ᠲᠡᠷᠢᠭᠦᠨ ᠬᠠᠭᠤᠳᠠᠰᠤ   -   ᠮᠠᠨ᠎ᠤ ᠠᠵᠢᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠬᠡᠨ᠎ᠤ ᠲᠥᠪ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠰᠢᠨ᠎ᠡ ᠠᠶᠠᠨ ᠵᠠᠮ᠎ᠳᠤ ᠢᠳᠡᠷᠡᠭᠦᠨ ᠠᠯᠬᠤᠭ᠎ᠠ᠎ᠪᠠᠷ ᠢᠷᠡᠭᠡᠳᠦᠢ ᠵᠦᠭ ᠤᠷᠤᠭᠰᠢᠯᠠᠬᠤ》 ᠠᠵᠢᠯᠳᠠᠳ᠎ᠤᠨ ᠢᠳᠡᠷᠡᠭᠦᠨ ᠠᠯᠬᠤᠳᠠᠯ᠎ᠤᠨ ᠠᠵᠢᠯᠯᠠᠭ᠎ᠠ ᠵᠢ ᠡᠷᠬᠢᠯᠡᠵᠡᠢ
ᠨᠡᠶ᠋ᠢᠲᠡᠯᠡᠭᠰᠡᠨ ᠴᠠᠭ᠄ 2024-12-24

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠺᠠᠳ᠋ᠷ ᠠᠵᠢᠯᠳᠠᠨ᠎ᠤ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠪᠦᠯᠬᠦᠮ ᠨᠢᠭᠡᠴᠢ ᠵᠢᠨ ᠨᠢᠭᠲᠠᠷᠠᠯ᠎ᠤᠨ ᠬᠦᠴᠦᠨ ᠪᠣᠯᠤᠨ ᠬᠠᠮᠵᠢᠯᠴᠠᠬᠤ ᠵᠣᠷᠢᠭ ᠰᠠᠨᠠᠭ᠎ᠠ ᠵᠢ ᠠᠬᠢᠭᠤᠯᠬᠤ ᠵᠢᠨ ᠲᠥᠯᠥᠭᠡ᠂ ᠤᠢ᠍ᠢ᠍ᠷ᠎ᠠ ᠵᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠨᠢ ᠰᠠᠢ᠌ᠬᠠᠨ ᠲᠣᠭᠣᠷᠢᠭ᠎ᠤᠨ ᠮᠠᠨᠳᠤᠬᠠᠢ ᠴᠡᠴᠡᠷᠯᠢᠭ᠎ᠲᠤ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠰᠢᠨ᠎ᠡ ᠠᠶᠠᠨ᠎ᠳᠤ ᠢᠳᠡᠷᠡᠬᠦᠨ ᠠᠯᠬᠤᠭ᠎ᠠ᠎ᠪᠠᠷ ᠢᠷᠡᠬᠡᠳᠦᠢ ᠵᠦᠭ ᠤᠷᠤᠭᠰᠢᠯᠠᠬᠤ》 ᠠᠵᠢᠯᠳᠠᠳ᠎ᠤᠨ ᠢᠳᠡᠷᠡᠭᠦᠨ ᠠᠯᠬᠤᠳᠠᠯ᠎ᠤᠨ ᠠᠵᠢᠯᠯᠠᠭ᠎ᠠ ᠵᠢ ᠥᠷᠨᠢᠭᠦᠯᠪᠡ᠃

2.jpg  
      ᠡᠶᠡᠪᠡᠷᠬᠦᠦ ᠲᠤᠯᠠᠭ᠋ᠠᠨ ᠡᠪᠤᠯ᠎ᠤᠨ ᠡᠳᠦᠷ᠂ ᠬᠠᠩᠬᠢᠨᠠᠨ ᠴᠤᠤᠷᠢᠶᠠᠳᠤᠬᠤ ᠱᠦᠭᠯᠦ ᠵᠢᠨ ᠳᠠᠭᠤᠨ᠎ᠳᠤ ᠣᠯᠠᠨ ᠵᠶ᠋ᠠᠷ ᠵᠶ᠋ᠠᠨ ᠢᠳᠡᠷᠡᠬᠦᠨ ᠠᠯᠬᠤᠭ᠎ᠠ᠎ᠪᠠᠷ ᠲᠣᠭᠲᠠᠭᠰᠠᠨ ᠵᠠᠮ ᠵᠶ᠋ᠠᠷ ᠵᠶ᠋ᠠᠨ 4 ᠺᠢᠯᠣᠮᠧᠲᠷ ᠰᠢᠬᠠᠮ ᠠᠯᠬᠤᠪᠠ᠃ ᠪᠦᠬᠦᠳᠡᠬᠡᠷ ᠵᠢᠡᠨ ᠵᠠᠮ ᠲᠤᠷᠰᠢ ᠡᠷᠴᠢ ᠬᠦᠴᠦ᠎ᠪᠠᠨ ᠰᠢᠯᠭ᠋ᠠᠵᠤ᠂ ᠶᠠᠷᠢᠯᠴᠠᠨ ᠬᠦᠭᠡᠷᠣᠯᠳᠦᠵᠦ ᠵᠠᠮ ᠳᠠᠭ᠋ᠠᠤ ᠵᠢᠨ ᠦᠵᠡᠮᠵᠢ ᠵᠢ ᠰᠣᠨᠢᠷᠬᠠᠵᠤ᠂ ᠨᠥᠬᠥᠷᠯᠡᠯ ᠵᠶ᠋ᠡᠨ ᠵᠤᠵᠠᠭ᠋ᠠᠳᠬᠠᠵᠤ᠂ ᠪᠦᠯᠬᠦᠮᠳᠡᠯ᠎ᠢ ᠠᠬᠢᠭᠤᠯᠵᠤ᠂ ᠢᠳᠡᠷᠡᠭᠦᠨ ᠠᠯᠬᠤᠳᠠᠯ᠎ᠤᠨ ᠪᠠᠶᠠᠷ ᠪᠠᠶᠠᠰᠤᠯ᠎ᠢ ᠡᠳ᠋ᠯᠡᠵᠦ᠂ ᠠᠵᠢᠯᠳᠠᠳ᠎ᠤᠨ ᠢᠳᠡᠪᠬᠢᠲᠡᠶ᠎ᠪᠠᠷ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠪᠡ᠃

3.jpg 
      ᠰᠤᠳᠤᠯᠤᠯ ᠬᠡᠷᠡᠭᠯᠡᠬᠡᠨ᠎ᠤ ᠲᠥᠪ᠎ᠨᠢ ᠠᠵᠢᠯᠳᠠᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠮᠠᠰᠢ ᠴᠢᠬᠤᠯᠠᠴᠢᠯᠠᠳᠠᠭ᠂ ᠡᠭᠦᠨ᠎ᠤ ᠵᠣᠷᠢᠯᠭ᠎ᠠ᠎ᠨᠢ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠶ᠋ᠡᠷ ᠪᠦᠯᠬᠦᠮ ᠨᠡᠢ᠌ᠲᠡ ᠵᠢᠨ ᠬᠦᠴᠦᠨ᠎ᠢ ᠨᠢᠭᠲᠠᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠣᠭ ᠰᠦᠯᠳᠡ ᠵᠢ᠎ᠨᠢ ᠬᠥᠭᠵᠢᠭᠡᠬᠦ ᠵᠢᠨ ᠲᠥᠯᠥᠭᠡ ᠶᠤᠮ᠃ ᠡᠨᠡ ᠤᠳᠠᠭ᠋ᠠᠨ᠎ᠤ ᠢᠳᠡᠷᠡᠭᠦᠨ ᠠᠯᠬᠤᠳᠠᠯ᠎ᠤᠨ ᠠᠵᠢᠯᠯᠠᠭ᠎ᠠ᠎ᠪᠠᠷ ᠳᠠᠮᠵᠢᠵᠤ᠂ ᠠᠵᠢᠯᠳᠠᠳ ᠠᠵᠢᠯ᠎ᠤᠨ ᠳᠠᠷᠤᠭ᠋ᠠᠰᠤ᠎ᠪᠠᠨ ᠬᠦᠩᠭᠡᠯᠡᠬᠦ ᠵᠢᠨ ᠳᠠᠭ᠋ᠠᠤ ᠪᠠᠰᠠ ᠪᠡᠶ᠎ᠡ ᠮᠠᠬᠠᠪᠣᠳ ᠵᠶ᠋ᠠᠨ  ᠪᠣᠯᠪᠠᠰᠤᠷᠠᠭᠤᠯᠪᠠ᠃ ᠬᠣᠢ᠌ᠰᠢᠳᠠ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠢᠳᠡᠪᠬᠢᠲᠡᠢ ᠣᠪᠤᠷ ᠵᠶ᠋ᠠᠷ ᠡᠳᠦᠷ ᠲᠤᠳᠤᠮ᠎ᠤᠨ ᠠᠵᠢᠯ᠎ᠳᠤ᠎ᠪᠠᠨ ᠴᠢᠷᠮᠠᠢ᠌ᠵᠤ᠂ ᠰᠤᠳᠤᠯᠤᠯ ᠬᠡᠷᠡᠭᠯᠡᠬᠡᠨ᠎ᠤ ᠲᠦᠪ᠎ᠤᠨ ᠡᠯ᠎ᠡ ᠲᠦᠷᠦᠯ᠎ᠤᠨ ᠠᠵᠢᠯ ᠦᠢ᠍ᠯᠡᠰ᠎ᠤᠨ ᠥᠷᠨᠢᠩᠭᠦᠢ ᠬᠥᠭᠵᠢᠯᠲᠡ ᠵᠢ ᠬᠠᠮᠲᠤ᠎ᠪᠠᠷ ᠠᠬᠢᠭᠤᠯᠤᠨ᠎ᠠ ᠭᠡᠵᠦ ᠤᠯᠠᠨ ᠵᠶ᠋ᠠᠷ ᠵᠶ᠋ᠠᠨ ᠢᠯᠡᠳᠬᠡᠵᠡᠭᠡᠪᠡ᠃




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
         ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ