ᠲᠡᠷᠢᠭᠦᠨ ᠬᠠᠭᠤᠳᠠᠰᠤ   -   ᠮᠠᠨ᠎ᠤ ᠠᠵᠢᠯ
《ᠰᠢᠨ᠎ᠡ ᠠᠶᠠᠯᠠᠯ ᠵᠶ᠋ᠠᠨ ᠡᠬᠢᠯᠡᠭᠦᠯᠵᠦ ᠠᠯᠤᠰ᠎ᠢ ᠵᠣᠷᠢᠨ ᠤᠷᠤᠭᠰᠢᠯᠠᠨᠠᠮ》 — ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠰᠢᠨ᠎ᠡ ᠠᠵᠢᠯᠲᠠᠨ᠎ᠤ ᠠᠩᠬᠠᠳᠠᠭᠴᠢ ᠤᠳᠠᠭ᠋ᠠᠨ᠎ᠤ ᠠᠵᠢᠯ᠎ᠤᠨ ᠪᠠᠢ᠌ᠷᠢ ᠵᠢᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-08-23

      ᠰᠢᠨ᠎ᠡ ᠢᠷᠡᠭᠰᠡᠨ ᠠᠵᠢᠯᠲᠠᠨ᠎ᠢ ᠬᠠᠪᠰᠤᠷᠤᠨ ᠠᠵᠢᠯ᠎ᠤᠨ ᠪᠠᠢ᠌ᠷᠢ᠎ᠳᠤ᠎ᠨᠢ ᠠᠯᠢ ᠲᠦᠷᠭᠡᠨ ᠵᠶ᠋ᠡᠷ ᠵᠤᠬᠢᠴᠠᠭᠤᠯᠵᠤ᠂ ᠤᠯᠤᠰ ᠲᠥᠷᠥ ᠵᠢᠨ ᠣᠨᠣᠯ᠎ᠤᠨ ᠬᠡᠪ ᠪᠣᠯᠪᠠᠰᠤᠷᠠᠯ ᠪᠠ ᠪᠣᠳᠠᠲᠠᠶ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ ᠵᠢ᠎ᠨᠢ ᠦᠨᠡᠨ ᠬᠦ᠌ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠠᠶᠠᠨ᠎ᠤ ᠭᠠᠷᠤᠭ᠎ᠠ᠎ᠪᠠᠨ ᠠᠵᠠ ᠬᠡᠢ᠌ᠮᠦᠷᠢ᠎ᠲᠠᠢ ᠡᠬᠢᠯᠡᠭᠦᠯᠬᠦ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠡᠮᠦᠨ᠎ᠡ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠰᠢᠨ᠎ᠡ ᠠᠵᠢᠯᠲᠠᠨ᠎ᠤ ᠠᠩᠬᠠᠳᠠᠭᠴᠢ ᠤᠳᠠᠭ᠋ᠠᠨ᠎ᠤ ᠠᠵᠢᠯ᠎ᠤᠨ ᠪᠠᠢ᠌ᠷᠢ ᠵᠢᠨ ᠪᠤᠯᠪᠠᠰᠤᠷᠠᠯ᠎ᠤᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃

W020240816722971933054_ORIGIN.jpg  
      ᠪᠤᠯᠪᠠᠰᠤᠷᠠᠯ᠎ᠤᠨ ᠬᠤᠷᠠᠯ ᠳᠡᠭᠡᠷ᠎ᠡ᠂ ᠬᠤᠷᠢᠶᠡᠨ ᠳᠠᠷᠤᠭ᠎ᠠ ᠸᠠᠩ ᠰᠢᠤᠸᠠᠢ ᠳ᠋ᠦᠩ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢ ᠲᠥᠯᠥᠭᠡᠯᠡᠨ ᠰᠢᠨ᠎ᠡ ᠨᠥᠬᠥᠳ ᠵᠢᠡᠨ ᠪᠠᠶᠠᠷᠯᠠᠨ ᠤᠭᠲᠤᠵᠤ ᠪᠠᠢ᠌ᠬᠤ᠎ᠪᠠᠨ ᠢᠯᠡᠷᠬᠡᠢ᠌ᠯᠡᠬᠦ ᠵᠢᠨ ᠬᠠᠮᠳᠤ ᠲᠠᠪᠤᠨ ᠲᠠᠯ᠎ᠠ ᠵᠢᠨ ᠬᠦᠰᠡᠯ ᠱᠠᠭ᠋ᠠᠷᠳᠠᠯᠭ᠎ᠠ ᠳᠤᠷᠠᠳᠪᠠ᠄ ᠨᠢᠭᠡ᠎ᠳᠤ ᠢᠮᠠᠭᠲᠠ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ ᠵᠢ ᠡᠷᠬᠢᠮᠯᠡᠬᠦ ᠬᠡᠷᠡᠭᠲᠡᠶ᠃ ᠦᠵᠡᠯ ᠰᠠᠨᠠᠭ᠋ᠠᠨ᠎ᠤ ᠲᠠᠯ᠎ᠠ᠎ᠪᠠᠷ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ ᠪᠣᠯᠤᠨ ᠤᠯᠤᠰ ᠲᠦᠷᠦ ᠵᠢᠨ ᠤᠨᠤᠯ᠎ᠤᠨ ᠲᠦᠪᠰᠢᠨ ᠵᠶ᠋ᠡᠨ ᠳᠡᠭᠡᠭᠰᠢᠯᠡᠭᠦᠯᠬᠦ ᠵᠢ ᠴᠢᠬᠤᠯᠠᠴᠢᠯᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦ ᠰᠢᠨ᠎ᠡ ᠴᠠᠭ ᠦᠶ᠎ᠡ ᠵᠢᠨ ᠰᠠᠢ᠍ᠢ᠍ᠨ ᠺᠠᠳ᠋ᠷ ᠪᠣᠯᠬᠤ ᠬᠡᠷᠡᠭᠲᠡᠢ᠃ ᠬᠣᠶᠠᠷ᠎ᠲᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠲᠦᠷᠢᠮ》᠎ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠶᠤᠯ ᠲᠥᠭᠰᠢᠭᠦᠷᠢ᠎ᠢ ᠰᠡᠷᠭᠡᠢ᠌ᠯᠡᠬᠦ ᠦᠵᠡᠯ ᠤᠬᠠᠮᠰᠠᠷ ᠪᠣᠯᠤᠨ ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ ᠵᠶ᠋ᠠᠨ ᠨᠡᠮᠡᠭᠳᠡᠬᠦᠯᠵᠦ᠂ ᠨᠢᠭᠤᠴᠠ ᠵᠢ ᠬᠠᠮᠠᠭ᠋ᠠᠯᠠᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠲᠠᠰᠤᠷᠠᠯᠲᠠ ᠤᠢ᠍ᠭᠡᠢ ᠪᠡᠬᠢᠵᠢᠭᠦᠯᠵᠦ᠂ ᠨᠢᠭᠤᠴᠠ ᠵᠢ ᠬᠠᠮᠠᠭ᠋ᠠᠯᠠᠬᠤ ᠠᠵᠢᠯ᠎ᠤᠨ ᠦᠵᠡᠯ ᠤᠬᠠᠮᠰᠠᠷ ᠵᠶ᠋ᠠᠨ ᠨᠡᠮᠡᠭᠳᠡᠬᠦᠯᠵᠦ᠂ ᠨᠢᠭᠤᠴᠠ ᠵᠢ ᠵᠠᠳᠠᠷᠠᠭᠤᠯᠬᠤ᠎ᠠᠴᠠ ᠴᠢᠩᠭ᠎ᠠ ᠰᠡᠷᠭᠡᠢ᠌ᠯᠡᠬᠦ ᠬᠡᠷᠡᠭᠲᠡᠶ᠃ ᠭᠤᠷᠪᠠ᠎ᠳᠤ ᠢᠮᠠᠭᠲᠠ ᠲᠥᠪ ᠭᠣᠣᠯᠴᠢ ᠠᠷᠢᠭᠤᠨ ᠴᠢᠬᠡᠴᠢ ᠪᠠᠢ᠌ᠬᠤ ᠬᠡᠷᠡᠭᠲᠡᠢ᠃ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠢ᠌ᠯᠡᠬᠦ ᠴᠢᠳᠠᠪᠤᠷᠢ᠎ᠪᠠᠨ ᠨᠡᠮᠡᠭᠳᠡᠭᠦᠯᠵᠦ᠂ ᠬᠥᠮᠦᠨ᠎ᠤ ᠠᠮᠢᠳᠤᠷᠠᠯ᠎ᠤᠨ ᠠᠯᠬᠤᠮ ᠪᠦᠷᠢ ᠵᠢ ᠰᠠᠢ᠌ᠲᠤᠷ ᠶᠠᠪᠤᠬᠤ ᠬᠡᠷᠡᠭᠲᠡᠢ᠃ ᠴᠠᠭ ᠢᠮᠠᠭᠲᠠ ᠥᠪᠡᠷ᠎ᠢ᠎ᠪᠠᠨ ᠰᠡᠷᠡᠮᠵᠢᠯᠡᠭᠦᠯᠵᠦ ᠥᠪᠡᠷ᠎ᠢ᠎ᠪᠠᠨ ᠲᠤᠩᠭ᠋ᠠᠵᠤ᠂ ᠠᠷᠢᠭᠤᠨ ᠴᠢᠬᠡᠴᠢ᠎ᠪᠠᠷ ᠠᠵᠢᠯ ᠬᠢᠵᠦ᠂ ᠠᠵᠢᠯᠴᠢ ᠬᠢᠴᠢᠶᠡᠩᠭᠦᠢ ᠪᠠᠢ᠌ᠬᠤ ᠬᠡᠷᠡᠭᠲᠡᠢ᠃ ᠲᠦᠷᠪᠡ᠎ᠳᠤ ᠨᠥᠬᠥᠳ᠎ᠲᠠᠢ᠎ᠪᠠᠨ ᠪᠦᠯᠬᠦᠮᠳᠡᠬᠦ ᠬᠡᠷᠡᠭᠲᠡᠢ᠃ ᠨᠥᠬᠥᠳ᠎ᠲᠠᠢ᠎ᠪᠠᠨ ᠪᠦᠯᠬᠦᠮᠳᠡᠬᠦ ᠪᠣᠯ ᠬᠠᠮᠲᠤ ᠵᠢᠨ ᠬᠠᠷᠠᠯᠲᠠ ᠵᠢ ᠪᠡᠶᠡᠯᠡᠭᠦᠯᠬᠦ ᠵᠢᠨ ᠰᠠᠭᠤᠷᠢ ᠮᠥᠨ᠂ ᠭᠠᠭᠴᠠ ᠬᠦ᠌ ᠪᠦᠯᠬᠦᠮᠳᠡᠨ ᠨᠢᠭᠡᠳᠪᠡᠯ ᠰᠠᠶᠢ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠠᠮᠵᠢᠯᠲᠠ ᠣᠯᠵᠤ ᠴᠢᠳᠠᠨ᠎ᠠ᠃ ᠲᠠᠪᠤ᠎ᠳᠤ ᠰᠤᠷᠤᠯᠴᠠᠬᠤ ᠣᠪᠣᠷ ᠣᠪᠣᠷ ᠰᠠᠢ᠌ᠨ ᠪᠠᠢ᠌ᠬᠤ ᠵᠢ ᠪᠠᠷᠢᠮᠲᠠᠯᠠᠬᠤ ᠬᠡᠷᠡᠭᠲᠡᠶ᠃ ᠲᠠᠰᠤᠷᠠᠯᠲᠠ ᠦᠭᠡᠢ ᠰᠤᠷᠤᠯᠴᠠᠬᠤ᠎ᠪᠠᠷ ᠳᠠᠮᠵᠢᠭᠤᠯᠵᠤ᠂ ᠬᠠᠷᠠᠭ᠎ᠠ ᠪᠠ ᠰᠡᠳᠬᠢᠬᠦᠢ᠎ᠪᠠᠨ ᠥᠷᠭᠡᠳᠬᠡᠵᠦ᠂ ᠨᠠᠢ᠌ᠷᠠᠭᠤᠯᠬᠤ ᠰᠠᠭᠤᠷᠢ ᠮᠡᠳᠡᠯᠭᠡ ᠪᠠ ᠦᠨᠳᠦᠰᠦᠨ ᠤᠷ᠎ᠠ ᠴᠢᠳᠠᠪᠤᠷᠢ ᠵᠢ ᠡᠵᠡᠮᠰᠢᠵᠤ᠂ ᠲᠤᠰ ᠪᠡᠶ᠎ᠡ ᠵᠢᠨ ᠶᠡᠷᠦᠩᠬᠡᠢ ᠬᠡᠪ ᠴᠢᠨᠠᠷ ᠵᠶ᠋ᠠᠨ ᠳᠡᠭᠡᠭᠰᠢᠯᠡᠭᠦᠯᠬᠦ ᠬᠡᠷᠡᠭᠲᠡᠢ᠃
      ᠲᠣᠰ ᠤᠳᠠᠭ᠋ᠠᠨ᠎ᠤ ᠪᠤᠯᠪᠰᠤᠷᠠᠯ᠎ᠨᠢ ᠰᠢᠨ᠎ᠡ ᠠᠵᠢᠯᠲᠠᠳ᠎ᠢ ᠬᠠᠪᠰᠤᠷᠤᠨ ᠬᠡᠪᠯᠡᠯ᠎ᠤᠨ ᠠᠵᠢᠯ ᠲᠥᠷᠥᠯ᠎ᠤᠨ ᠬᠥᠭᠵᠢᠯᠲᠡ ᠵᠢᠨ ᠲᠣᠢ᠌ᠮᠣ ᠪᠠᠢ᠌ᠳᠠᠯ᠂ 《ᠬᠡᠪᠯᠡᠯ᠎ᠤᠨ ᠬᠠᠮᠢᠶᠠᠷᠤᠯᠲᠠ ᠵᠢᠨ ᠲᠦᠷᠢᠮ》᠂ 《ᠰᠣᠨᠢᠨ ᠮᠡᠳᠡᠭᠡ ᠬᠡᠪᠯᠡᠯ᠎ᠤᠨ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ》 ᠵᠢᠴᠢ ᠰᠡᠳᠬᠦᠯ᠎ᠤᠨ ᠬᠣᠷᠢᠶ᠎ᠠ ᠵᠢᠨ ᠡᠯ᠎ᠡ ᠲᠦᠷᠦᠯ᠎ᠤᠨ ᠲᠦᠷᠢᠮ ᠲᠣᠭᠲᠠᠭ᠋ᠠᠯ᠎ᠢ ᠣᠢ᠌ᠯᠠᠭ᠋ᠠᠭᠤᠯᠵᠤ᠂ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠂ ᠠᠵᠢᠯ᠎ᠤᠨ ᠶᠠᠪᠤᠴᠠ᠂ ᠬᠠᠮᠢᠶ᠎ᠠ ᠪᠥᠬᠥᠶ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢᠴᠢ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠳᠣᠲᠣᠭ᠋ᠠᠳᠤ ᠮᠠᠲ᠋ᠧᠷᠢᠶᠠᠯ᠎ᠤᠨ ᠴᠢᠨᠠᠷᠲᠠᠶ ᠬᠡᠪᠯᠡᠭᠳᠡᠬᠦᠨ᠎ᠢ ᠰᠠᠢ᠌ᠲᠤᠷ ᠡᠷᠭᠢᠯᠡᠬᠦ᠎ᠳᠤ ᠪᠦᠷᠢᠯᠳᠦᠭᠦᠯᠪᠡᠰᠦ ᠵᠣᠬᠢᠬᠤ ᠦᠨᠳᠦᠰᠦᠨ ᠬᠡᠪ ᠴᠢᠨᠠᠷ᠎ᠢ ᠪᠥᠬᠥ ᠲᠠᠯ᠎ᠠ᠎ᠪᠠᠷ ᠣᠢ᠌ᠯᠠᠭ᠋ᠠᠭᠤᠯᠵᠤ᠂ ᠠᠵᠢᠯ ᠲᠥᠷᠥᠯ ᠪᠠ ᠪᠠᠢ᠌ᠭᠤᠯᠭ᠎ᠠ ᠨᠢᠬᠡᠴᠢ ᠵᠢᠨ ᠡᠨᠡᠭᠰᠢᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠵᠢ᠎ᠨᠢ ᠴᠢᠩᠭ᠋ᠠᠷᠠᠭᠤᠯᠵᠤ᠂ ᠰᠢᠨ᠎ᠡ ᠠᠵᠢᠯᠲᠠᠳ᠎ᠢ ᠠᠵᠢᠯ᠎ᠤᠨ ᠣᠷᠴᠢᠨ ᠲᠣᠭᠣᠷᠢᠨ᠎ᠳᠤ ᠨᠠᠩ ᠲᠦᠷᠭᠡᠨ ᠠᠭᠤᠰᠤᠯᠴᠠᠭᠤᠯᠵᠤ᠂ ᠠᠵᠢᠯ᠎ᠤᠨ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠶ ᠡᠷᠢᠵᠤ᠂ ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ᠎ᠢ᠎ᠨᠢ ᠴᠢᠩᠭ᠋ᠠᠷᠠᠭᠤᠯᠵᠤ᠂ ᠠᠵᠢᠯ᠎ᠤᠨ ᠬᠡᠪ ᠪᠠᠢ᠌ᠳᠠᠯ᠎ᠳᠤ ᠣᠷᠣᠬᠤ᠎ᠳᠤ᠎ᠨᠢ ᠪᠠᠲᠤ ᠪᠠᠬᠢ ᠰᠠᠭᠤᠷᠢ ᠵᠢ ᠲᠠᠯᠪᠢᠵᠤ ᠥᠭᠴᠡᠢ᠃



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ

         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ