠤ᠂ ᠰᠢᠨ᠎ᠡ ᠠᠵᠢᠯ᠎ᠤᠨ ᠬᠤᠪᠢᠶᠠᠷᠢᠯᠠᠯ᠎ᠤᠨ ᠲᠤᠬᠢᠷᠠᠭᠤᠯᠤᠯᠳᠠ ᠵᠢ ᠲᠦᠷᠭᠡᠨ ᠪᠠᠢ᠌ᠷᠢᠯᠠᠭᠤᠯᠬᠤ ᠬᠡᠷᠡᠭᠲᠡᠢ᠃ ᠪᠥᠬᠥ ᠺᠠᠳ᠋ᠷ ᠠᠵᠢᠯᠲᠠᠨ ᠠᠵᠢᠯ᠎ᠤᠨ ᠳᠤᠮᠳᠠ᠎ᠪᠠᠨ ᠬᠠᠷᠢᠯᠴᠠᠨ ᠳᠠᠪᠠᠭᠤᠯᠢᠭ ᠲᠠᠯ᠎ᠠ᠎ᠪᠠᠨ ᠰᠤᠷᠤᠯᠴᠠᠵᠤ᠂ ᠬᠠᠷᠢᠯᠴᠠᠨ ᠲᠤᠷᠰᠢᠯᠭ᠎ᠠ᠎ᠪᠠᠨ ᠲᠣᠯᠢᠯᠠᠵᠤ᠂ ᠬᠠᠷᠢᠯᠴᠠᠨ ᠠᠰᠠᠭᠤᠳᠠᠯ᠎ᠢ ᠰᠠᠨᠠᠭᠤᠯᠵᠤ᠂ ᠬᠠᠷᠢᠯᠴᠠᠨ ᠰᠠᠨᠠᠯ ᠵᠶ᠋ᠠᠨ ᠨᠡᠪᠲᠡᠷᠡᠯᠴᠡᠵᠦ᠂ ᠦᠵᠡᠯ ᠰᠠᠨᠠᠭ᠋ᠠᠨ᠎ᠤ ᠲᠠᠯ᠎ᠠ᠎ᠪᠠᠷ ᠰᠡᠳᠬᠢᠯ ᠵᠶ᠋ᠡᠨ ᠨᠢᠭᠡᠳᠬᠡᠵᠦ᠂ ᠠᠵᠢᠯ᠎ᠤᠨ ᠲᠠᠯ᠎ᠠ᠎ᠪᠠᠷ ᠬᠦᠴᠦ᠎ᠪᠠᠨ ᠬᠠᠮᠲᠤᠳᠬᠠᠵᠤ᠂ ᠦᠢᠯᠡ ᠠᠵᠢᠯᠯᠠᠭ᠎ᠠ ᠵᠢᠨ ᠲᠠᠯ᠎ᠠ᠎ᠪᠠᠷ ᠵᠣᠬᠢᠴᠠᠯᠳᠤᠨ ᠬᠠᠮᠵᠢᠯᠴᠠᠵᠤ᠂ ᠡᠶ᠎ᠡ ᠵᠣᠬᠢᠴᠠᠩᠭᠤᠶ᠂ ᠦᠨᠡᠨ᠎ᠢ ᠪᠠᠷᠢᠮᠲᠠᠯᠠᠬᠤ᠂ ᠴᠢᠩᠭ᠎ᠠ ᠨᠢᠮᠪᠠᠶ᠂ ᠰᠢᠨ᠎ᠡ ᠵᠢ ᠡᠭᠦᠳᠬᠦ ᠠᠵᠢᠯ᠎ᠤᠨ ᠠᠬᠤᠢ ᠨᠥᠭᠥᠴᠡᠯ᠎ᠢ ᠪᠣᠶ ᠪᠣᠯᠭ᠋ᠠᠵᠤ᠂ ᠪᠠᠢ᠌ᠭᠤᠯᠤᠮᠵᠢ ᠵᠢᠨ ᠥᠭᠡᠷᠡᠴᠢᠯᠡᠯᠲᠡ᠎ᠪᠠᠷ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠠᠵᠢᠯ᠎ᠤᠨ ᠨᠠᠷᠠᠲᠤ ᠲᠡᠮᠳᠡᠭ᠎ᠤᠨ ᠦᠢᠯᠡᠳᠦᠯᠭᠡ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃





        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
         ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠭ᠋ᠠᠨ ᠬᠡᠷᠡᠭᠯᠡᠭᠡᠨ᠎ᠤ ᠲᠥᠪ