8 ᠳ᠋ᠤᠭ᠋ᠠᠷ ᠰᠠᠷ᠎ᠠ ᠵᠢᠨ 12᠎ᠤᠨ ᠦᠳᠡ ᠵᠢᠨ ᠬᠣᠶ᠋ᠢᠨ᠎ᠠ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠭᠦᠯ᠎ᠤᠨ2024 ᠣᠨ᠎ᠤ ᠳᠥᠷᠪᠡᠳᠦᠭᠡᠷ ᠬᠤᠭᠤᠴᠠᠭ᠋ᠠᠨ᠎ᠤ ᠡᠬᠡ ᠪᠢᠴᠢᠭ ᠵᠣᠬᠢᠶᠠᠨ ᠪᠠᠶ᠋ᠢᠭᠤᠯᠬᠤ ᠠᠵᠢᠯ᠎ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠪᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃
ᠬᠤᠷᠠᠯ ᠳᠡᠭᠡᠷ᠎ᠡ᠂ ᠶᠦᠨ ᠪᠢᠩ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠭᠦᠯ᠎ᠤᠨ 2024 ᠣᠨ᠎ᠤ ᠳᠥᠷᠪᠡᠳᠦᠭᠡᠷ ᠬᠤᠭᠤᠴᠠᠭ᠋ᠠᠨ᠎ᠤ ᠬᠠᠪᠢᠰᠤ᠂ ᠡᠬᠢᠨ᠎ᠤ ᠦᠭᠡ᠂ ᠲᠥᠪᠯᠡᠷᠡᠯ᠂ ᠴᠢᠬᠤᠯᠠ ᠮᠡᠳᠡᠭᠡ ᠵᠡᠷᠭᠡ ᠡᠯ᠎ᠡ ᠪᠤᠯᠤᠩ᠎ᠤᠨ ᠡᠬᠡ ᠪᠢᠴᠢᠭ ᠵᠣᠬᠢᠶᠠᠨ ᠪᠠᠢ᠌ᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠡᠯ᠎ᠡ ᠪᠤᠯᠤᠩ᠎ᠤᠨ ᠠᠵᠢᠯ᠎ᠤᠨ ᠪᠣᠳᠠᠲᠤ ᠪᠠᠶ᠋ᠢᠳᠠᠯ ᠪᠠ ᠠᠬᠢᠴᠠ᠎ᠳᠤ ᠴᠢᠭᠯᠡᠭᠦᠯᠵᠦ᠂ ᠨᠢᠭᠡᠳ ᠨᠢᠭᠡ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠪᠠ᠃
ᠬᠤᠷᠠᠯ᠎ᠠᠴᠠ 2024 ᠣᠨ᠎ᠤ ᠳᠥᠷᠪᠡᠳᠦᠭᠡᠷ ᠬᠤᠭᠤᠴᠠᠭ᠋ᠠᠨ᠎ᠤ ᠡᠬᠡ ᠪᠢᠴᠢᠭ ᠵᠣᠬᠢᠶᠠᠨ ᠪᠠᠢ᠌ᠭᠤᠯᠬᠤ ᠠᠵᠢᠯ᠎ᠳᠤ ᠡᠯ᠎ᠡ ᠪᠤᠯᠤᠩ᠎ᠤᠨ ᠨᠠᠶ᠋ᠢᠷᠠᠭᠤᠯᠤᠭᠴᠢ ᠵᠢᠨ ᠶᠡᠬᠡ ᠬᠡᠮᠵᠢᠶᠡᠨ᠎ᠤ ᠠᠵᠢᠯ ᠬᠢᠵᠡᠶ᠂ ᠡᠭᠦᠷᠭᠡ ᠪᠣᠳᠠᠲᠠᠶ᠂ ᠡᠬᠡ ᠪᠢᠴᠢᠭ ᠵᠤᠬᠢᠶᠠᠨ ᠪᠠᠢ᠌ᠭᠤᠯᠤᠭᠰᠠᠨ᠎ᠨᠢ ᠬᠦᠴᠦᠲᠡᠶ᠂ ᠦᠷ᠎ᠡ ᠪᠦᠲᠦᠮᠵᠢ᠎ᠨᠢ ᠨᠤᠲᠠᠯᠠᠭᠤᠰᠢᠲᠠᠶ ᠶᠤᠮ᠃ ᠲᠠᠷᠠᠭ᠋ᠠᠴᠢ ᠵᠢᠨ ᠠᠯᠬᠤᠮ᠎ᠳᠤ ᠡᠬᠡ ᠪᠢᠴᠢᠭ᠎ᠤᠨ ᠶᠠᠰᠤ ᠴᠢᠨᠠᠷ ᠪᠣᠯᠤᠨ ᠴᠠᠭ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠬᠦ ᠵᠢ ᠴᠢᠩᠭ᠋ᠠᠳᠬᠠᠵᠤ᠂ ᠨᠠᠷᠢᠨ ᠬᠢᠨᠠᠮᠠᠭ᠋ᠠᠶ ᠴᠢᠩᠭ᠎ᠠ ᠨᠢᠮᠪᠠᠶ ᠣᠪᠣᠷ ᠵᠶ᠋ᠠᠷ ᠭᠣᠭᠴᠣᠭ᠎ᠠ ᠨᠢᠭᠡ ᠪᠦᠷᠢ ᠵᠢ ᠬᠠᠷᠢᠯᠴᠠᠨ ᠠᠪᠴᠠᠯᠳᠤᠭᠤᠯᠵᠤ᠂ ᠥᠴᠦᠬᠡᠨ ᠴᠦ᠍ ᠣᠰᠣᠯᠳᠠᠬᠤ ᠥᠬᠡᠶ ᠪᠠᠶ᠋ᠢᠬᠤ ᠵᠢ ᠪᠠᠲᠤᠯᠠᠬᠤ ᠬᠡᠷᠡᠭᠲᠡᠶ ᠭᠡᠵᠦ ᠳᠤᠷᠠᠳᠴᠠᠢ᠃
ᠬᠤᠷᠠᠯ᠎ᠠᠴᠠ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠣᠨᠣᠪᠴᠢᠲᠠᠢ ᠡᠵᠡᠮᠳᠡᠬᠦ ᠪᠠ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠢᠭᠡ᠎ᠳᠤ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠢ᠃ ᠢᠮᠠᠭᠲᠠ ᠲᠤᠭ᠎ᠢ ᠥᠨᠳᠥᠷ ᠮᠠᠨᠳᠤᠭᠤᠯᠵᠤ᠂ ᠶᠠᠷᠢᠶ᠎ᠠ ᠬᠡᠯᠡᠯᠴᠡᠭᠡᠨ᠎ᠤ ᠵᠢᠭᠰᠠᠭ᠋ᠠᠯ᠎ᠤᠨ ᠭᠠᠵᠠᠷ᠎ᠢ ᠥᠨᠳᠥᠷ ᠪᠠᠷᠢᠮᠵᠢᠶ᠎ᠠ᠎ᠪᠠᠷ ᠰᠠᠶ᠋ᠢᠲᠤᠷ ᠰᠠᠬᠢᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ᠎ᠢ ᠥᠨᠳᠥᠷ ᠲᠦᠪᠰᠢᠨ ᠵᠶ᠋ᠠᠷ ᠰᠠᠶ᠋ᠢᠲᠤᠷ ᠶᠠᠷᠢᠬᠤ ᠬᠡᠷᠡᠭᠲᠡᠢ᠃ ᠬᠣᠶᠠᠷ᠎ᠲᠤ ᠰᠡᠳᠦᠪ ᠰᠣᠩᠭᠣᠬᠤ ᠬᠠᠷᠠᠭ᠎ᠠ᠎ᠪᠠᠨ ᠥᠷᠭᠡᠳᠭᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠂ ᠰᠡᠳᠬᠦᠯ᠎ᠤᠨ ᠬᠣᠷᠢᠶᠠᠨ᠎ᠤ ᠠᠵᠢᠯ᠎ᠤᠨ ᠭᠣᠣᠯᠳᠠᠯᠭ᠎ᠠ᠂ ᠨᠡᠶ᠋ᠢᠭᠡᠮ᠎ᠤᠨ ᠬᠠᠯᠠᠮᠰᠢᠯ ᠴᠡᠭ ᠪᠣᠯᠤᠨ ᠥᠪᠡᠷᠮᠢᠴᠡ ᠣᠨᠴᠠᠯᠢᠭ᠎ᠲᠠᠢ ᠬᠢᠯᠠᠰ ᠴᠡᠭ᠎ᠤᠨ ᠲᠣᠭᠣᠷᠢᠨ᠎ᠳᠤ ᠰᠡᠳᠦᠪ ᠰᠣᠩᠭᠣᠬᠤ ᠬᠡᠷᠡᠭᠲᠡᠢ᠃ ᠭᠤᠷᠪᠠ᠎ᠳᠤ ᠡᠬᠡ ᠪᠢᠴᠢᠭ᠎ᠤᠨ ᠶᠠᠰᠤ ᠴᠢᠨᠠᠷ᠎ᠢ ᠴᠢᠩᠳᠠᠯᠠᠬᠤ ᠬᠡᠷᠡᠭᠲᠡᠢ᠃ ᠴᠤᠪᠤᠷᠠᠯ᠎ᠢ ᠵᠢᠷᠤᠮᠵᠢᠭᠤᠯᠬᠤ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠢ ᠪᠡᠶᠡᠯᠡᠭᠦᠯᠵᠦ᠂ ᠭᠤᠷᠪᠠᠨ ᠱᠠᠲᠤᠨ᠎ᠤ ᠬᠢᠨᠠᠵᠤ ᠬᠠᠷᠭᠤᠭᠤᠯᠬᠤ ᠳᠥᠷᠢᠮ᠎ᠢ ᠴᠢᠩᠭ᠎ᠠ ᠬᠡᠷᠡᠭᠵᠢᠭᠦᠯᠵᠦ᠂ ᠡᠬᠡ ᠪᠢᠴᠢᠭ᠎ᠤᠨ ᠠᠭᠤᠯᠭ᠎ᠠ ᠵᠢ ᠴᠢᠩᠭ᠎ᠠ ᠬᠢᠨᠠᠵᠤ᠂ ᠥᠰᠥᠭ ᠪᠢᠴᠢᠭ᠎ᠤᠨ ᠤᠩᠰᠢᠵᠤ ᠪᠣᠯᠬᠤᠶ᠋ᠢᠴᠠ ᠴᠢᠨᠠᠷ᠎ᠢ ᠴᠢᠩᠭ᠋ᠠᠷᠠᠭᠤᠯᠵᠤ᠂ ᠬᠠᠪᠰᠤᠷᠭ᠋ᠠᠭᠰᠠᠨ ᠵᠢᠷᠤᠭ᠎ᠤᠨ ᠮᠡᠳᠡᠭᠡ ᠵᠠᠩᠭᠢ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠵᠠᠢ᠃
ᠰᠡᠳᠬᠦᠯ᠎ᠤᠨ ᠬᠣᠷᠢᠶᠠᠨ᠎ᠤ ᠳᠠᠷᠤᠭ᠎ᠠ᠂ ᠶᠡᠷᠦᠩᠬᠡᠢ ᠨᠠᠶ᠋ᠢᠷᠠᠭᠤᠯᠤᠭᠴᠢ ᠸᠠᠩ ᠰᠢᠤᠸᠠᠢ ᠳ᠋ᠦᠩ ᠵᠢᠴᠢ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》᠎ᠤᠨ ᠪᠦᠬᠦ ᠨᠠᠶ᠋ᠢᠷᠠᠭᠤᠯᠤᠭᠴᠢ ᠬᠤᠷᠠᠯ᠎ᠳᠤ ᠣᠷᠣᠯᠴᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ