
ᠰᠢᠨ᠎ᠡ ᠵᠢᠯ᠎ᠤᠨ ᠡᠬᠢᠨ ᠵᠶ᠋ᠡᠷ ᠨᠠᠮ᠎ᠤᠨ ᠡᠭᠦᠷ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠦ᠂ ᠴᠢᠬᠡᠴᠢ ᠵᠠᠰᠠᠭ᠎ᠤᠨ ᠬᠥᠮᠥᠵᠢᠯ᠎ᠢ ᠪᠠᠢ᠌ᠩᠭᠤᠵᠢᠭᠤᠯᠬᠤ᠂ ᠰᠡᠷᠡᠮᠵᠢᠭᠦᠯᠬᠦ ᠬᠥᠮᠥᠵᠢᠯ᠎ᠢ ᠳᠥᠷᠢᠮᠵᠢᠭᠦᠯᠬᠦ ᠵᠢ ᠦᠷᠭᠦᠯᠵᠢᠯᠡᠨ ᠠᠬᠢᠭᠤᠯᠬᠤ ᠵᠢᠨ ᠲᠥᠯᠥᠭᠡ᠂ 1 ᠳ᠋ᠦ᠍ᠭᠡᠷ ᠰᠠᠷ᠎ᠠ ᠵᠢᠨ 3᠎ᠤ ᠡᠳᠦᠷ᠂ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ᠂ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ ᠥᠪᠥᠷ ᠮᠣᠩᠭᠣᠯ᠎ᠤᠨ ᠮᠥᠽᠸᠢ ᠵᠢᠨ ᠴᠢᠬᠡᠴᠢ ᠵᠠᠰᠠᠭ᠎ᠤᠨ ᠬᠥᠮᠥᠵᠢᠯ᠎ᠤᠨ ᠦᠵᠡᠭᠦᠯᠭᠡ ᠵᠢᠨ ᠳᠠᠩᠬᠢᠮ᠎ᠳᠤ ᠬᠦᠷᠴᠦ᠂ ᠴᠢᠬᠡᠴᠢ ᠵᠠᠰᠠᠭ᠎ᠤᠨ ᠬᠥᠮᠥᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢᠴᠢ ᠨᠢᠭᠡᠳᠦᠭᠡᠷ ᠤᠯᠠᠷᠢᠯ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠥᠵᠢᠯ᠎ᠢ ᠬᠠᠮᠲᠤᠷᠠᠨ ᠥᠷᠨᠢᠭᠦᠯᠵᠦ ᠪᠦᠬᠦ ᠨᠠᠮ᠎ᠤᠨ ᠭᠡᠰᠢᠭᠦᠳ ᠠᠵᠢᠯᠯᠠᠭ᠎ᠠ᠎ᠳᠤ ᠣᠷᠣᠯᠴᠠᠪᠠ᠃
ᠲᠠᠢ᠌ᠯᠪᠤᠷᠢᠯᠠᠭᠴᠢ ᠵᠢᠨ ᠬᠢᠯᠪᠠᠷ ᠣᠢ᠌ᠯᠠᠭ᠋ᠠᠮᠵᠢᠲᠠᠢ ᠲᠠᠢ᠌ᠯᠪᠤᠷᠢ ᠵᠢᠴᠢ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠎ᠪᠠᠷ ᠳᠠᠮᠵᠢᠭᠤᠯᠵᠦ᠂ ᠨᠠᠮ᠎ᠤᠨ ᠭᠡᠰᠢᠭᠦᠳ ᠡᠷᠲᠡᠨ ᠡᠳᠦᠭᠡ᠂ ᠳᠤᠮᠳᠠᠳᠤ ᠭᠠᠳᠠᠭ᠋ᠠᠳᠤ ᠵᠢᠨ ᠴᠢᠬᠡᠴᠢ ᠵᠠᠰᠠᠭ᠎ᠤᠨ ᠰᠣᠶᠣᠯ᠂ ᠢᠯᠵᠢᠷᠡᠯ᠎ᠢ ᠡᠰᠡᠷᠭᠦᠴᠡᠬᠦ ᠠᠷᠭ᠎ᠠ ᠠᠪᠴᠠᠯ᠂ ᠠᠷᠢᠭᠤᠨ ᠴᠢᠬᠡᠴᠢ ᠵᠢᠨ ᠨᠡᠢ᠌ᠲᠡᠯᠢᠭ ᠵᠢᠱ᠌ᠢᠶᠡᠨᠦᠭᠦᠳ ᠵᠶ᠋ᠡᠷ ᠮᠠᠨ᠎ᠤ ᠨᠠᠮ᠎ᠤᠨ ᠢᠯᠵᠢᠷᠡᠯ᠎ᠢ ᠡᠰᠡᠷᠭᠦᠴᠡᠭᠰᠡᠨ ᠥᠩᠭᠡᠷᠡᠯᠲᠡ ᠵᠢᠴᠢ ᠣᠢ᠌ᠷ᠎ᠠ ᠵᠢᠨ ᠵᠢᠯ᠎ᠤᠨ ᠲᠤᠷᠰᠢᠬᠢ ᠮᠠᠨ᠎ᠤ ᠣᠷᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠳᠤ ᠣᠯᠣᠭᠰᠠᠨ ᠦᠷ᠎ᠡ ᠪᠦᠲᠦᠮᠵᠢ ᠵᠢ ᠨᠡᠩ ᠪᠤᠳᠠᠲᠠᠢ᠎ᠪᠠᠷ ᠡᠵᠡᠮᠰᠢᠪᠡ᠃
ᠡᠨᠡ ᠤᠳᠠᠭ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠲᠣᠬᠢᠶᠠᠯ ᠪᠣᠯᠭ᠋ᠠᠵᠦ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠦᠵᠡᠯ ᠰᠠᠨᠠᠭ᠋ᠠᠨ᠎ᠤ ᠰᠠᠭᠤᠷᠢ᠎ᠪᠠᠨ ᠪᠡᠬᠢᠵᠢᠭᠦᠯᠵᠦ᠂ ᠰᠢᠯᠭ᠋ᠠᠷᠠᠭᠰᠠᠨ ᠴᠢᠳᠠᠪᠤᠷᠢ ᠵᠢ ᠲᠠᠪᠲᠠᠨ ᠪᠤᠯᠪᠠᠰᠤᠷᠠᠭᠤᠯᠵᠤ᠂ ᠠᠷᠢᠭᠤᠨ ᠴᠢᠬᠡᠴᠢ ᠣᠪᠤᠷ ᠰᠤᠷᠲᠠᠯ᠎ᠢ ᠪᠣᠢ ᠪᠣᠯᠭ᠋ᠠᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠵᠦ᠂ ᠬᠦᠨᠳᠦᠳᠬᠡᠨ ᠰᠦᠷᠳᠡᠬᠦ ᠵᠢ ᠮᠡᠳᠡᠬᠦ᠂ ᠴᠡᠭᠡᠷᠯᠡᠵᠦ ᠵᠢᠷᠦᠬᠡᠰᠢᠶᠡᠬᠦ ᠵᠢ ᠪᠣᠳᠣᠬᠤ᠂ ᠬᠣᠷᠢᠭ᠎ᠠ ᠱᠤᠭᠤᠮ᠎ᠢ ᠰᠠᠬᠢᠬᠤ ᠵᠢ ᠪᠡᠶᠡᠯᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠠᠬᠢᠭᠤᠯᠤᠨ᠎ᠠ ᠭᠡᠵᠦ ᠨᠠᠮ᠎ᠤᠨ ᠭᠡᠰᠢᠭᠦᠳ ᠢᠯᠡᠷᠬᠡᠢ᠌ᠯᠡᠪᠡ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ