ᠲᠡᠷᠢᠭᠦᠨ ᠬᠠᠭᠤᠳᠠᠰᠤ   -   ᠮᠠᠨ᠎ᠤ ᠠᠵᠢᠯ
ᠲᠥᠪ᠎ᠤᠨ ᠡᠳ᠋᠎ᠤᠨ ᠵᠠᠰᠠᠭ᠎ᠠᠴᠠ 5.79 ᠳ᠋ᠦᠩᠰᠢᠭᠤᠷ ᠲᠥᠭᠥᠷᠢᠭ ᠴᠥᠭᠡᠨ ᠲᠣᠭ᠋ᠠᠲᠤ ᠦᠨᠳᠦᠰᠦᠲᠡᠨ᠎ᠢ ᠬᠦᠭᠵᠢᠬᠦᠯᠬᠦ ᠪᠡᠯᠨ ᠮᠦᠩᠬᠦ ᠵᠢ ᠤᠷᠢᠳᠴᠢᠯᠠᠨ ᠪᠠᠭᠤᠯᠭ᠋ᠠᠪᠠ
ᠨᠡᠶ᠋ᠢᠲᠡᠯᠡᠭᠰᠡᠨ ᠴᠠᠭ᠄ 2024-12-06

      ᠣᠢ᠌ᠷ᠎ᠠ᠎ᠳᠤ ᠲᠥᠪ᠎ᠤᠨ ᠡᠳ᠋᠎ᠤᠨ ᠵᠠᠰᠠᠭ᠎ᠠᠴᠠ 2025 ᠣᠨ᠎ᠤ ᠲᠥᠪ᠎ᠤᠨ ᠡᠳ᠋᠎ᠤᠨ ᠵᠠᠰᠠᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠤᠯᠭ᠋ᠠᠯᠳᠤᠭᠤᠯᠤᠨ ᠠᠬᠢᠭᠤᠯᠬᠤ 5.79 ᠳ᠋ᠦᠩᠰᠢᠭᠤᠷ ᠲᠥᠭᠥᠷᠢᠭ ᠨᠥᠬᠥᠪᠥᠷᠢ ᠪᠠᠯᠠ ᠮᠥᠩᠭᠥ (ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ) ᠵᠢ ᠤᠷᠢᠳᠴᠢᠯᠠᠨ ᠪᠠᠭᠤᠯᠭ᠋ᠠᠪᠠ᠂ ᠪᠠᠯᠠ ᠮᠥᠩᠭᠥ᠎ᠪᠠᠷ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠂ ᠬᠥᠮᠦᠨ ᠠᠮᠠ᠎ᠪᠠᠷ ᠴᠥᠭᠡᠪᠲᠦᠷ ᠦᠨᠳᠦᠰᠦᠲᠡᠨ᠎ᠤ ᠬᠥᠭᠵᠢᠯᠲᠡ᠂ ᠦᠨᠳᠦᠰᠦᠲᠡᠨ᠎ᠤ ᠠᠢ᠌ᠯ ᠲᠣᠰᠬᠣᠨ᠎ᠤ ᠪᠥᠲᠥᠭᠡᠨ ᠪᠠᠢ᠌ᠭᠤᠯᠤᠯᠲᠠ᠂ ᠦᠨᠳᠦᠰᠦᠲᠡᠨ᠎ᠤ ᠭᠠᠷ ᠦᠢᠯᠡᠳᠪᠦᠷᠢ ᠵᠡᠷᠭᠡ ᠣᠨᠴᠠᠯᠢᠭᠲᠤ ᠠᠵᠤ ᠦᠢᠯᠡᠰ᠎ᠤᠨ ᠬᠥᠭᠵᠢᠯᠲᠡ ᠵᠢ ᠭᠦᠨᠵᠡᠭᠡᠶ ᠠᠬᠢᠭᠤᠯᠬᠤ ᠪᠠ ᠬᠢᠯᠢ ᠬᠢᠵᠠᠭ᠋ᠠᠷ ᠣᠷᠤᠨ᠎ᠤ ᠶᠠᠳᠠᠭᠤ ᠬᠦᠴᠢᠷᠳᠠᠯᠳᠠᠢ ᠣᠯᠠᠨ ᠲᠦᠮᠡᠨ᠎ᠳᠤ ᠳᠣᠤᠷ᠎ᠠ ᠹᠯᠤᠷᠳᠤ ᠪᠣᠷᠣᠯᠠᠭᠤᠯᠬᠤ ᠴᠠᠶ ᠵᠢ ᠳᠡᠯᠭᠡᠷᠡᠭᠦᠯᠬᠦ  ᠵᠡᠷᠭᠡ ᠠᠵᠢᠯ᠎ᠢ ᠬᠡᠷᠡᠭᠵᠢᠭᠦᠯᠬᠦ ᠵᠢ ᠭᠣᠤᠯᠳᠠᠯᠭ᠎ᠠ᠎ᠲᠠᠢ ᠳᠡᠮᠵᠢᠬᠦ ᠪᠣᠯᠤᠨ᠎ᠠ᠃
      ᠴᠥᠭᠡᠨ ᠲᠣᠭ᠋ᠠᠲᠤ ᠦᠨᠳᠦᠰᠦᠲᠡᠨ᠎ᠢ ᠬᠦᠭᠵᠢᠬᠦᠯᠬᠦ ᠪᠡᠯᠡ ᠮᠥᠩᠭᠥ᠎ᠨᠢ ᠢᠮᠠᠭᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠤᠯᠭ᠋ᠠᠯᠳᠤᠭᠤᠯᠬᠤ ᠵᠢ ᠭᠤᠤᠯᠳᠠᠯᠭ᠎ᠠ᠎ᠲᠠᠢ ᠳᠡᠮᠵᠢᠬᠦ ᠪᠣᠯᠤᠨ᠎ᠠ᠃ ᠪᠡᠯᠡ ᠮᠥᠩᠭᠥ ᠵᠢᠨ ᠬᠠᠮᠢᠶᠠᠷᠤᠯᠲᠠ ᠵᠢᠨ ᠲᠣᠭᠲᠠᠭ᠋ᠠᠯ᠎ᠳᠤ ᠨᠡᠢ᠌ᠴᠡᠭᠰᠡᠨ ᠤᠷᠢᠲᠠᠯ ᠳᠣᠣᠷ᠎ᠠ᠂ ᠦᠨᠳᠦᠰᠦᠲᠡᠨ᠎ᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠴᠥᠭᠡᠨ ᠲᠣᠭ᠋ᠠᠲᠤ ᠦᠨᠳᠦᠰᠦᠲᠡᠨ᠎ᠢ ᠬᠦᠭᠵᠢᠬᠦᠯᠬᠦ ᠪᠡᠯᠡ ᠮᠥᠩᠭᠥ ᠵᠢᠨ ᠲᠥᠷᠥᠯ ᠵᠦᠢ᠍ᠯ᠎ᠳᠤ ᠨᠡᠢ᠌ᠯᠡᠭᠦᠯᠦᠨ ᠣᠷᠤᠭᠤᠯᠤᠨ᠎ᠠ᠃ ᠦᠨᠳᠦᠰᠦᠲᠡᠨ᠎ᠤ ᠠᠢ᠌ᠯ ᠲᠣᠰᠬᠣᠨ᠎ᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ ᠪᠤᠯᠭ᠋ᠠᠨ ᠪᠦᠲᠦᠭᠡᠨ ᠪᠠᠢ᠌ᠭᠤᠯᠬᠤ ᠵᠢ ᠳᠡᠮᠵᠢᠵᠦ᠂ ᠨᠡᠢ᠌ᠲᠡᠯᠢᠭ ᠴᠢᠨᠠᠷ᠎ᠢ ᠨᠡᠮᠡᠭᠳᠡᠭᠦᠯᠬᠦ ᠴᠢᠭᠯᠡᠯ ᠶᠣᠰᠣᠭ᠋ᠠᠷ᠂ ᠲᠤᠬᠠᠶ ᠵᠢᠨ ᠭᠠᠵᠠᠷ᠎ᠤᠨ ᠠᠷᠠᠳ᠎ᠤᠨ ᠵᠠᠩ ᠦᠢ᠍ᠯᠡ ᠪᠠ ᠰᠢᠯᠢᠳᠡᠭ ᠰᠣᠶᠣᠯ᠎ᠤᠨ ᠥᠪ᠎ᠲᠤ ᠰᠠᠭᠤᠷᠢᠯᠠᠨ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠦᠨᠳᠦᠰᠦᠲᠡᠨ᠎ᠤ ᠠᠢ᠌ᠯ ᠲᠣᠰᠬᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠨᠡᠮᠡᠭᠳᠡᠭᠦᠯᠵᠦ᠂ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠦᠷᠭᠦᠯᠵᠢᠯᠡᠨ ᠰᠠᠢ᠌ᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠠᠴᠢᠶᠠᠯᠠᠪᠤᠷᠢ ᠵᠢᠨ ᠲᠠᠪᠴᠠᠩ᠎ᠢ ᠴᠣᠭᠴᠠᠯᠠᠨ ᠪᠠᠢ᠌ᠭᠤᠯᠤᠨ᠎ᠠ᠃ ᠦᠨᠳᠦᠰᠦᠲᠡᠨ᠎ᠤ ᠭᠠᠷ ᠦᠢᠯᠡᠳᠪᠦᠷᠢ ᠵᠢᠨ ᠨᠡᠷᠡᠲᠦ ᠳᠡᠮᠳᠡᠭ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠤ ᠭᠠᠷ ᠦᠢᠯᠡᠳᠪᠦᠷᠢ ᠵᠢᠨ ᠰᠢᠨ᠎ᠡ ᠵᠢ ᠡᠬᠦᠳᠦᠨ ᠬᠦᠭᠵᠢᠬᠦ᠎ᠲᠠᠢ ᠠᠭᠤᠰᠤᠯᠴᠠᠬᠤ ᠵᠢ ᠠᠬᠢᠭᠤᠯᠵᠤ᠂ ᠲᠡᠭᠦᠨ᠎ᠳᠤ ᠠᠭᠤᠯᠤᠭᠳᠠᠵᠤ ᠪᠠᠢ᠌ᠭ᠎ᠠ ᠬᠠᠮᠲᠤ ᠵᠢᠨ ᠴᠣᠭᠴᠠ ᠵᠢᠨ ᠣᠨᠣᠯᠵᠢᠬᠤᠨ ᠪᠠ ᠠᠵᠤ ᠠᠬᠤᠶ ᠵᠢᠨ ᠳᠠᠯᠳᠠ ᠥᠷᠲᠡᠭ᠎ᠢ ᠭᠦᠢᠴᠡᠳ ᠬᠥᠭᠵᠢᠭᠡᠵᠦ᠂ ᠮᠠᠯᠴᠢᠨ ᠲᠠᠷᠢᠶᠠᠴᠢᠨ᠎ᠢ ᠳᠠᠢ᠌ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠴᠢᠨᠡᠭᠡᠯᠢᠭᠵᠢᠭᠦᠯᠦᠨ᠎ᠡ᠃ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠬᠢᠯᠢ ᠬᠢᠵᠠᠭ᠋ᠠᠷ ᠤᠷᠤᠨ᠎ᠤ ᠮᠠᠯᠴᠢᠨ ᠲᠠᠷᠢᠶᠠᠴᠢᠨ᠎ᠤ ᠣᠷᠣᠯᠴᠠᠬᠤ ᠨᠤᠷᠮ᠎ᠠ ᠵᠢ ᠥᠷᠭᠡᠳᠬᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠰᠠᠭᠤᠷᠢᠰᠢᠬᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠬᠤ ᠬᠠᠮᠲᠤ᠎ᠪᠠᠷ ᠵᠢᠷᠭ᠋ᠠᠬᠤ ᠨᠡᠢ᠌ᠭᠡᠮ᠎ᠤᠨ ᠨᠥᠬᠥᠴᠡᠯ᠎ᠢ ᠡᠭᠦᠳᠴᠦ᠂ ᠬᠢᠯᠢ ᠬᠢᠵᠠᠭ᠋ᠠᠷ ᠤᠷᠤᠨ᠎ᠤ ᠠᠮᠤᠷ ᠳᠠᠢ᠌ᠪᠤᠡᠭ ᠠᠭᠤᠰᠤᠯᠴᠠᠨ ᠰᠠᠭᠤᠷᠢᠰᠢᠬᠤ ᠵᠢ ᠠᠬᠢᠭᠤᠯᠤᠨ᠎ᠠ᠃ ᠬᠢᠯᠢ ᠬᠢᠵᠠᠭ᠋ᠠᠷ ᠤᠷᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠰᠠᠢ᠌ᠵᠢᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠬᠢᠯᠢ ᠬᠢᠵᠠᠭ᠋ᠠᠷ ᠤᠷᠤᠨ᠎ᠤ ᠵᠢᠭᠤᠯᠴᠢᠯᠠᠯ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠬᠢᠯᠢ ᠬᠢᠵᠠᠭ᠋ᠠᠷ ᠤᠷᠤᠨ᠎ᠤ ᠵᠢᠭᠤᠯᠴᠢᠯᠠᠯ᠎ᠳᠤ 《ᠭᠤᠷᠪᠠᠨ ᠠᠴᠢ ᠬᠣᠯᠪᠣᠭᠳᠠᠯ》᠎ᠢ ᠣᠯᠭᠣᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠪᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠵᠢᠭᠤᠯᠴᠢᠯᠠᠯ᠎ᠤᠨ  ᠪᠦᠲᠦᠭᠡᠭᠳᠡᠬᠦᠨ ᠪᠠ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠵᠢᠡᠷ ᠠᠵᠢᠯ ᠣᠯᠭᠣᠯᠲᠠ ᠵᠢ ᠠᠬᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠲᠣᠰ ᠭᠠᠵᠠᠷ ᠤᠷᠤᠨ᠎ᠤ ᠡᠬᠢ ᠪᠠᠶᠠᠯᠢᠭ᠎ᠤᠨ ᠳᠠᠪᠠᠭᠤᠯᠢᠭ ᠪᠠ ᠤᠨᠴᠠᠯᠢᠬᠳᠤ ᠠᠵᠤ ᠦᠢᠯᠡᠰ᠎ᠤᠨ ᠳᠠᠪᠠᠭᠤᠯᠢᠭ᠎ᠲᠤ ᠰᠠᠭᠤᠷᠢᠯᠠᠵᠤ᠂ ᠳᠠᠷᠢᠵᠤ ᠲᠡᠵᠢᠭᠡᠬᠦ᠂ ᠬᠥᠳᠡᠭᠡ ᠲᠣᠰᠬᠣᠨ᠎ᠤ ᠵᠢᠭᠤᠯᠴᠢᠯᠠᠯ᠂ ᠦᠨᠳᠦᠰᠦᠲᠡᠨ᠎ᠤ ᠭᠠᠷ ᠦᠢᠯᠡᠳᠪᠦᠷᠢ ᠵᠢᠨ ᠪᠤᠯᠪᠠᠰᠤᠷᠠᠯ ᠵᠡᠷᠬᠡ ᠵᠢ ᠥᠷᠨᠢᠭᠦᠯᠵᠦ᠂ ᠨᠡᠢ᠌ᠲᠡᠯᠢᠭ ᠬᠡᠯᠡ᠎ᠪᠠᠷ ᠬᠢᠴᠢᠶᠡᠯᠯᠡᠬᠦ ᠬᠡᠯᠪᠡᠷᠢ᠎ᠪᠠᠷ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ ᠬᠦᠮᠦᠵᠢᠯ ᠪᠣᠯᠪᠠᠰᠤᠷᠠᠯ᠎ᠳᠤ ᠣᠷᠭ᠋ᠠᠨᠢᠭ ᠵᠶ᠋ᠠᠷ ᠠᠭᠤᠰᠬᠠᠨ᠎ᠠ᠃ ᠬᠢᠯᠢ ᠬᠢᠵᠠᠭ᠋ᠠᠷ ᠤᠷᠤᠨ᠎ᠤ ᠶᠠᠳᠠᠭᠤ ᠬᠦᠴᠢᠷᠳᠠᠯᠳᠠᠢ ᠣᠯᠠᠨ ᠲᠦᠮᠡᠨ᠎ᠳᠤ ᠲᠤᠤᠷ᠎ᠠ ᠹᠯᠤᠷᠳᠤ ᠴᠠᠶ ᠵᠢ ᠳᠡᠯᠭᠡᠷᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ 《ᠡᠷᠡᠭᠦᠯ ᠴᠠᠶ ᠤᠤᠭᠤᠬᠤ》 ᠤᠢ᠌ᠯᠠᠭ᠋ᠠᠯᠳᠠ᠎ᠲᠠᠢ ᠪᠣᠯᠭ᠋ᠠᠵᠤ᠂ ᠮᠠᠨ᠎ᠤ ᠣᠷᠣᠨ᠎ᠤ ᠭᠠᠵᠠᠷ ᠣᠷᠣᠨ᠎ᠤ ᠹᠯᠣᠷᠲᠤ ᠡᠪᠡᠳᠴᠢᠨ ᠡᠭᠦᠰᠬᠦ ᠨᠣᠷᠮ᠎ᠠ ᠵᠢ ᠪᠠᠭᠤᠷᠠᠭᠤᠯᠤᠨ᠎ᠠ᠃ ᠪᠡᠯᠡ ᠮᠥᠩᠭᠥ ᠵᠢ ᠬᠡᠷᠡᠭᠯᠡᠵᠦ ᠬᠠᠮᠢᠶᠠᠷᠬᠤ᠎ᠳᠤ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠎ᠪᠠᠷ ᠡᠭᠦᠰᠴᠡ ᠪᠠ  ᠳᠤᠰᠤᠯᠲᠠ ᠪᠣᠯᠭ᠋ᠠᠬᠤ ᠵᠢ ᠪᠠᠷᠢᠮᠳᠠᠯᠠᠵᠤ᠂ ᠦᠨᠳᠦᠰᠦᠲᠡᠨ᠎ᠨᠦᠭᠦᠳ᠎ᠤᠨ ᠬᠠᠮᠳᠤ᠎ᠪᠠᠷ ᠪᠦᠯᠬᠦᠮᠳᠡᠨ ᠲᠡᠮᠡᠴᠡᠬᠦ᠂ ᠬᠠᠮᠳᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠡᠢ᠌ᠭᠡᠮ ᠵᠢᠷᠤᠮᠲᠤ ᠣᠳᠣᠬᠢᠴᠢᠯᠠᠯᠲᠠ ᠳᠡᠢ᠌ᠰᠢ ᠬᠠᠮᠳᠤ᠎ᠪᠠᠷ ᠤᠷᠤᠭᠰᠢᠯᠠᠬᠤ ᠵᠢ ᠠᠬᠢᠭᠤᠯᠬᠤ᠎ᠳᠤ ᠬᠦᠴᠦᠨ ᠨᠡᠮᠡᠷᠢᠯᠡᠬᠦ ᠪᠣᠯᠤᠨ᠎ᠠ᠃





        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠬᠠᠮᠲᠤ᠎ᠪᠠᠷ ᠬᠦᠭᠵᠢᠬᠦᠯᠬᠦ ᠭᠠᠵᠠᠷ