9 ᠳ᠋ᠦ᠍ᠭᠡᠷ ᠰᠠᠷ᠎ᠠ ᠵᠢᠨ 11᠎ᠤ ᠡᠳᠦᠷ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠠᠨ ᠶᠠᠨ ᠨᠠᠷ ᠮᠠᠨ᠎ᠤ ᠵᠥᠪᠯᠡᠯ᠎ᠳᠤ ᠢᠷᠡᠵᠦ 《ᠤᠶᠠᠩᠭ᠋ᠠᠲᠤ ᠳᠤᠮᠳᠠᠳᠤ ᠤᠯᠤᠰ ᠰᠢᠯᠦᠭ᠎ᠲᠦ ᠤᠮᠠᠷᠠᠲᠤ ᠬᠢᠯᠢ》 ᠭᠡᠬᠦ ᠲᠣᠮᠣ ᠬᠡᠯᠪᠡᠷᠢ ᠵᠢᠨ ᠢᠷᠠᠭᠤ ᠨᠠᠢ᠌ᠷᠠᠭ᠎ᠤᠨ ᠠᠵᠢᠯᠯᠠᠭ᠎ᠠ ᠵᠢᠨ ᠲᠤᠬᠠᠶ ᠶᠠᠷᠢᠯᠴᠠᠨ ᠰᠣᠯᠢᠯᠴᠠᠪᠠ᠂ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠦ᠋ᠶ ᠹᠸᠩ ᠬᠤᠷᠠᠯ᠎ᠢ ᠡᠷᠭᠢᠯᠡᠪᠡ᠃
《ᠤᠶᠠᠩᠭ᠋ᠠᠲᠤ ᠳᠤᠮᠳᠠᠳᠤ ᠤᠯᠤᠰ ᠰᠢᠯᠦᠭ᠎ᠲᠦ ᠤᠮᠠᠷᠠᠲᠤ ᠬᠢᠯᠢ》 ᠭᠡᠬᠦ ᠲᠣᠮᠣ ᠬᠡᠯᠪᠡᠷᠢ ᠵᠢᠨ ᠢᠷᠠᠭᠤ ᠨᠠᠢ᠌ᠷᠠᠭ᠎ᠤᠨ ᠠᠵᠢᠯᠯᠠᠭ᠎ᠠ ᠵᠢ ᠡᠷᠭᠢᠯᠡᠬᠦ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠤᠯ ᠰᠢᠵᠢᠮ᠎ᠢ ᠪᠠᠲᠤ ᠡᠵᠡᠮᠳᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠵᠢ ᠠᠬᠢᠭᠤᠯᠵᠤ᠂ 《ᠤᠮᠠᠷᠠᠲᠤ ᠬᠢᠯᠢ ᠵᠢᠨ ᠰᠣᠶᠣᠯ》᠎ᠤᠨ ᠡᠯᠪᠡᠭ ᠪᠠᠶᠠᠯᠢᠭ ᠠᠭᠤᠯᠤᠭᠳᠠᠬᠤᠨ᠎ᠢ ᠠᠮᠢᠳᠤᠯᠢᠭ ᠳᠦᠷᠰᠦᠯᠢᠭ ᠵᠶ᠋ᠡᠷ ᠢᠯᠡᠷᠡᠭᠦᠯᠬᠦ ᠨᠢᠭᠡ ᠤᠳᠠᠭ᠋ᠠᠨ᠎ᠤ ᠪᠣᠳᠠᠲᠠᠶ ᠦᠢᠯᠡᠳᠦᠯᠭᠡ ᠪᠣᠯᠤᠨ᠎ᠠ᠃ ᠶᠠᠷᠢᠯᠴᠠᠬᠤ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠠᠵᠢᠯᠯᠠᠭ᠎ᠠ ᠵᠢ ᠥᠷᠨᠢᠭᠦᠯᠬᠦ ᠪᠣᠳᠠᠲᠠᠶ ᠠᠭᠤᠯᠭ᠎ᠠ ᠵᠢᠴᠢ ᠨᠡᠪᠲᠡᠷᠡᠯᠴᠡᠭᠡ ᠬᠠᠮᠵᠢᠯᠴᠠᠭ᠎ᠠ᠎ᠪᠠᠨ ᠬᠡᠷᠬᠢᠨ ᠴᠢᠩᠭ᠋ᠠᠳᠬᠠᠬᠤ᠂ ᠠᠵᠢᠯ᠎ᠤᠨ ᠪᠣᠳᠠᠲᠤ ᠦᠷ᠎ᠡ ᠪᠦᠲᠦᠮᠵᠢ᠎ᠪᠠᠨ ᠬᠡᠷᠬᠢᠨ ᠥᠷᠭᠡᠳᠬᠡᠬᠦ᠂ ᠠᠵᠢᠯ᠎ᠤᠨ ᠶᠠᠪᠤᠴᠠ᠎ᠪᠠᠨ ᠬᠡᠷᠬᠢᠨ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠭᠦᠨᠵᠡᠭᠡᠶ ᠰᠤᠳᠤᠯᠤᠨ ᠶᠠᠷᠢᠯᠴᠠᠵᠤ᠂ ᠬᠠᠮᠲᠤᠷᠠᠯᠴᠠᠭ᠋ᠠᠨ᠎ᠤ ᠰᠡᠳᠬᠢᠮᠵᠢ᠎ᠪᠠᠨ ᠲᠣᠳᠣᠷᠬᠠᠢ᠌ᠯᠠᠵᠤ᠂ ᠠᠵᠢᠯ᠎ᠤᠨ ᠲᠥᠰᠦᠯ ᠵᠶ᠋ᠡᠨ ᠵᠥᠪᠳᠡᠯᠴᠡᠨ ᠲᠣᠭᠲᠠᠭ᠋ᠠᠪᠠ᠃
ᠡᠨᠡ ᠵᠢᠯ᠎ᠤᠨ ᠡᠬᠢ᠎ᠪᠠᠷ ᠮᠠᠨ᠎ᠤ ᠵᠥᠪᠯᠡᠯ ᠪᠣᠯᠤᠨ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠨᠡᠢ᠌ᠭᠡᠮᠯᠢᠭ ᠬᠠᠮᠲᠤᠷᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠤᠯ ᠰᠢᠵᠢᠮ ᠪᠣᠯᠭ᠋ᠠᠬᠤ᠎ᠪᠠᠷ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠬᠣᠶᠠᠷ ᠲᠠᠯ᠎ᠠ᠎ᠪᠠᠷ ᠵᠶ᠋ᠠᠨ ᠤᠷᠢᠳ ᠬᠣᠵᠢᠳ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠠᠵᠢᠨᠠᠶ ᠬᠦᠯᠦᠭ ᠱᠠᠩᠨᠠᠯᠲᠤ ᠵᠣᠬᠢᠶᠠᠯ᠎ᠢ ᠲᠠᠨᠢᠯᠴᠠᠭᠤᠯᠬᠤ ᠠᠵᠢᠯ᠂ ᠣᠷᠴᠢᠭᠤᠯᠭ᠎ᠠ ᠵᠢᠨ ᠠᠵᠢᠯ ᠵᠡᠷᠭᠡ ᠲᠠᠯ᠎ᠠ ᠵᠢᠨ ᠬᠠᠮᠵᠢᠯᠴᠠᠭ᠎ᠠ ᠪᠠ ᠰᠣᠯᠢᠯᠴᠠᠭ᠎ᠠ ᠵᠢ ᠥᠷᠨᠢᠭᠦᠯᠵᠦ᠂ ᠮᠠᠰᠢ ᠰᠠᠢ᠌ᠨ ᠦᠷ᠎ᠡ ᠪᠦᠲᠦᠮᠵᠢ ᠤᠯᠪᠠ᠃ ᠲᠠᠷᠠᠭ᠋ᠠᠴᠢ᠎ᠪᠠᠷ ᠬᠣᠶᠠᠷ ᠲᠠᠯ᠎ᠠ᠎ᠪᠠᠷ ᠵᠶ᠋ᠠᠨ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠢᠭᠲᠠ ᠬᠠᠮᠲᠤᠷᠠᠯᠴᠠᠵᠤ᠂ ᠲᠣᠰ ᠤᠳᠠᠭ᠎ᠠ ᠵᠢᠨ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠰᠣᠶᠣᠯ ᠤᠬᠠᠭᠤᠯᠭ᠎ᠠ ᠵᠢᠨ ᠨᠡᠷᠡᠲᠦ ᠲᠡᠮᠳᠡᠭ᠎ᠢ ᠦᠷᠭᠦᠯᠵᠢᠯᠡᠨ ᠡᠭᠦᠳᠴᠦ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠬᠠᠮᠲᠤ᠎ᠪᠠᠷ ᠰᠠᠢ᠌ᠲᠤᠷ ᠶᠠᠷᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠳᠤ ᠰᠠᠢ᠌ᠨ ᠰᠠᠢ᠌ᠬᠠᠨ ᠠᠬᠤᠢ ᠨᠥᠭᠥᠴᠡᠯ᠎ᠢ ᠪᠣᠶ ᠪᠣᠯᠭ᠋ᠠᠨ᠎ᠠ ᠭᠡᠪᠡ᠃
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ