ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠷᠢᠨ ᠭᠦᠢ᠍ᠴᠡᠳ ᠵᠦᠪ ᠣᠨᠣᠪᠴᠢᠲᠠᠶ ᠪᠦᠬᠦ ᠲᠠᠯ᠎ᠠ᠎ᠪᠠᠷ ᠡᠵᠡᠮᠰᠢᠨ ᠲᠤᠭᠤᠰᠢᠯᠠᠭᠤᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠪᠥᠬᠥ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ᠎ᠨᠦᠭᠦᠳ᠎ᠤᠨ ᠦᠭᠡ ᠬᠡᠯᠡ ᠥᠰᠥᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠦ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ ᠵᠶ᠋ᠠᠨ ᠰᠤᠷᠤᠯᠴᠠᠬᠤ ᠪᠠ ᠬᠡᠷᠡᠭᠯᠡᠬᠦ ᠵᠢ ᠬᠦᠨᠳᠦᠳᠬᠡᠨ ᠪᠠᠳᠤᠯᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠠᠴᠠ 2024 ᠣᠨ᠎ᠳᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ 12 ᠵᠦᠢ᠍ᠯ᠎ᠤᠨ ᠲᠥᠷᠥᠯ ᠵᠦᠢ᠍ᠯ᠎ᠢ ᠲᠣᠭᠲᠠᠭ᠋ᠠᠵᠤ᠂ ᠭᠤᠷᠪᠠᠨ ᠴᠢᠩᠭ᠋ᠠᠳᠬᠠᠬᠤ ᠵᠢ ᠲᠤᠪᠤᠢ᠌ᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠤᠳᠤᠯᠭ᠋ᠠᠨ᠎ᠤ ᠦᠷ᠎ᠡ ᠪᠦᠲᠦᠭᠡᠯ᠎ᠤᠨ ᠤᠯᠠᠷᠢᠭᠤᠯᠤᠯᠲᠠ ᠪᠠ ᠬᠡᠷᠡᠭᠯᠡᠯᠲᠡ ᠵᠢ ᠠᠬᠢᠭᠤᠯᠪᠠ᠃
ᠤᠯᠤᠰ ᠲᠦᠷᠦ ᠵᠢᠨ ᠵᠢᠯᠤᠭᠤᠳᠤᠮᠵᠢ ᠵᠢ ᠴᠢᠩᠭ᠋ᠠᠳᠬᠠᠪᠠ᠃ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠰᠤᠳᠤᠯᠭ᠋ᠠᠨ᠎ᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠨᠠᠢ᠍ᠮᠠᠨ ᠮᠤᠵᠢ ᠣᠷᠣᠨ᠂ ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠮᠡᠳᠡᠭᠡ ᠵᠠᠩᠬᠢᠴᠢᠯᠠᠭᠤᠯᠤᠯᠲᠠ ᠵᠢᠨ ᠪᠣᠯᠪᠠᠰᠤᠷᠠᠯ᠎ᠤᠨ ᠠᠩᠭᠢ᠂ ᠮᠣᠩᠭᠣᠯ ᠬᠡᠯᠡᠨ᠎ᠤ ᠨᠡᠷ᠎ᠡ ᠲᠣᠮᠢᠶ᠎ᠠ ᠵᠢ ᠰᠤᠳᠤᠯᠤᠨ ᠰᠤᠷᠤᠯᠴᠠᠬᠤ ᠠᠩᠭᠢ᠂ ᠰᠢᠨ᠎ᠡ ᠦᠭᠡ ᠨᠡᠷ᠎ᠡ ᠲᠣᠮᠢᠶ᠎ᠠ ᠵᠢᠨ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ ᠵᠡᠷᠭᠡ ᠬᠤᠷᠠᠯ᠎ᠤᠨ ᠠᠵᠢᠯᠯᠠᠭ᠎ᠠ᠎ᠳᠤ ᠣᠷᠤᠯᠴᠠᠭᠤᠯᠵᠤ᠂ ᠨᠠᠮ᠎ᠤᠨ ᠦᠨᠳᠦᠰᠦᠲᠡᠨ᠎ᠤ ᠣᠨᠣᠯ ᠪᠣᠯᠣᠨ ᠲᠥᠷᠥ ᠵᠢᠨ ᠪᠣᠳᠣᠯᠭ᠎ᠠ ᠵᠢᠨ ᠵᠢᠯᠣᠭᠣᠳᠤᠯᠭ᠎ᠠ ᠬᠢᠵᠦ᠂ 《ᠳᠤᠮᠳᠠᠳᠤ ᠵᠢᠨ ᠰᠢᠯᠢᠳᠡᠭ ᠦᠭᠡ ᠬᠡᠯᠡᠨ᠎ᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠰᠣᠶᠣᠯ᠎ᠳᠤ᠎ᠪᠠᠨ ᠢᠲᠡᠭᠡᠯ᠎ᠲᠠᠢ ᠰᠤᠶᠤᠯ ᠵᠶ᠋ᠠᠷ ᠵᠶ᠋ᠠᠨ ᠬᠦᠴᠦᠷᠬᠡᠭᠵᠢᠬᠦ ᠵᠢ ᠠᠬᠢᠭᠤᠯᠬᠤ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠬᠤ》 ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠰᠣᠳᠤᠯᠭ᠎ᠠ ᠶᠠᠷᠢᠯᠴᠠᠭ᠎ᠠ ᠵᠢ ᠥᠷᠨᠢᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠ ᠶᠡᠬᠡ ᠲᠠᠯ᠎ᠠ ᠭᠣᠣᠯᠳᠠᠯᠭ᠎ᠠ᠎ᠳᠤ ᠦᠢ᠍ᠯᠡᠴᠢᠯᠡᠬᠦ ᠤᠯᠤᠰ ᠲᠦᠷᠦ ᠵᠢᠨ ᠤᠬᠠᠮᠰᠠᠷ᠎ᠢ ᠲᠠᠰᠤᠷᠠᠯᠳᠠ ᠦᠭᠡᠢ ᠴᠢᠩᠭ᠋ᠠᠳᠬᠠᠪᠠ᠃
ᠡᠳᠦᠷ ᠲᠤᠳᠤᠮ᠎ᠤᠨ ᠬᠠᠮᠢᠶᠠᠷᠤᠯᠲᠠ ᠵᠢ ᠴᠢᠩᠭ᠋ᠠᠳᠬᠠᠪᠠ᠃ ᠡᠳᠦᠷ ᠲᠤᠲᠤᠮ᠎ᠤᠨ ᠲᠤᠬᠢᠷᠠᠭᠤᠯᠤᠯᠳᠠ᠂ ᠳᠤᠮᠳᠠᠬᠢ ᠬᠤᠭᠤᠴᠠᠭ᠋ᠠᠨ᠎ᠤ ᠪᠠᠢ᠌ᠴᠠᠭ᠋ᠠᠯᠲᠠ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠭᠡᠯᠪᠡᠷᠢ᠎ᠪᠠᠷ ᠲᠠᠮᠵᠢᠭᠤᠯᠵᠦ᠂ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠦᠷᠦᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠪᠠ᠃ 3 ᠳ᠋ᠤᠭ᠋ᠠᠷ ᠰᠠᠷ᠎ᠠ᠎ᠳᠤ ᠲᠦᠷᠦᠯ ᠵᠦᠢ᠍ᠯ᠎ᠢ ᠲᠣᠭᠲᠠᠭ᠋ᠠᠭᠰᠠᠨ᠎ᠤ ᠳᠠᠷᠠᠭ᠎ᠠ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠦᠷᠦᠯ ᠵᠦᠢ᠍ᠯ᠎ᠢ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠲᠠᠨ᠎ᠲᠠᠢ ᠨᠢᠭᠡᠳ ᠨᠢᠭᠡ᠎ᠪᠠᠷ ᠬᠠᠷᠢᠯᠴᠠᠵᠤ᠂ ᠰᠤᠳᠤᠯᠭ᠋ᠠᠨ᠎ᠤ ᠰᠡᠳᠬᠢᠴᠡ᠂ ᠰᠤᠳᠤᠯᠭ᠋ᠠᠨ᠎ᠤ ᠴᠢᠭᠯᠡᠯ ᠪᠣᠯᠣᠨ ᠰᠤᠳᠤᠯᠭ᠋ᠠᠨ᠎ᠤ ᠲᠥᠯᠥᠪᠯᠡᠭᠡ ᠵᠢ ᠴᠠᠭ ᠲᠤᠬᠠᠢᠳᠤᠨᠢ ᠣᠢ᠌ᠯᠠᠭ᠋ᠠᠪᠠ᠃ 7 ᠳ᠋ᠤᠭ᠋ᠠᠷ ᠰᠠᠷ᠎ᠠ ᠵᠢᠨ 30᠎ᠤ ᠡᠳᠦᠷ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠬᠡᠬᠣᠲᠠ ᠣᠷᠤᠨᠤᠬᠢᠨᠤ ᠡᠭᠦᠷᠭᠡᠯᠡᠭᠰᠡᠳ᠎ᠤᠨ ᠰᠤᠳᠤᠯᠭ᠋ᠠᠨ᠎ᠤ ᠲᠦᠷᠦᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠰᠣᠨᠣᠰᠴᠤ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠦᠷᠦᠯ ᠵᠦᠢ᠍ᠯ᠎ᠤᠨ ᠠᠬᠢᠴᠠ ᠵᠢᠨ ᠲᠣᠬᠢᠷᠠᠭᠤᠯᠤᠯᠲᠠ᠂ ᠣᠷᠣᠰᠢᠵᠤ ᠪᠠᠢ᠌ᠭ᠎ᠠ ᠠᠰᠠᠭᠤᠳᠠᠯ᠂ ᠰᠠᠨᠠᠯ ᠰᠠᠨᠠᠭᠤᠯᠭ᠎ᠠ ᠵᠢᠨ ᠲᠤᠬᠠᠢ ᠰᠣᠯᠢᠯᠴᠠᠵᠤ ᠪᠠᠢ᠌ᠷᠢᠯᠠᠭᠤᠯᠤᠯᠲᠠ ᠬᠢᠪᠡ᠃ 7᠎ᠠᠴᠠ 8 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭ᠋ᠠᠭᠤᠯᠢ᠂ ᠬᠢᠩᠭ᠋ᠠᠨ ᠠᠢ᠌ᠮᠠᠭ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ 8 ᠶᠡᠬᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠪᠠᠢ᠌ᠭᠤᠯᠤᠮᠵᠢ᠎ᠳᠤ ᠭᠦᠨᠵᠡᠭᠡᠢ᠌ᠷᠡᠵᠦ᠂ ᠡᠷᠳᠡᠮ ᠰᠢᠨᠵᠢᠯᠡᠭᠡᠨ᠎ᠤ ᠲᠦᠷᠦᠯ ᠵᠦᠢ᠍ᠯ᠎ᠤᠨ ᠰᠤᠳᠤᠯᠭ᠋ᠠᠨ᠎ᠤ ᠠᠬᠢᠴᠠ᠂ ᠰᠤᠳᠤᠯᠭ᠋ᠠᠨ᠎ᠤ ᠦᠷ᠎ᠡ ᠪᠦᠲᠦᠭᠡᠯ᠂ ᠵᠠᠰᠠᠭ᠎ᠲᠤ ᠲᠤᠰᠠᠯᠠᠬᠤ ᠰᠡᠳᠬᠢᠮᠵᠢ ᠪᠣᠯᠣᠨ ᠪᠡᠯᠡ ᠮᠥᠩᠭᠥ ᠵᠢᠨ ᠬᠡᠷᠡᠭᠯᠡᠯᠲᠡ ᠵᠢᠨ ᠪᠠᠢ᠌ᠳᠠᠯ ᠪᠣᠯᠣᠨ ᠣᠷᠣᠰᠢᠵᠤ ᠪᠠᠢ᠌ᠭ᠎ᠠ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠣᠢ᠌ᠯᠠᠭ᠋ᠠᠵᠤ᠂ ᠪᠣᠳᠠᠲᠠᠢ ᠵᠢᠯᠤᠭᠣᠳᠬᠤ ᠰᠠᠨᠠᠯ ᠳᠤᠷᠠᠳᠴᠠᠢ᠃
ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠴᠢᠩᠭ᠋ᠠᠳᠬᠠᠪᠠ᠃ ᠨᠡᠢ᠌ᠲᠡᠯᠢᠭ ᠴᠢᠨᠠᠷ᠎ᠢ ᠴᠢᠩᠭ᠋ᠠᠳᠬᠠᠵᠤ᠂ ᠵᠥᠷᠢᠶᠡᠲᠦ ᠴᠢᠨᠠᠷ᠎ᠢ ᠪᠠᠭᠤᠷᠠᠢ᠌ᠰᠢᠭᠤᠯᠬᠤ ᠰᠤᠳᠤᠯᠭ᠋ᠠᠨ᠎ᠤ ᠤᠳᠤᠷᠢᠳᠤᠮᠵᠢ ᠵᠢ ᠪᠠᠷᠢᠮᠲᠠᠯᠠᠵᠤ᠂ ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠪᠦᠬᠦ ᠶᠠᠪᠤᠴᠠ᠎ᠳᠤ ᠠᠭᠤᠰᠤᠯᠴᠠᠭᠤᠯᠵᠦ᠂ ᠰᠡᠳᠦᠪ ᠰᠣᠩᠭᠣᠨ ᠴᠤᠭᠯᠠᠭᠤᠯᠬᠤ᠂ ᠰᠡᠳᠦᠪ ᠲᠣᠭᠲᠠᠭ᠋ᠠᠬᠤ᠎ᠠᠴᠠ ᠡᠬᠢᠯᠡᠨ ᠦᠷ᠎ᠡ ᠪᠦᠲᠦᠭᠡᠯ ᠢ ᠤᠯᠠᠷᠢᠭᠤᠯᠬᠤ ᠤᠬᠠᠮᠰᠠᠷ᠎ᠢ ᠪᠤᠢ ᠪᠣᠯᠭ᠋ᠠᠵᠤ᠂ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠠᠵᠢᠯ᠎ᠢ ᠢᠮᠠᠭᠲᠠ ᠵᠥᠪ ᠣᠨᠣᠪᠴᠢᠲᠠᠶ ᠤᠯᠤᠰ ᠲᠦᠷᠦ ᠵᠢᠨ ᠴᠢᠭᠯᠡᠯ ᠵᠶ᠋ᠡᠷ ᠥᠷᠨᠢᠭᠦᠯᠬᠦ ᠵᠢ ᠦᠨᠡᠨ ᠬᠦ᠌ ᠪᠠᠲᠤᠯᠠᠪᠠ᠃ ᠣᠳᠣᠬᠠᠨ᠎ᠳᠤ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ 12 ᠲᠦᠷᠦᠯ ᠵᠦᠢ᠍ᠯ᠎ᠨᠢ ᠴᠥᠮ ᠰᠤᠳᠤᠯᠭ᠋ᠠᠨ᠎ᠤ ᠦᠷ᠎ᠡ ᠪᠦᠲᠦᠭᠡᠯ᠎ᠲᠠᠢ ᠪᠣᠯᠪᠠ᠂ ᠡᠭᠦᠨ᠎ᠤ ᠳᠣᠲᠣᠷᠠᠬᠢ 8 ᠲᠥᠷᠥᠯ ᠵᠦᠢ᠍ᠯ᠎ᠨᠢ ᠨᠢᠭᠡᠨᠲᠡ ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠪᠡᠶᠡᠯᠡᠭᠦᠯᠵᠦ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠦᠷ᠎ᠡ ᠪᠦᠲᠦᠭᠡᠯ ᠵᠶ᠋ᠡᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ᠎ᠪᠠᠷ ᠤᠯᠠᠷᠢᠬᠤ ᠪᠠ ᠰᠢᠨ᠎ᠡ ᠡᠭᠦᠳᠦᠯᠲᠡ᠎ᠲᠠᠢ᠎ᠪᠠᠷ ᠬᠥᠭᠵᠢᠬᠦ ᠵᠢ ᠦᠨᠡᠨ ᠬᠦ᠌ ᠠᠬᠢᠭᠤᠯᠵᠤ᠂ ᠤᠯᠤᠰ᠎ᠤᠨ ᠦᠭᠡ ᠬᠡᠯᠡᠨ᠎ᠤ ᠰᠣᠶᠣᠯ᠎ᠤᠨ ᠠᠮᠤᠷ ᠲᠦᠪᠰᠢᠨ᠎ᠢ ᠬᠠᠮᠠᠭ᠋ᠠᠯᠠᠪᠠ᠃
ᠬᠢᠨᠠᠨ ᠨᠠᠢ᠌ᠷᠠᠭᠤᠯᠤᠭᠴᠢ ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ