ᠲᠡᠷᠢᠭᠦᠨ ᠬᠠᠭᠤᠳᠠᠰᠤ   -   ᠮᠠᠨ᠎ᠤ ᠠᠵᠢᠯ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠠᠵᠢᠯᠳᠠᠨ᠎ᠤ ᠪᠤᠯᠪᠠᠰᠤᠷᠠᠯ᠎ᠤᠨ ᠠᠩᠬᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2024-09-23

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠠᠢ᠌ᠩᠭᠤᠵᠢᠭᠤᠯᠬᠤ ᠲᠣᠭᠲᠠᠴᠠ ᠵᠢ ᠪᠠᠶ᠋ᠢᠭᠤᠯᠬᠤ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠤᠳᠠᠳᠠᠢ ᠲᠥᠷᠥᠭᠳᠡᠯ᠎ᠲᠠᠢ ᠪᠥᠲᠥᠮᠵᠢ᠎ᠲᠠᠢ ᠥᠷᠨᠢᠭᠦᠯᠵᠦ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠵᠢᠨ ᠲᠦᠯᠦᠭᠡ᠂ 9 ᠳ᠋ᠦ᠍ᠭᠡᠷ ᠰᠠᠷ᠎ᠠ ᠵᠢᠨ 9᠎ᠠᠴᠠ 12᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠬᠥᠬᠡᠬᠣᠲᠠ᠎ᠳᠤ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠠᠵᠢᠯᠳᠠᠨ᠎ᠤ ᠪᠤᠯᠪᠠᠰᠤᠷᠠᠯ᠎ᠤᠨ ᠠᠩᠬᠢ ᠵᠢ ᠡᠷᠬᠢᠯᠡᠪᠡ᠃ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ 60 ᠠᠵᠢᠯᠲᠠᠨ ᠪᠣᠯᠪᠠᠰᠤᠷᠠᠯ᠎ᠳᠤ ᠣᠷᠣᠯᠴᠠᠪᠠ᠃

4.jpg 
      ᠲᠤᠰ ᠤᠳᠠᠭ᠋ᠠᠨ᠎ᠤ ᠪᠣᠯᠪᠠᠰᠤᠷᠠᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠲᠤᠭᠤᠷᠢᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠣᠨᠣᠯ᠎ᠤᠨ ᠲᠠᠢ᠌ᠯᠪᠤᠷᠢᠯᠠᠯᠳᠠ ᠬᠢᠬᠦ᠂ ᠲᠤᠰᠬᠠᠢ ᠰᠡᠳᠦᠪ ᠵᠶ᠋ᠡᠷ ᠬᠠᠪᠰᠤᠷᠤᠨ ᠵᠢᠯᠤᠭᠣᠳᠬᠤ᠂ ᠲᠤᠬᠠᠢ ᠵᠢᠨ ᠲᠠᠯᠠᠪᠤᠷ᠎ᠲᠤ ᠵᠢᠭ᠋ᠠᠨ ᠰᠤᠷᠭ᠋ᠠᠬᠤ ᠪᠠ ᠰᠤᠯᠢᠯᠴᠠᠵᠦ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠠᠷ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠮᠵᠢ ᠪᠤᠯᠭ᠋ᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠬᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠂ ᠴᠢᠬᠤᠯᠠ ᠶᠡᠬᠡ ᠠᠴᠢ ᠬᠣᠯᠪᠣᠭᠳᠠᠯ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠬᠦᠨᠵᠡᠭᠡᠢ  ᠣᠢ᠌ᠯᠠᠭ᠋ᠠᠬᠤ ᠵᠡᠷᠭᠡ ᠬᠢᠴᠢᠶᠡᠯ᠎ᠢ ᠲᠤᠬᠢᠷᠠᠭᠤᠯᠪᠠ᠃

5.jpg

      ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠎ᠳᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ ᠪᠤᠯᠬᠤ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠬᠥᠬᠡᠬᠣᠲᠠ ᠵᠢᠨ ᠦᠵᠡᠬᠦᠯᠭᠡ ᠵᠢᠨ ᠲᠥᠪ ᠵᠶ᠋ᠠᠷ ᠲᠣᠭᠣᠷᠢᠨ ᠰᠤᠷᠤᠯᠴᠠᠵᠦ᠂ ᠥᠪᠥᠷ ᠮᠣᠩᠭᠣᠯ᠎ᠤᠨ ᠨᠡᠢ᠌ᠭᠡᠮ ᠵᠢᠷᠤᠮᠳᠦ ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ᠂ ᠬᠥᠭᠵᠢᠯᠲᠡ ᠵᠢᠨ ᠲᠡᠦᠬᠡᠨ ᠶᠠᠪᠤᠴᠠ ᠵᠢᠨ ᠦᠵᠡᠬᠦᠯᠭᠡ ᠪᠠ ᠬᠥᠬᠡᠬᠣᠲᠠ ᠵᠢᠨ ᠲᠡᠦᠬᠡ ᠰᠣᠶᠣᠯ᠂ ᠬᠣᠲᠠ ᠪᠠᠢ᠌ᠭᠤᠯᠤᠭᠰᠠᠨ ᠲᠡᠦᠬᠡ᠂ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠳᠦᠮᠵᠢ᠂ ᠬᠥᠭᠵᠢᠯᠲᠡ ᠵᠢᠨ ᠲᠥᠯᠦᠪᠵᠢᠭᠦᠯᠭᠡ᠂ ᠬᠣᠲᠠ ᠵᠢᠨ ᠣᠨᠴᠠᠯᠢᠭ ᠪᠠ ᠠᠷᠠᠳ᠎ᠤᠨ ᠵᠠᠩ ᠦᠢ᠍ᠯᠡ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠬᠦᠯᠭᠡ ᠵᠢ ᠰᠣᠨᠢᠷᠬᠠᠪᠠ᠃ ᠰᠤᠷᠤᠯᠭ᠋ᠠᠲᠠᠳ ᠲᠠᠢ᠌ᠯᠪᠤᠷᠢᠯᠠᠭᠴᠢ᠎ᠲᠠᠢ ᠰᠣᠯᠢᠯᠴᠠᠬᠤ᠎ᠪᠠᠷ ᠲᠠᠮᠵᠢᠭᠤᠯᠵᠦ᠂ ᠦᠵᠡᠬᠦᠯᠭᠡ ᠪᠠᠢ᠌ᠷᠢᠰᠢᠭᠤᠯᠬᠤ ᠰᠡᠳᠬᠢᠮᠵᠢ᠂ ᠲᠠᠢ᠌ᠯᠪᠤᠷᠢᠯᠠᠬᠤ ᠤᠷ᠎ᠠ ᠳᠡᠮ ᠵᠡᠷᠭᠡ ᠲᠠᠯ᠎ᠠ᠎ᠪᠠᠷ ᠭᠦᠨᠵᠡᠭᠡᠢ ᠣᠢ᠌ᠯᠠᠭ᠋ᠠᠯᠲᠠ᠎ᠲᠠᠢ ᠪᠣᠯᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠣᠭᠣᠷᠣᠨᠳᠣᠬᠢ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ᠂ ᠬᠠᠮᠲᠤᠷᠠᠯᠴᠠᠨ ᠰᠣᠯᠢᠯᠴᠠᠬᠤ ᠵᠢ ᠪᠦᠲᠦᠮᠵᠢᠲᠡᠶ ᠠᠬᠢᠭᠤᠯᠪᠠ᠃
      ᠰᠤᠷᠤᠯᠭ᠋ᠠᠲᠠᠳ᠎ᠠᠴᠠ ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ ᠵᠢᠨ ᠬᠢᠴᠢᠶᠡᠯ᠎ᠤᠨ ᠲᠣᠬᠢᠷᠠᠭᠤᠯᠤᠯᠲᠠ᠎ᠨᠢ ᠠᠭᠤᠯᠭ᠎ᠠ ᠪᠠᠶᠠᠯᠢᠭ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠬᠢᠴᠢᠶᠡᠯᠯᠡᠭᠰᠡᠨ ᠪᠠᠭᠰᠢ ᠵᠢᠨ ᠲᠠᠢ᠌ᠯᠤᠮᠵᠢ ᠨᠠᠷᠢᠯᠢᠭ ᠪᠣᠳᠠᠲᠠᠢ᠂ ᠬᠡᠷᠡᠭᠵᠢᠭᠦᠯᠵᠦ ᠪᠣᠯᠬᠤᠢ᠌ᠴᠠ ᠴᠢᠨᠠᠷ ᠵᠶ᠋ᠠᠷ ᠴᠢᠩᠭ᠎ᠠ ᠭᠡᠵᠦ ᠢᠯᠡᠳᠭᠡᠵᠡᠭᠡᠪᠡ᠃ ᠰᠤᠷᠤᠯᠭ᠋ᠠᠲᠠᠳ᠎ᠠᠴᠠ ᠲᠣᠰ ᠤᠳᠠᠭ᠋ᠠᠨ᠎ᠤ ᠲᠥᠪᠯᠡᠷᠡᠭᠰᠡᠨ ᠪᠤᠯᠪᠠᠰᠤᠷᠠᠯ ᠵᠶ᠋ᠠᠷ ᠲᠠᠮᠵᠢᠵᠦ ᠮᠠᠰᠢ ᠣᠯᠠᠨ ᠣᠯᠣᠯᠲᠠ ᠣᠢ᠌ᠯᠠᠭ᠋ᠠᠯᠲᠠ᠎ᠲᠠᠢ ᠪᠣᠯᠵᠤ᠂ ᠬᠣᠢ᠌ᠰᠢᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠰᠠᠢ᠌ᠲᠤᠷ ᠬᠢᠬᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠰᠠᠢ᠌ᠲᠤᠷ ᠪᠠᠶ᠋ᠢᠭᠤᠯᠬᠤ ᠠᠵᠢᠯ᠎ᠤᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ᠌ᠯᠠᠪᠠ᠃ ᠲᠤᠰ ᠤᠳᠠᠭ᠋ᠠᠨ᠎ᠤ ᠪᠣᠯᠪᠠᠰᠤᠷᠠᠯ ᠵᠶ᠋ᠡᠷ ᠲᠤᠬᠢᠶᠠᠯᠳᠤᠯ ᠪᠣᠯᠭ᠋ᠠᠵᠤ᠂ ᠪᠠᠢ᠌ᠯᠳᠤᠬᠤ ᠪᠣᠳᠣᠯᠭ᠎ᠠ ᠪᠣᠯᠣᠨ ᠪᠦᠬᠦ ᠲᠠᠯ᠎ᠠ ᠵᠢᠨ ᠦᠨᠳᠦᠷᠴᠨ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ  ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠴᠢᠬᠤᠯᠠ ᠴᠢᠨᠠᠷ ᠪᠣᠯᠣᠨ ᠵᠠᠢ᠌ᠯᠠᠰᠢ ᠦᠭᠡᠢ ᠴᠢᠨᠠᠷ᠎ᠢ ᠵᠥᠪ ᠡᠵᠡᠮᠰᠢᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠷᠮᠠᠢ᠌ᠨ ᠴᠢᠩᠭ᠋ᠠᠳᠬᠠᠵᠤ᠂ ᠰᠠᠭᠤᠷᠢᠨ ᠭᠠᠵᠠᠷ ᠵᠶ᠋ᠠᠷ ᠲᠦᠰᠢᠭ ᠪᠤᠯᠭ᠋ᠠᠵᠦ᠂ ᠭᠣᠣᠯ ᠰᠢᠵᠢᠮ ᠭᠣᠣᠯ ᠵᠣᠷᠢᠯᠲᠠ ᠵᠢ ᠲᠤᠪᠤᠢ᠌ᠯᠭ᠋ᠠᠵᠦ᠂ ᠭᠣᠣᠯᠳᠠᠯᠭ᠎ᠠ ᠶᠡᠬᠡ ᠲᠠᠯ᠎ᠠ᠎ᠳᠤ ᠦᠢ᠍ᠯᠡᠴᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠤᠯᠠᠮ ᠨᠢᠭᠡ ᠠᠯᠬᠤᠮ ᠪᠤᠳᠠᠳᠠᠢ ᠲᠥᠷᠥᠭᠳᠡᠯ᠎ᠲᠠᠢ   ᠪᠥᠲᠥᠮᠵᠢ᠎ᠲᠠᠢ ᠰᠠᠢ᠌ᠲᠤᠷ ᠬᠢᠨ᠎ᠡ ᠭᠡᠵᠦ ᠢᠯᠡᠳᠭᠡᠪᠡ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠣᠯ ᠰᠢᠵᠢᠮ ᠮᠥᠨ᠃ ᠲᠣᠰ ᠤᠳᠠᠭ᠋ᠠᠨ᠎ᠤ ᠪᠤᠯᠪᠠᠰᠤᠷᠠᠯ᠎ᠢ ᠠᠮᠵᠢᠯᠲᠠ᠎ᠲᠠᠢ ᠡᠷᠭᠢᠯᠡᠭᠰᠡᠨ᠎ᠨᠢ ᠡᠯ᠎ᠡ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠲᠠᠯ᠎ᠠ᠎ᠪᠠᠷ ᠨᠠᠩ ᠶᠡᠬᠡ ᠦᠢ᠍ᠯᠡᠳᠦᠯ ᠪᠠᠳᠠᠷᠠᠭᠤᠯᠬᠤ ᠵᠢ ᠬᠦᠴᠦᠲᠡᠢ ᠠᠬᠢᠭᠤᠯᠬᠤ ᠪᠣᠯᠣᠨ᠎ᠠ᠃ ᠬᠣᠢ᠌ᠰᠢᠳᠠ ᠵᠢᠨ ᠠᠵᠢᠯ᠎ᠤᠨ ᠳᠤᠮᠳᠠ᠂ ᠠᠵᠢᠯ᠎ᠤᠨ ᠠᠷᠭ᠎ᠠ ᠪᠠᠷᠢᠯ ᠵᠶ᠋ᠠᠨ ᠲᠠᠰᠤᠷᠠᠯᠲᠠ ᠦᠭᠡᠢ ᠰᠢᠨᠡᠴᠢᠯᠡᠵᠦ᠂ ᠬᠥᠮᠦᠵᠢᠯ᠎ᠤᠨ ᠠᠭᠤᠯᠭ᠎ᠠ ᠵᠢ ᠪᠠᠶᠠᠯᠢᠭᠵᠢᠭᠤᠯᠵᠤ᠂ ᠨᠡᠢ᠌ᠭᠡᠮ᠎ᠤᠨ ᠲᠠᠯ᠎ᠠ ᠵᠢᠨ ᠤᠬᠠᠭᠤᠯᠭ᠎ᠠ ᠬᠥᠮᠦᠵᠢᠯ᠎ᠳᠤ ᠦᠢ᠍ᠯᠡᠴᠢᠯᠡᠵᠦ᠂ ᠺᠠᠳ᠋ᠷ᠎ᠤᠨ ᠰᠤᠷᠭ᠋ᠠᠨ ᠬᠥᠮᠦᠵᠢᠯ᠂ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ ᠪᠠ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠴᠠᠷᠠᠭ᠎ᠠ ᠬᠦᠷᠢᠶᠡᠨ᠎ᠤ ᠬᠡᠷᠡᠭᠴᠡᠭᠡ᠎ᠳᠤ ᠲᠤᠯᠭ᠋ᠠᠭᠤᠷᠢᠯᠠᠵᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠬᠠᠮᠤᠭ᠎ᠤᠨ ᠶᠡᠬᠡ ᠬᠡᠪᠴᠢᠶ᠎ᠡ᠎ᠪᠠᠷ ᠥᠷᠭᠡᠳᠬᠡᠵᠦ᠂ ᠨᠡᠩ ᠥᠷᠭᠡᠨ ᠳᠡᠯᠭᠡᠷ ᠨᠡᠢ᠌ᠭᠡᠮ ᠨᠡᠢ᠌ᠲᠡ ᠪᠠ ᠣᠷᠣᠨ ᠪᠦᠰᠡ ᠵᠢ ᠨᠦᠯᠦᠭᠡᠯᠡᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠴᠢᠬᠤᠯᠠ ᠵᠢᠭᠰᠠᠭ᠋ᠠᠯ᠎ᠤᠨ ᠭᠠᠵᠠᠷ ᠪᠣᠯᠭ᠋ᠠᠨ ᠪᠠᠶ᠋ᠢᠭᠤᠯᠬᠤ᠎ᠪᠠᠷ ᠴᠢᠷᠮᠠᠢ᠌ᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ ᠵᠡᠭᠦᠳᠦ ᠵᠢ ᠲᠡᠷᠭᠡᠯᠰᠢᠭᠦᠯᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠪᠣᠯᠤᠨ᠎ᠠ᠃




        ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ  

 

ᠢᠷᠡᠯᠲᠡ᠄ ᠰᠤᠷᠭ᠋ᠠᠨ ᠬᠦᠮᠦᠵᠢᠯ᠎ᠤᠨ ᠭᠠᠵᠠᠷ