8 ᠳ᠋ᠤᠭ᠋ᠠᠷ ᠰᠠᠷ᠎ᠠ ᠵᠢᠨ 30᠎ᠤ ᠡᠳᠦᠷ᠂ ᠣᠨᠣᠯ᠎ᠤᠨ ᠰᠤᠳᠤᠯᠭ᠋ᠠᠨ᠎ᠤ ᠭᠠᠵᠠᠷ᠎ᠤᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠥᠵᠢᠯ᠎ᠤᠨ ᠲᠤᠰᠬᠠᠢ ᠰᠡᠳᠦᠪᠲᠦ ᠰᠣᠳᠤᠯᠤᠨ ᠶᠠᠷᠢᠯᠴᠠᠭ᠎ᠠ ᠵᠢ ᠥᠷᠨᠢᠭᠦᠯᠪᠠ᠃
ᠠᠵᠢᠯᠯᠠᠭ᠎ᠠ ᠵᠢᠨ ᠳᠤᠮᠳᠠ᠂ ᠤᠨᠤᠯ᠎ᠤᠨ ᠰᠤᠳᠤᠯᠭ᠋ᠠᠨ᠎ᠤ ᠭᠠᠵᠠᠷ᠎ᠤᠨ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 ᠤᠨ ᠵᠠᠰᠠᠪᠤᠷᠢ ᠣᠷᠣᠭᠤᠯᠤᠭᠰᠠᠨ ᠵᠦᠢ᠍ᠯ ᠵᠤᠷᠪᠤᠰ ᠵᠡᠷᠭᠡ ᠠᠭᠤᠯᠭ᠎ᠠ ᠵᠢ ᠬᠠᠮᠲᠤ᠎ᠪᠠᠷ ᠰᠤᠷᠤᠯᠴᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠠᠬᠢᠭᠤᠯᠬᠤ ᠵᠢᠨ ᠲᠣᠭᠣᠷᠢᠨ᠎ᠳᠤ ᠰᠤᠯᠢᠯᠴᠠᠵᠦ ᠰᠤᠳᠤᠯᠤᠨ ᠶᠠᠷᠢᠯᠴᠠᠪᠠ᠃
ᠬᠤᠷᠠᠯ᠎ᠠᠴᠠ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ ᠺᠠᠳ᠋ᠷ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠰᠠᠬᠢᠯᠭ᠎ᠠ ᠪᠠᠲᠤ ᠶᠣᠰᠣ ᠳᠦᠷᠢᠮ᠎ᠢ ᠴᠢᠩᠳᠠᠯᠠᠬᠤ ᠵᠢᠨ ᠲᠤᠢ᠌ᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠤᠨ ᠤᠷᠳᠤ ᠬᠤᠭᠤᠴᠠᠭ᠎ᠠ᠎ᠲᠠᠢ᠎ᠪᠠᠷ ᠪᠦᠲᠦᠮᠵᠢᠲᠡᠢ ᠪᠤᠯᠭ᠋ᠠᠬᠤ ᠵᠢ ᠠᠬᠢᠭᠤᠯᠵᠤ᠂ ᠡᠳᠦᠷ ᠳᠤᠳᠤᠮ᠎ᠤᠨ ᠠᠵᠢᠯ ᠠᠮᠢᠳᠤᠷᠠᠯ᠎ᠳᠤ ᠠᠭᠤᠰᠤᠯᠴᠠᠭᠤᠯᠬᠤ᠂ ᠪᠠᠢ᠌ᠩᠭᠤ ᠠᠳᠬᠤᠬᠤ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠣᠳᠠᠲᠤ ᠠᠵᠢᠯᠯᠠᠭ᠎ᠠ ᠪᠣᠯᠭ᠋ᠠᠨ ᠤᠯᠠᠷᠢᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠱᠠᠭ᠋ᠠᠷᠳᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ