ᠡᠨᠡ ᠵᠢᠯ᠂ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠤᠬᠠᠭᠤᠯᠭ᠎ᠠ ᠵᠢᠨ ᠵᠠᠭᠪᠤᠷ᠎ᠤᠨ ᠰᠢᠨ᠎ᠡ ᠵᠢ ᠡᠭᠦᠳᠬᠦ᠂ ᠣᠨᠣᠯ᠎ᠤᠨ ᠰᠤᠷᠤᠯᠴᠠᠯᠭ᠎ᠠ ᠵᠢ ᠭᠦᠨᠵᠡᠭᠡᠢ᠌ᠷᠡᠭᠦᠯᠬᠦ᠂ ᠰᠣᠶᠣᠯ᠎ᠤᠨ ᠠᠵᠢᠯᠯᠠᠭ᠎ᠠ ᠵᠢ ᠨᠠᠷᠢᠨ ᠨᠢᠮᠪᠠᠢ ᠲᠥᠰᠥᠪᠯᠡᠬᠦ ᠵᠡᠷᠭᠡ ᠠᠷᠭ᠎ᠠ ᠬᠡᠯᠪᠡᠷᠢ᠎ᠪᠠᠷ ᠲᠠᠮᠵᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠪᠣᠳᠠᠲᠠᠢ ᠲᠥᠷᠥᠭᠳᠡᠯ᠎ᠲᠠᠢ ᠪᠦᠳᠦᠮᠵᠢ᠎ᠲᠠᠢ ᠥᠷᠨᠢᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠦ ᠪᠤᠢ᠃
ᠨᠢᠭᠡ᠂ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠲᠦᠭᠡᠮᠡᠯᠵᠢᠯᠡᠯᠳᠡ ᠵᠢᠨ ᠨᠤᠷᠮ᠎ᠠ ᠵᠢ ᠳᠡᠭᠡᠭᠰᠢᠯᠡᠭᠦᠯᠬᠦ᠎ᠪᠠᠷ ᠤᠳᠤᠷᠢᠳᠤᠮᠵᠢ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ᠎ᠤᠨ ᠭᠦᠨ ᠵᠤᠵᠠᠭ᠋ᠠᠨ ᠣᠷᠴᠢᠨ ᠨᠥᠭᠥᠴᠡᠯ᠎ᠢ ᠪᠤᠢ ᠪᠤᠯᠭ᠋ᠠᠪᠠ᠃ ᠰᠡᠳᠬᠦᠯ᠎ᠤᠨ ᠬᠣᠷᠢᠶ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠨᠠᠮ᠎ᠤᠨ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯ᠎ᠢ ᠰᠢᠨ᠎ᠡ ᠡᠭᠦᠳᠦᠯᠲᠡ᠎ᠲᠠᠢ᠎ᠪᠠᠷ ᠥᠷᠨᠢᠭᠦᠯᠵᠦ᠂ 《ᠪᠠᠭᠪᠠᠭ᠋ᠠᠢ ᠴᠡᠴᠡᠭ》᠎ᠤᠨ ᠨᠠᠮ᠎ᠤᠨ ᠪᠠᠢ᠌ᠭᠤᠯᠤᠯᠲᠠ ᠵᠢᠨ ᠨᠡᠷᠡᠲᠦ ᠲᠡᠮᠳᠡᠭᠲᠦ ᠵᠢ ᠨᠠᠷᠢᠨ ᠨᠢᠮᠪᠠᠢ ᠪᠣᠢ᠌ᠵᠢᠭᠤᠯᠵᠤ᠂ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠦᠷ᠎ᠡ ᠵᠢ ᠦᠨᠳᠦᠰᠦᠨ ᠱᠠᠲᠤᠨ᠎ᠤ ᠥᠨᠴᠥᠭ ᠪᠤᠯᠤᠩ ᠪᠣᠯᠭ᠋ᠠᠨ᠎ᠳᠤ ᠰᠠᠴᠤᠵᠤ᠂ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠰᠦᠷᠯᠢᠭ ᠰᠠᠢ᠌ᠬᠠᠨ ᠵᠢᠷᠤᠭᠯᠠᠯ᠎ᠢ ᠬᠠᠮᠲᠤ᠎ᠪᠠᠷ ᠵᠢᠷᠤᠭᠯᠠᠪᠠ᠃
ᠬᠣᠶᠠᠷ᠂ ᠤᠯᠤᠰ ᠲᠦᠷᠦ ᠵᠢᠨ ᠤᠨᠤᠯ᠎ᠤᠨ ᠰᠤᠷᠤᠯᠴᠠᠯᠭ᠎ᠠ ᠪᠠ ᠦᠢ᠍ᠯᠡᠳᠦᠯᠭᠡ ᠵᠢᠨ ᠭᠡᠷᠡᠭᠯᠡᠭᠡ ᠵᠢ ᠴᠢᠩᠭ᠋ᠠᠳᠬᠠᠬᠤ᠎ᠪᠠᠷ ᠰᠠᠭᠤᠷᠢ ᠪᠣᠯᠭ᠋ᠠᠵᠤ᠂ ᠵᠠᠯᠠᠭᠤ ᠺᠠᠳ᠋ᠷ᠎ᠤᠨ ᠦᠰᠦᠨ ᠪᠣᠶ᠋ᠢᠵᠢᠯᠲᠠ᠎ᠳᠤ ᠬᠦᠴᠦᠨ ᠨᠡᠮᠡᠷᠢᠯᠡᠪᠡ᠃ ᠰᠡᠳᠬᠦᠯ᠎ᠤᠨ ᠬᠣᠷᠢᠶ᠎ᠠ ᠵᠢᠨ ᠨᠠᠮ᠎ᠤᠨ ᠡᠭᠦᠷ 《ᠨᠢᠭᠡᠳᠦᠭᠡᠷ ᠵᠥᠪᠯᠡᠬᠦ ᠰᠡᠳᠦᠪ》᠎ᠤᠨ ᠰᠤᠷᠤᠯᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠵᠠᠯᠠᠭᠤ ᠺᠠᠳ᠋ᠷ᠎ᠤᠨ ᠨᠠᠮ᠎ᠤᠨ ᠰᠢᠨ᠎ᠡ ᠵᠢ ᠡᠭᠦᠳᠬᠦ ᠤᠨᠤᠯ᠎ᠢ ᠭᠦᠨᠵᠡᠭᠡᠢ ᠰᠤᠷᠤᠯᠴᠠᠬᠤ ᠵᠢ ᠬᠦᠳᠦᠯᠦᠨ ᠵᠢᠯᠤᠭᠤᠳᠴᠦ᠂ ᠤᠨᠤᠯ ᠵᠶ᠋ᠠᠷ ᠤᠶᠤᠨ ᠰᠠᠨᠠᠭ᠎ᠠ᠎ᠪᠠᠨ ᠵᠡᠪᠰᠡᠭᠯᠡᠬᠦ᠎ᠪᠠᠷ ᠪᠠᠷᠠᠬᠤ ᠦᠭᠡᠢ᠂ ᠨᠡᠩ ᠴᠤ᠌ ᠦᠢ᠍ᠯᠡᠳᠦᠯᠭᠡ ᠵᠢᠨ ᠳᠤᠮᠳᠠ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠵᠢ ᠱᠠᠭ᠋ᠠᠷᠳᠠᠪᠠ᠃ ᠬᠣᠷᠢᠶᠠᠨ᠎ᠤ ᠳᠠᠷᠤᠭ᠎ᠠ ᠵᠢᠨ ᠠᠯᠪᠠᠯᠠᠬᠤ ᠵᠢᠴᠢ ᠤᠨᠤᠯ ᠰᠤᠷᠤᠯᠴᠠᠬᠤ (ᠥᠷᠭᠡᠳᠬᠡᠭᠰᠡᠨ) ᠬᠤᠷᠠᠯ ᠵᠡᠷᠭᠡ ᠳᠦᠷᠢᠮᠵᠢᠭᠰᠡᠨ᠂ ᠵᠢᠷᠤᠮᠵᠢᠭᠰᠠᠨ ᠰᠤᠷᠤᠯᠴᠠᠯᠭ᠎ᠠ ᠵᠢᠨ ᠠᠵᠢᠯᠯᠠᠭ᠎ᠠ ᠵᠢ ᠡᠷᠬᠢᠯᠡᠬᠦ᠎ᠪᠠᠷ ᠳᠠᠮᠵᠢᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠰᠤᠷᠤᠯᠴᠠᠯᠭ᠎ᠠ ᠵᠢᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠵᠠᠯᠠᠭᠤ ᠺᠠᠳ᠋ᠷ᠎ᠤᠨ ᠰᠤᠷᠤᠭᠰᠠᠨ ᠵᠶ᠋ᠠᠨ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠲᠡᠳᠡᠨ᠎ᠤ ᠤᠨᠤᠯ᠎ᠤᠨ ᠭᠡᠪ ᠪᠣᠯᠪᠠᠰᠤᠷᠠᠯ ᠪᠠ ᠦᠢ᠍ᠯᠡᠳᠦᠯᠭᠡ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠲᠤᠯᠭ᠋ᠠᠭᠤᠷᠢ ᠬᠦᠴᠦᠨ ᠪᠣᠯᠬᠤ ᠵᠢ ᠪᠠᠲᠤᠯᠠᠪᠠ᠃
ᠭᠤᠷᠪᠠ᠂ ᠰᠣᠶᠣᠯ᠎ᠤᠨ ᠠᠵᠢᠯᠯᠠᠭ᠎ᠠ᠎ᠪᠠᠷ ᠬᠥᠭᠥᠷᠭᠡ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠠᠭᠤᠰᠤᠯᠴᠠᠭᠠ ᠵᠢ ᠠᠬᠢᠭᠤᠯᠪᠠ᠃ ᠰᠡᠳᠬᠦᠯ᠎ᠤᠨ ᠬᠣᠷᠢᠶ᠎ᠠ ᠵᠢᠨ᠎ᠬᠢᠨ ᠤᠳᠠᠭ᠋ᠠᠨ ᠲᠠᠭ᠋ᠠᠮᠠᠭ᠋ᠠᠢᠪᠠᠷ ᠪᠠᠷᠢᠮᠲᠠᠯᠠᠬᠤ᠂ ᠤᠷᠲᠤ ᠬᠤᠭᠤᠴᠠᠭ᠎ᠠ᠎ᠪᠠᠷ ᠴᠢᠷᠮᠠᠢ᠌ᠬᠤ ᠵᠣᠷᠢᠭ ᠰᠠᠨᠠᠭ᠎ᠠ ᠵᠢ ᠪᠠᠷᠢᠮᠲᠠᠯᠠᠵᠤ᠂ ᠡᠯ᠎ᠡ ᠲᠥᠷᠥᠯ᠎ᠤᠨ ᠰᠣᠶᠣᠯ᠎ᠤᠨ ᠲᠠᠢ᠌ᠯᠤᠮᠵᠢ᠂ ᠶᠠᠷᠢᠯᠴᠠᠬᠤ ᠬᠤᠷᠠᠯ ᠵᠡᠷᠭᠡ ᠵᠢ ᠢᠳᠡᠪᠬᠢᠲᠡᠢ᠎ᠪᠠᠷ ᠤᠬᠠᠭ᠋ᠠᠯᠠᠨ ᠲᠥᠯᠥᠪᠯᠡᠵᠦ᠂ ᠰᠣᠶᠣᠯ ᠵᠶ᠋ᠠᠷ ᠬᠥᠭᠥᠷᠭᠡ ᠪᠣᠯᠭ᠋ᠠᠵᠤ᠂ ᠡᠯ᠎ᠡ ᠦᠨᠳᠦᠰᠦᠲᠡᠨ᠎ᠤ ᠬᠣᠭᠣᠷᠣᠨᠳᠣᠬᠢ ᠭᠦᠨᠵᠡᠭᠡᠢ ᠰᠣᠯᠢᠯᠴᠠᠭ᠎ᠠ ᠪᠠ ᠠᠠᠭᠤᠰᠤᠯᠴᠠᠭᠠ ᠵᠢᠨ ᠪᠠᠲᠤ ᠪᠡᠬᠢ ᠲᠠᠪᠴᠠᠩ᠎ᠢ ᠪᠠᠢ᠌ᠭᠤᠯᠵᠤ᠂ ᠡᠯ᠎ᠡ ᠦᠨᠳᠦᠰᠦᠲᠡᠨ᠎ᠤ ᠵᠣᠬᠢᠶᠠᠭᠴᠢᠳ᠎ᠤᠨ ᠬᠣᠭᠣᠷᠣᠨᠳᠣᠬᠢ ᠦᠵᠡᠯ ᠰᠠᠨᠠᠭ᠋ᠠᠨ᠎ᠤ ᠪᠠ ᠣᠶᠤᠨ ᠤᠬᠠᠭ᠋ᠠᠨ᠎ᠤ ᠠᠭᠤᠰᠤᠯᠴᠠᠭ᠎ᠠ ᠵᠢ ᠶᠡᠬᠡ᠎ᠪᠠᠷ ᠠᠬᠢᠭᠤᠯᠤᠭᠰᠠᠨ ᠵᠶ᠋ᠠᠷ ᠪᠠᠷᠠᠬᠤ ᠦᠭᠡᠢ᠂ ᠦᠨᠳᠦᠰᠦᠲᠡᠨ᠎ᠨᠦᠭᠦᠳ᠎ᠤᠨ ᠵᠠᠯᠠᠭᠤ ᠡᠷᠳᠡᠮᠲᠡᠳ᠎ᠤᠨ ᠬᠦᠮᠦᠵᠢᠨ ᠳᠠᠪᠰᠢᠬᠤ ᠵᠢ ᠲᠡᠳᠬᠦᠨ ᠳᠡᠮᠵᠢᠬᠦ᠎ᠳᠤ ᠬᠦᠴᠦ ᠲᠠᠯᠪᠢᠵᠤ᠂ ᠳᠤᠮᠳᠠᠳᠤ ᠵᠢᠨ ᠦᠨᠳᠦᠰᠦᠲᠡᠨ᠎ᠤ ᠰᠣᠶᠣᠯ᠎ᠤᠨ ᠴᠡᠴᠡᠭᠯᠡᠯᠲᠡ ᠪᠠ ᠤᠯᠠᠮᠵᠢᠯᠠᠯᠳᠤ ᠰᠢᠨ᠎ᠡ ᠰᠣᠷᠭᠣᠭ ᠬᠦᠴᠦᠨ ᠨᠡᠮᠡᠷᠢᠯᠡᠵᠦ᠂ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠬᠠᠢ᠌ᠷ᠎ᠠ ᠰᠡᠳᠬᠢᠯᠭᠡ ᠵᠢᠨ ᠬᠣᠯᠪᠣᠭ᠋ᠠᠰᠤ ᠪᠠ ᠣᠢ᠌ᠯᠠᠭ᠋ᠠᠯᠴᠠᠭ᠎ᠠ ᠵᠢ ᠭᠦᠨᠵᠡᠭᠡᠢ᠌ᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠠᠨᠠᠷ᠎ᠤᠨ ᠦᠷ᠎ᠡ ᠮᠡᠲᠦ ᠨᠢᠭᠲᠠ ᠬᠣᠯᠪᠣᠵᠤ᠂ ᠳᠡᠭᠡᠳᠦ ᠬᠡᠮᠵᠢᠶᠡᠨ᠎ᠤ ᠤᠯᠤᠰ᠎ᠤᠨ ᠤᠬᠠᠮᠰᠠᠷ ᠪᠠ ᠦᠨᠳᠦᠰᠦᠲᠡᠨ᠎ᠤ ᠰᠡᠳᠬᠢᠯᠭᠡ ᠵᠢ ᠢᠯᠡᠷᠡᠭᠦᠯᠪᠡ᠃
ᠳᠥᠷᠪᠡ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠵᠢᠭ᠋ᠠᠨ ᠵᠢᠯᠤᠭᠣᠳᠬᠤ᠎ᠪᠠᠷ ᠱᠠᠭ᠋ᠠᠷᠳᠠᠯᠭ᠎ᠠ ᠪᠣᠯᠭ᠋ᠠᠵᠤ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠪᠡ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠰᠢᠨ᠎ᠡ ᠱᠠᠭ᠋ᠠᠷᠳᠠᠯᠭ᠎ᠠ ᠪᠠ ᠰᠢᠨ᠎ᠡ ᠥᠷᠢᠰᠦᠯᠳᠦᠭᠡᠨ᠎ᠤ ᠡᠮᠦᠨ᠎ᠡ᠂ ᠰᠡᠳᠬᠦᠯ᠎ᠤᠨ ᠬᠣᠷᠢᠶ᠎ᠠ ᠰᠡᠳᠦᠪ ᠰᠣᠩᠭᠣᠬᠤ ᠤᠬᠠᠭ᠋ᠠᠯᠠᠬᠤ ᠬᠤᠷᠠᠯ ᠬᠢᠬᠦ ᠵᠡᠷᠭᠡ ᠬᠡᠯᠪᠡᠷᠢ᠎ᠪᠠᠷ ᠲᠠᠮᠵᠢᠭᠤᠯᠵᠦ᠂ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠳᠣᠲᠣᠭ᠋ᠠᠳᠤ ᠮᠠᠲ᠋ᠧᠷᠢᠶᠠᠯ᠎ᠤᠨ ᠴᠢᠨᠠᠷᠲᠠᠢ ᠬᠡᠪᠯᠡᠭᠳᠡᠬᠦᠨ᠎ᠤ ᠴᠢᠬᠤᠯᠠ ᠰᠡᠳᠦᠪ᠎ᠢ ᠨᠠᠷᠢᠨ ᠨᠢᠮᠪᠠᠢ ᠲᠥᠯᠥᠪᠯᠡᠵᠦ᠂ ᠵᠥᠪᠯᠡᠯ᠎ᠤᠨ ᠤᠳᠤᠷᠢᠳᠤᠯᠭ᠎ᠠ ᠵᠢᠴᠢ ᠲᠤᠰᠬᠠᠢ ᠪᠤᠯᠤᠩ᠎ᠤᠨ ᠨᠠᠢ᠌ᠷᠠᠭᠤᠯᠤᠭᠴᠢ ᠵᠢ ᠤᠷᠢᠵᠤ ᠬᠠᠮᠲᠤ᠎ᠪᠠᠷ ᠰᠤᠳᠤᠯᠤᠨ ᠶᠠᠷᠢᠯᠴᠠᠬᠤ᠎ᠳᠤ ᠤᠷᠤᠯᠴᠠᠭᠤᠯᠵᠦ᠂ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠣᠨᠣᠪᠴᠢᠲᠠᠢ ᠡᠵᠡᠮᠰᠢᠬᠦ ᠵᠢᠨ ᠬᠠᠮᠲᠤ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠨᠡᠮᠡᠷᠢᠯᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ