ᠲᠡᠷᠢᠭᠦᠨ ᠬᠠᠭᠤᠳᠠᠰᠤ   -   ᠮᠠᠨ᠎ᠤ ᠠᠵᠢᠯ
ᠦᠨᠳᠦᠰᠦᠲᠡᠨ᠎ᠤ ᠠᠵᠢᠯ ᠵᠶ᠋ᠠᠨ ᠦᠨᠢᠲᠡ ᠬᠠᠢ᠌ᠷᠠᠯᠠᠨ ᠨᠠᠨᠳᠢᠩᠨᠠᠵᠤ ᠠᠵᠢᠯ᠎ᠠᠴᠠ᠎ᠪᠠᠨ ᠢᠷᠠᠭᠤ ᠠᠯᠳᠠᠷ᠎ᠲᠠᠢ᠎ᠪᠠᠷ ᠳᠠᠷᠬᠠᠯᠠᠭᠳᠠᠯ᠎ᠠ — ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2024 ᠣᠨ᠎ᠤ ᠺᠠᠳ᠋ᠷᠴᠤᠳ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠶᠣᠰᠣᠯᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2024-12-19

      ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠵᠢᠨ ᠫᠢᠩ᠎ᠤᠨ ᠠᠬᠠᠮᠠᠳ ᠺᠠᠳ᠋ᠷ᠎ᠢ 《ᠤᠯᠤᠰ ᠲᠥᠷᠥ ᠵᠢᠨ ᠲᠠᠯ᠎ᠠ᠎ᠪᠠᠷ ᠬᠦᠨᠳᠦᠳᠬᠡᠬᠦ᠂ ᠦᠵᠡᠯ ᠰᠠᠨᠠᠭ᠋ᠠᠨ᠎ᠤ ᠲᠠᠯ᠎ᠠ᠎ᠪᠠᠷ ᠬᠠᠯᠠᠮᠵᠢᠯᠠᠬᠤ᠂ ᠠᠮᠢᠳᠤᠷᠠᠯ᠎ᠤᠨ ᠲᠠᠯ᠎ᠠ᠎ᠪᠠᠷ ᠬᠠᠷᠠᠭ᠋ᠠᠯᠵᠠᠬᠤ᠂ ᠣᠶᠤᠨ ᠰᠠᠨᠠᠭ᠋ᠠᠨ᠎ᠤ ᠲᠠᠯ᠎ᠠ᠎ᠪᠠᠷ ᠤᠷᠮᠠᠰᠢᠭᠤᠯᠬᠤ》 ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ᠎ᠠᠴᠠ᠎ᠪᠠᠨ ᠠᠮᠠᠷᠠᠭᠰᠠᠨ ᠺᠠᠳ᠋ᠷ ᠠᠵᠢᠯᠲᠠᠨ᠎ᠤ ᠤᠯᠤᠰ ᠲᠥᠷᠥ ᠵᠢᠨ ᠢᠷᠠᠭᠤ ᠠᠯᠳᠠᠷᠲᠤ ᠰᠡᠳᠬᠢᠯᠭᠡ᠂ ᠵᠣᠬᠢᠶᠠᠨ ᠪᠠᠢ᠌ᠭᠤᠯᠤᠯᠲᠠ ᠵᠢᠨ ᠬᠠᠷᠢᠶᠠᠯᠠᠭᠳᠠᠬᠤ ᠰᠡᠳᠬᠢᠯᠭᠡ᠂ ᠠᠵᠢᠯ᠎ᠠᠴᠠ᠎ᠪᠠᠨ ᠳᠠᠷᠬᠠᠯᠠᠭᠳᠠᠬᠤ ᠶᠣᠰᠣᠯᠠᠯ᠎ᠤᠨ ᠲᠥᠷᠥᠭᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠥᠷᠭᠡᠨ ᠣᠯᠠᠨ ᠺᠠᠳ᠋ᠷ ᠠᠵᠢᠯᠲᠠᠨ᠎ᠢ ᠠᠬᠠᠮᠠᠳ ᠨᠥᠬᠥᠳ᠎ᠠᠴᠠ ᠰᠤᠷᠤᠯᠴᠠᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠵᠤᠷᠢᠭᠳᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢᠨ ᠲᠥᠯᠥᠭᠡ᠂ 12 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2024 ᠣᠨ᠎ᠤ ᠺᠠᠳ᠋ᠷᠴᠤᠳ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠶᠣᠰᠣᠯᠠᠯ᠎ᠢ ᠡᠷᠭᠢᠯᠡᠵᠦ᠂ ᠬᠠᠮᠤᠭ᠎ᠤᠨ ᠴᠢᠩ ᠦᠨᠡᠨᠴᠢ ᠨᠥᠬᠥᠷᠯᠡᠯ ᠵᠶ᠋ᠡᠷ ᠠᠬᠠᠮᠠᠳ ᠨᠥᠬᠥᠳ ᠵᠶ᠋ᠠᠨ ᠦᠳᠡᠨ ᠮᠤᠷᠳᠠᠭᠤᠯᠬᠤ ᠶᠤᠰᠤᠯᠠᠯ᠎ᠢ ᠶᠠᠪᠤᠭᠳᠠᠭᠤᠯᠪᠠ᠃

11.jpg

       ᠶᠣᠰᠣᠯᠠᠯ᠎ᠤᠨ ᠠᠬᠤᠢ ᠲᠠᠯᠠᠪᠠᠢ᠎ᠳᠤ ᠳᠣᠲᠤᠨᠤᠰᠤᠭ ᠲᠥᠪᠯᠡᠭᠦᠬᠡᠨ ᠠᠭᠤᠷ ᠠᠮᠢᠰᠬᠤᠯ ᠵᠶ᠋ᠠᠷ ᠪᠢᠯᠬᠠᠵᠤ ᠪᠠᠢ᠌ᠯ᠎ᠠ᠂ ᠵᠥᠪᠯᠡᠯ᠎ᠤᠨ ᠤᠳᠤᠷᠢᠳᠤᠯᠭ᠎ᠠ ᠵᠢᠴᠢ ᠬᠠᠮᠲᠤ ᠠᠵᠢᠯᠯᠠᠭᠰᠠᠳ ᠠᠵᠢᠯ᠎ᠠᠴᠠ᠎ᠪᠠᠨ ᠳᠠᠷᠬᠠᠯᠠᠭᠳᠠᠭᠰᠠᠨ ᠨᠥᠬᠥᠳ᠎ᠲᠤ ᠬᠠᠯᠠᠭᠤᠨ ᠮᠡᠨᠳᠦᠴᠢᠯᠡᠯ ᠳᠡᠪᠰᠢᠭᠦᠯᠬᠦ ᠵᠢᠨ ᠳᠠᠭ᠋ᠠᠤ᠂ ᠰᠣᠷᠭᠣᠭ ᠴᠡᠴᠡᠭ᠂ ᠳᠤᠷᠠᠰᠬᠠᠯ᠎ᠤᠨ ᠫᠠᠢ᠌ᠰᠠ ᠪᠣᠯᠤᠨ ᠪᠠᠶᠠᠷ᠎ᠤᠨ ᠺᠠᠷᠲ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ᠎ᠤᠨ ᠵᠥᠩᠨᠡᠯ ᠵᠶ᠋ᠠᠨ ᠳᠡᠪᠰᠢᠭᠦᠯᠪᠡ᠃

12.jpg

       ᠵᠦᠪᠯᠡᠯ᠎ᠤᠨ ᠤᠳᠤᠷᠢᠳᠤᠯᠭ᠎ᠠ ᠪᠣᠯᠤᠨ ᠬᠤᠷᠠᠯ᠎ᠳᠤ ᠣᠷᠣᠯᠴᠠᠭᠰᠠᠨ ᠨᠥᠬᠥᠳ ᠠᠵᠢᠯ᠎ᠠᠴᠠ᠎ᠪᠠᠨ ᠳᠠᠷᠬᠠᠯᠠᠭᠳᠠᠭᠰᠠᠨ ᠺᠠᠳ᠋ᠷᠴᠤᠳ᠎ᠲᠠᠢ ᠬᠠᠮᠳᠤ᠎ᠪᠠᠷ ᠴᠢᠷᠮᠠᠢ᠌ᠨ ᠲᠡᠮᠡᠴᠡᠵᠦ ᠬᠠᠮᠳᠤ᠎ᠪᠠᠷ ᠤᠷᠤᠭᠰᠢᠯᠠᠨ ᠳᠠᠪᠰᠢᠭᠰᠠᠨ ᠥᠩᠭᠡᠷᠡᠯᠲᠡ᠎ᠪᠠᠨ ᠡᠷᠭᠢᠴᠡᠭᠦᠯᠦᠨ ᠬᠤᠪᠢᠶᠠᠯᠴᠠᠵᠤ᠂ ᠠᠵᠢᠯ᠎ᠠᠴᠠ᠎ᠪᠠᠨ ᠳᠠᠷᠬᠠᠯᠠᠭᠳᠠᠭᠰᠠᠨ ᠺᠠᠳ᠋ᠷᠴᠤᠳ ᠴᠦ᠍ ᠵᠣᠬᠢᠶᠠᠨ ᠪᠠᠢ᠌ᠭᠤᠯᠤᠯᠲᠠ ᠵᠢᠨ ᠬᠠᠢ᠌ᠷ᠎ᠠ ᠬᠠᠯᠠᠮᠵᠢ ᠪᠣᠯᠤᠨ ᠬᠥᠮᠦᠵᠢᠭᠦᠯᠦᠯ᠎ᠳᠤ ᠲᠠᠯᠠᠷᠬᠠᠭᠰᠠᠨ ᠰᠡᠳᠬᠢᠯ ᠵᠶ᠋ᠡᠨ ᠢᠯᠡᠳᠬᠡᠵᠦ᠂ ᠠᠵᠢᠯ᠎ᠠᠴᠠ᠎ᠪᠠᠨ ᠳᠠᠷᠬᠠᠯᠠᠭᠳᠠᠭᠰᠠᠨ ᠴᠤ᠌᠂ ᠤᠭ ᠰᠠᠨᠠᠭ᠎ᠠ᠎ᠪᠠᠨ ᠦᠯᠦ ᠤᠮᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠢᠳᠡᠪᠬᠢᠲᠡᠢ᠎ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠦᠳᠡᠯᠦᠬᠡ ᠨᠠᠰᠤᠨ᠎ᠤ ᠬᠦᠴᠦᠨ ᠴᠢᠳᠠᠯ ᠵᠶ᠋ᠠᠨ ᠡᠷᠭᠦᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠦᠷᠭᠦᠯᠵᠢᠯᠡᠨ ᠬᠠᠯᠠᠮᠵᠢᠯᠠᠨ ᠳᠡᠮᠵᠢᠨ᠎ᠡ ᠭᠡᠵᠦ ᠢᠯᠡᠳᠬᠡᠵᠡᠭᠡᠪᠡ᠃

13.jpg      

      ᠵᠠᠯᠠᠭᠤ ᠺᠠᠳ᠋ᠷᠴᠤᠳ᠎ᠠᠴᠠ ᠠᠬᠠᠮᠠᠳ ᠦᠶ᠎ᠡ ᠵᠢᠨ᠎ᠬᠢᠨ᠎ᠤ ᠪᠤᠤᠬᠢᠢ᠎ᠠ ᠵᠢ ᠲᠤᠰᠴᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠯᠦ ᠤᠮᠠᠷᠳᠠᠵᠤ᠂ ᠴᠠᠭ ᠢᠮᠠᠭᠲᠠ ᠡᠷᠡᠮᠡᠬᠡᠢ᠌ᠯᠡᠨ ᠤᠷᠤᠭᠰᠢᠯᠠᠵᠤ᠂ ᠢᠳᠡᠪᠬᠢᠲᠡᠢ᠎ᠪᠠᠷ ᠤᠷᠤᠭᠰᠢᠯᠠᠨ ᠳᠠᠪᠰᠢᠬᠤ ᠬᠦᠴᠦᠨ ᠵᠤᠷᠢᠭ ᠵᠢᠡᠨ ᠪᠠᠳᠤᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠵᠠᠯᠠᠭᠤᠴᠤᠳ᠎ᠤᠨ ᠪᠠᠢ᠌ᠪᠠᠰᠤ ᠵᠣᠬᠢᠬᠤ ᠴᠤᠭ ᠵᠢᠪᠬᠤᠭ᠎ᠠ᠂ ᠣᠮᠣᠭ ᠵᠣᠷᠢᠭ ᠪᠠ ᠵᠢᠳᠬᠦᠯ ᠴᠢᠷᠮᠠᠢ᠌ᠯᠭ᠎ᠠ᠎ᠪᠠᠷ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ᠎ᠤᠨ ᠵᠣᠷᠢᠭ ᠵᠶ᠋ᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠡᠯ᠎ᠡ ᠲᠦᠷᠦᠯ᠎ᠤᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠵᠢᠨ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

14.jpg    

      ᠠᠵᠢᠯ᠎ᠠᠴᠠ᠎ᠪᠠᠨ ᠠᠮᠠᠷᠠᠭᠰᠠᠨ ᠨᠥᠬᠥᠳ ᠪᠣᠯ ᠮᠠᠨ᠎ᠤ ᠵᠦᠪᠯᠡᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠬᠥᠭᠵᠢᠯᠲᠡ ᠵᠢᠨ ᠡᠷᠬᠢᠮ ᠨᠠᠨᠳᠢᠨ ᠥᠪ ᠬᠥᠷᠥᠩᠭᠡ ᠮᠥᠨ᠂ ᠠᠵᠢᠯ᠎ᠠᠴᠠ ᠳᠠᠷᠬᠠᠯᠠᠭᠳᠠᠬᠤ ᠶᠣᠰᠣᠯᠠᠯ᠎ᠢ ᠬᠢᠵᠦ ᠪᠠᠢ᠌ᠬᠤ ᠪᠣᠯ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠬᠠᠮᠠᠳ ᠨᠥᠬᠥᠳ᠎ᠢ ᠬᠠᠯᠠᠮᠵᠢᠯᠠᠨ ᠬᠠᠢ᠌ᠷᠠᠯᠠᠭᠰᠠᠨ ᠴᠢᠬᠤᠯᠠ ᠠᠷᠭ᠎ᠠ ᠬᠡᠮᠵᠢᠶ᠎ᠡ ᠮᠥᠨ᠂ ᠡᠨᠡ᠎ᠨᠢ ᠪᠥᠬᠥ ᠺᠠᠳ᠋ᠷ ᠠᠵᠢᠯᠲᠠᠨ᠎ᠤ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠠᠩ ᠪᠠᠲᠤ ᠴᠢᠩᠭ᠎ᠠ ᠢᠲᠡᠭᠡᠯ ᠵᠣᠷᠢᠭ᠂ ᠨᠠᠩ ᠣᠷᠭᠢᠯᠤᠮ᠎ᠠ ᠬᠠᠯᠠᠭᠤᠨ ᠠᠵᠢᠯ᠎ᠤᠨ ᠰᠡᠳᠬᠢᠯᠭᠡ᠎ᠪᠠᠷ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠠᠬᠢ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠪᠤᠲᠠᠲᠤ ᠠᠴᠢ ᠬᠣᠯᠪᠤᠭᠳᠠᠯ᠎ᠲᠠᠢ ᠪᠣᠯᠬᠤ᠎ᠨᠢ ᠳᠠᠮᠵᠢᠭ ᠦᠭᠡᠢ ᠶᠤᠮ᠃

15.jpg




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ