ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠡᠷ 1998 ᠣᠨ᠎ᠠᠴᠠ ᠡᠬᠢᠯᠡᠨ ᠵᠢᠯ ᠪᠦᠷᠢ ᠵᠢᠨ 9 ᠳ᠋ᠦ᠍ᠭᠡᠷ ᠰᠠᠷ᠎ᠠ ᠵᠢᠨ ᠭᠤᠷᠪᠠᠳᠤᠭ᠋ᠠᠷ ᠭᠠᠷᠠᠭ᠎ᠢ ᠪᠦᠬᠦ ᠤᠯᠤᠰ᠎ᠤᠨ ᠨᠡᠢ᠌ᠲᠡᠯᠢᠭ ᠬᠡᠯᠡ ᠵᠢ ᠳᠡᠯᠭᠡᠷᠡᠭᠦᠯᠦᠨ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ ᠵᠶ᠋ᠠᠷ ᠲᠣᠭᠲᠠᠭ᠋ᠠᠵᠠᠢ᠃ ᠪᠥᠬᠥ ᠤᠯᠤᠰ᠎ᠤᠨ 27 ᠳ᠋ᠤᠭ᠋ᠠᠷ ᠬᠤᠭᠤᠴᠠᠭ᠋ᠠᠨ᠎ᠤ ᠨᠡᠢ᠌ᠲᠡᠯᠢᠭ ᠬᠡᠯᠡ ᠵᠢ ᠳᠡᠯᠭᠡᠷᠡᠭᠦᠯᠦᠨ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠰᠠᠢ᠌ᠲᠤᠷ ᠬᠢᠬᠦ ᠵᠢᠨ ᠲᠤᠰᠠᠳᠠ᠂ ᠬᠠᠮᠢᠶ᠎ᠠ ᠪᠥᠬᠥᠶ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠨᠡᠢ᠌ᠲᠡᠯᠢᠭ ᠬᠡᠯᠡ ᠵᠢ ᠳᠡᠯᠭᠡᠷᠡᠭᠦᠯᠦᠨ ᠲᠦᠭᠡᠮᠡᠯᠵᠢᠭᠦᠯᠬᠦ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ᠎ᠬᠢᠨ᠎ᠤ ᠰᠠᠢ᠌ᠲᠤᠷ ᠬᠢᠬᠦ ᠲᠤᠬᠠᠢ ᠪᠠᠢ᠌ᠷᠢᠯᠠᠭᠤᠯᠤᠨ ᠲᠣᠬᠢᠷᠠᠭᠤᠯᠪᠠ᠃
ᠡᠯ᠎ᠡ ᠭᠠᠵᠠᠷ ᠣᠷᠣᠨ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠦᠭᠡ ᠬᠡᠯᠡ ᠦᠰᠦᠭ ᠪᠢᠴᠢᠭ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠂ ᠢᠯᠠᠩᠭᠤᠶ᠎ᠠ ᠴᠥᠭᠡᠨ ᠲᠣᠭ᠋ᠠᠲᠤ ᠦᠨᠳᠦᠰᠦᠲᠡᠨ᠎ᠤ ᠬᠣᠲᠠ᠎ᠳᠤ ᠣᠷᠣᠵᠤ ᠠᠵᠢᠯ ᠬᠢᠵᠦ ᠬᠤᠳᠠᠯᠳᠤᠭ᠎ᠠ ᠡᠷᠬᠢᠯᠡᠵᠦ ᠪᠣᠢ ᠪᠦᠯᠬᠦᠮ ᠨᠡᠢ᠌ᠲᠡ᠎ᠳᠤ ᠣᠯᠠᠨ ᠬᠡᠯᠪᠡᠷᠢ ᠶᠠᠩᠵᠤ ᠵᠢᠨ ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠦᠷᠨᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠤᠬᠠᠮᠰᠠᠷ ᠪᠠ ᠴᠢᠳᠠᠪᠤᠷᠢ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠳᠤ ᠰᠠᠢ᠍ᠢ᠍ᠨ ᠰᠠᠢ᠌ᠬᠠᠨ ᠨᠡᠢ᠌ᠭᠡᠮ᠎ᠤᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ