ᠲᠡᠷᠢᠭᠦᠨ ᠬᠠᠭᠤᠳᠠᠰᠤ   -   ᠮᠠᠨ᠎ᠤ ᠠᠵᠢᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ 2025 ᠣᠨ᠎ᠤ ᠰᠣᠶᠣᠯ ᠤᠬᠠᠭᠤᠯᠭ᠎ᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2025-04-02

      ᠣᠢ᠌ᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ 2025 ᠣᠨ᠎ᠤ ᠰᠣᠶᠣᠯ ᠤᠬᠠᠭᠤᠯᠭ᠎ᠠ ᠵᠢᠨ ᠠᠵᠢᠯ᠎ᠤᠨ ᠭᠣᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠵᠤ᠂ 2025 ᠣᠨ᠎ᠤ ᠰᠣᠶᠣᠯ ᠤᠬᠠᠭᠤᠯᠭ᠎ᠠ ᠵᠢᠨ ᠭᠣᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃
      《ᠭᠣᠣᠯᠳᠠᠯᠭ᠎ᠠ》᠎ᠳᠤ ᠲᠤᠳᠤᠷᠬᠠᠢ᠌ᠯᠠᠭᠰᠠᠨ᠎ᠨᠢ᠂ ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠡᠨ ᠨᠢᠭᠡᠳᠬᠡᠵᠦ ᠰᠦᠭ ᠰᠦᠨᠡᠰᠦ᠎ᠪᠠᠨ ᠴᠣᠭᠴᠠᠯᠠᠬᠤ ᠵᠢ ᠴᠥᠬᠥᠷᠡᠰᠢ ᠦᠭᠡᠢ ᠪᠠᠷᠢᠮᠳᠠᠯᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠦᠨᠳᠦᠰᠦᠲᠡᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠤᠬᠠᠭᠤᠯᠭ᠎ᠠ ᠵᠢ ᠨᠠᠷᠢᠨ ᠨᠢᠮᠪᠠᠶ ᠵᠣᠬᠢᠶᠠᠨ ᠪᠠᠢ᠌ᠭᠤᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ 《ᠲᠠᠪᠤᠨ ᠶᠡᠬᠡ ᠡᠭᠦᠷᠭᠡ》 ᠵᠢ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠭᠡᠷᠡᠭᠵᠢᠬᠦᠯᠵᠦ᠂ 《ᠵᠢᠷᠭᠤᠭ᠋ᠠᠨ ᠠᠵᠢᠯᠯᠠᠭ᠎ᠠ》 ᠵᠢᠨ ᠤᠬᠠᠭᠤᠯᠭ᠎ᠠ ᠵᠢ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠨᠡᠢ᠌ᠲᠡᠴᠢ ᠦᠵᠡᠯ᠂ ᠡᠵᠡᠨ ᠬᠥᠮᠦᠨ᠎ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ ᠤᠬᠠᠮᠰᠠᠷ᠎ᠢ ᠪᠠᠲᠤ ᠪᠣᠶ ᠪᠤᠯᠭ᠋ᠠᠨ᠎ᠠ᠃ ᠬᠣᠶᠠᠷ᠎ᠲᠤ᠂ ᠨᠠᠮ ᠪᠠ ᠤᠯᠤᠰ᠎ᠤᠨ ᠦᠨᠳᠦᠰᠦᠲᠡᠨ᠎ᠤ ᠠᠵᠢᠯ᠎ᠳᠤ ᠬᠣᠯᠪᠣᠭᠳᠠᠬᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠨ᠎ᠠ᠃ 《ᠮᠢᠨᠦ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ》᠎ᠤᠨ ᠰᠢᠯᠢᠳᠡᠭ ᠬᠡᠷᠡᠯ ᠵᠢᠷᠤᠭ᠎ᠤᠨ ᠪᠦᠳᠦᠭᠡᠯ ᠡᠯᠰᠡᠬᠦ ᠤᠷᠤᠯᠳᠤᠭ᠋ᠠᠨ᠎ᠢ ᠶᠠᠪᠤᠭᠳᠠᠭᠤᠯᠤᠨ᠎ᠠ᠃ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠂ 《ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠰᠠᠷ᠎ᠠ》᠂ 《ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》 ᠵᠡᠷᠭᠡ᠎ᠪᠠᠷ ᠠᠴᠢᠶᠠᠯᠠᠪᠤᠷᠢ ᠪᠣᠯᠭ᠋ᠠᠵᠤ᠂ ᠤᠯᠠᠨ ᠲᠦᠮᠡᠨᠴᠢ ᠴᠢᠨᠠᠷᠲᠠᠢ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠯᠤᠰ᠎ᠤᠨ ᠤᠬᠠᠮᠰᠠᠷ᠂ ᠢᠷᠭᠡᠨ᠎ᠤ ᠤᠬᠠᠮᠰᠠᠷ᠂ ᠬᠠᠤᠯᠢᠵᠢᠯ᠎ᠤᠨ ᠤᠬᠠᠮᠰᠠᠷ᠎ᠢ ᠲᠠᠰᠤᠷᠠᠯᠳᠠ ᠦᠭᠡᠢ ᠴᠢᠩᠭ᠋ᠠᠳᠬᠠᠨ᠎ᠠ᠃ ᠭᠤᠷᠪᠠ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠡᠬᠢ ᠪᠠᠶᠠᠯᠢᠭ᠎ᠢ ᠬᠠᠮᠳᠤ᠎ᠪᠠᠷ ᠪᠠᠢ᠌ᠭᠤᠯᠵᠤ ᠬᠠᠮᠳᠤ᠎ᠪᠠᠷ ᠡᠳ᠋ᠯᠡᠬᠦ ᠵᠢ ᠴᠢᠩᠭ᠋ᠠᠳᠬᠠᠵᠤ᠂ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ ᠵᠢᠨ ᠰᠤᠳᠤᠯᠭ᠋ᠠᠨ᠎ᠢ ᠠᠬᠢᠭᠤᠯᠵᠤ᠂ ᠰᠠᠭᠤᠷᠢᠨ ᠭᠠᠵᠠᠷ᠎ᠤᠨ ᠲᠠᠢ᠌ᠯᠪᠤᠷᠢᠯᠠᠭᠴᠢ ᠵᠢᠨ ᠲᠤᠰᠬᠠᠶ ᠰᠡᠳᠦᠪᠲᠦ ᠪᠤᠯᠪᠠᠰᠤᠷᠠᠯ ᠪᠠ ᠤᠷᠤᠯᠳᠤᠭ᠋ᠠᠨ᠎ᠤ ᠠᠵᠢᠯᠯᠠᠭ᠎ᠠ ᠵᠢ ᠦᠷᠨᠢᠬᠦᠯᠵᠦ᠂ ᠰᠠᠭᠤᠷᠢᠨ ᠭᠠᠵᠠᠷ᠎ᠤᠨ ᠳᠡᠯᠭᠡᠨ ᠦᠵᠡᠭᠦᠯᠬᠦ ᠬᠦᠳᠦᠯᠪᠤᠷᠢ ᠪᠠ ᠲᠠᠢ᠌ᠯᠪᠤᠷᠢᠯᠠᠯ᠎ᠢ ᠰᠢᠯᠢᠳᠡᠭᠵᠢᠭᠦᠯᠵᠦ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠨᠡᠩ ᠣᠨᠴᠠᠯᠢᠭ᠎ᠲᠠᠢ᠂ ᠨᠡᠩ ᠦᠷ᠎ᠡ ᠪᠦᠲᠦᠮᠵᠢ᠎ᠲᠠᠢ ᠪᠤᠯᠭ᠋ᠠᠬᠤ ᠵᠢ ᠠᠬᠢᠭᠤᠯᠤᠨ᠎ᠠ᠃ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ ᠵᠢᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠵᠢᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠰᠠᠢ᠌ᠲᠤᠷ ᠰᠤᠷᠴᠤ ᠬᠡᠷᠡᠭᠯᠡᠬᠦ ᠵᠢ ᠵᠢᠯᠣᠭᠣᠳᠤᠨ ᠠᠬᠢᠭᠤᠯᠤᠨ᠎ᠠ᠃ ᠳᠥᠷᠪᠡ᠎ᠳᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠦᠷᠭᠦᠯᠵᠢᠯᠡᠨ ᠠᠬᠢᠭᠤᠯᠤᠨ᠎ᠠ᠃ 《ᠭᠤᠷᠪᠠᠨ ᠲᠦᠷᠦᠯ᠎ᠤᠨ ᠲᠥᠯᠥᠪᠯᠡᠭᠡ》 ᠵᠢ ᠭᠦᠨᠵᠡᠭᠡᠶ ᠬᠡᠷᠡᠭᠵᠢᠭᠦᠯᠵᠦ᠂ ᠥᠪᠥᠷ ᠮᠣᠩᠭᠣᠯ᠎ᠤᠨ ᠣᠨᠴᠠᠯᠢᠭ᠎ᠲᠠᠢ 《ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ》 ᠵᠢᠨ ᠨᠡᠷᠡᠳᠤ ᠲᠡᠮᠳᠡᠭ᠎ᠢ ᠬᠦᠴᠦᠯᠡᠨ ᠡᠬᠦᠳᠦᠨ᠎ᠠ᠃ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠣᠷᠣᠨ᠎ᠤ ᠳᠤᠲᠤᠨᠠᠬᠢ ᠭᠠᠳᠠᠨᠠᠬᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠣᠷᠣᠨ ᠨᠤᠳᠤᠭ ᠠᠯᠤᠰᠯᠠᠭᠰᠠᠨ ᠪᠠᠢ᠌ᠩᠭᠤᠵᠢᠠᠠᠰᠠᠨ ᠰᠣᠯᠢᠯᠴᠠᠭ᠎ᠠ ᠪᠠ ᠦᠨᠳᠦᠰᠦᠲᠡᠨ᠎ᠨᠦᠭᠦᠳ᠎ᠤᠨ ᠵᠠᠯᠠᠭᠤᠴᠤᠳ᠎ᠤᠨ ᠭᠣᠤᠯ ᠰᠡᠳᠦᠪᠲᠦ ᠲᠥᠷᠥᠯ ᠠᠩᠬᠢᠯᠡᠯ᠎ᠲᠠᠢ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠬᠦ ᠵᠢ ᠠᠬᠢᠭᠤᠯᠤᠨ᠎ᠠ᠃ ᠦᠨᠳᠦᠰᠦᠨ ᠱᠠᠲᠤᠨ᠎ᠳᠤ ᠬᠠᠨᠳᠤᠭᠤᠯᠤᠭᠰᠠᠨ  《ᠭᠤᠷᠪᠠᠨ ᠲᠦᠷᠦᠯ᠎ᠤᠨ ᠲᠥᠯᠥᠪᠯᠡᠭᠡ》 ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠡᠭᠦᠳᠦᠨ ᠪᠠᠢ᠌ᠭᠤᠯᠬᠤ ᠪᠠ ᠠᠭᠤᠳᠠᠯᠬᠤ ᠲᠠᠯ᠎ᠠ᠎ᠪᠠᠷ᠎ᠬᠢ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ 100 ᠰᠢᠯᠢᠳᠡᠭ ᠲᠥᠷᠥᠯ ᠵᠦᠢ᠍ᠯ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂ 《ᠤᠮᠠᠷᠠᠲᠤ ᠬᠢᠵᠠᠭ᠋ᠠᠷ᠎ᠲᠤ ᠠᠭᠤᠰᠤᠯᠴᠠᠭᠤᠯᠬᠤ》 ᠨᠡᠷᠡᠳᠤ ᠲᠡᠮᠳᠡᠭ᠎ᠤᠨ ᠪᠠᠢ᠌ᠭᠤᠯᠤᠯᠲᠠ ᠵᠢ ᠪᠦᠬᠦ ᠴᠠᠷᠠᠭ᠎ᠠ ᠬᠦᠷᠢᠶᠡᠨ᠎ᠳᠤ ᠪᠦᠬᠦ ᠲᠠᠯ᠎ᠠ᠎ᠪᠠᠷ ᠠᠬᠢᠭᠤᠯᠤᠨ᠎ᠠ᠃ ᠲᠠᠪᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠲᠠᠰᠤᠷᠠᠯᠳᠠ ᠦᠭᠡᠢ ᠠᠬᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠭᠣᠣᠯ ᠰᠡᠳᠦᠪᠲᠦ ᠰᠣᠶᠣᠯ᠎ᠤᠨ ᠠᠵᠢᠯᠯᠠᠭ᠎ᠠ ᠵᠢ ᠦᠷᠭᠦᠯᠵᠢᠯᠡᠨ ᠰᠠᠢ᠌ᠲᠤᠷ ᠡᠷᠬᠢᠯᠡᠵᠦ᠂ ᠠᠢ᠌ᠮᠠᠭ ᠬᠣᠲᠠ ᠵᠢᠨ᠎ᠬᠢᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠦᠲᠦᠭᠡᠨ ᠪᠠᠢ᠌ᠭᠤᠯᠬᠤ ᠲᠤᠬᠠᠶ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠬᠠᠶ ᠵᠢᠨ ᠭᠠᠵᠠᠷ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠬᠤ ᠵᠢ ᠵᠢᠯᠤᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 28 ᠳ᠋ᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠨᠡᠢ᠌ᠲᠡᠯᠢᠭ ᠬᠡᠯᠡ ᠵᠢ ᠳᠡᠯᠭᠡᠷᠡᠭᠦᠯᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠢ᠌ᠲᠤᠷ ᠰᠤᠷᠴᠤ ᠬᠡᠷᠡᠭᠯᠡᠬᠦ ᠰᠠᠢ᠌ᠨ ᠰᠠᠢ᠌ᠬᠠᠨ ᠠᠬᠤᠢ ᠨᠦᠬᠦᠴᠡᠯ᠎ᠢ ᠪᠣᠶ ᠪᠣᠯᠭ᠋ᠠᠨ᠎ᠠ᠃ ᠵᠢᠷᠭᠤᠭ᠎ᠠ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠨ᠎ᠠ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠨᠠᠢ᠍ᠳᠠᠪᠤᠷᠢᠵᠢᠭᠤᠯᠬᠤ᠂ ᠦᠵᠡᠯ ᠤᠬᠠᠮᠰᠠᠷ᠎ᠤᠨ ᠬᠡᠯᠪᠡᠷᠢ ᠵᠢᠨ ᠬᠥᠮᠦᠵᠢᠯ᠎ᠢ ᠪᠠᠢ᠌ᠩᠭᠤᠵᠢᠭᠤᠯᠬᠤ ᠵᠢ ᠠᠬᠢᠭᠤᠯᠵᠤ᠂ ᠭᠣᠣᠯᠯᠠᠨ ᠬᠠᠮᠢᠶᠠᠷᠬᠤ ᠬᠠᠷᠢᠭᠤᠴᠠᠯᠭ᠎ᠠ᠂ ᠭᠣᠣᠯ ᠴᠣᠭᠴᠠ ᠵᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ ᠳᠣᠯᠣᠭ᠎ᠠ᠎ᠳᠤ᠂ ᠲᠣᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠨ᠎ᠠ᠃ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠺᠠᠳ᠋ᠷᠴᠤᠳ᠎ᠤᠨ ᠡᠩᠨᠡᠭᠡᠨ᠎ᠤ ᠣᠨᠣᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠰᠢ ᠵᠢᠨ ᠫᠢᠩ ᠶᠡᠷᠦᠩᠬᠡᠶ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠋ᠠᠨ᠎ᠤ ᠭᠣᠤᠯ ᠠᠭᠤᠯᠭ᠎ᠠ ᠪᠠ ᠦᠢᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠵᠦ᠂ ᠦᠨᠳᠦᠰᠦᠲᠡᠨ᠎ᠤ ᠰᠣᠶᠣᠯ᠎ᠤᠨ ᠤᠬᠠᠭᠤᠯᠭ᠎ᠠ ᠵᠢᠨ ᠠᠵᠢᠯ᠎ᠢ ᠦᠨᠡᠨ ᠬᠦ᠌ ᠵᠢᠯᠤᠭᠤᠳᠤᠭᠤᠯᠤᠨ᠎ᠠ᠃ ᠥᠪᠥᠷ ᠮᠣᠩᠭᠣᠯ᠎ᠤᠨ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠪᠠ ᠤᠯᠤᠰ᠎ᠤᠨ ᠦᠨᠳᠦᠰᠦᠲᠡᠨ᠎ᠤ ᠵᠥᠪᠯᠡᠯ᠎ᠤᠨ 《ᠲᠤᠮᠳᠠᠳᠤ ᠵᠢ ᠦᠬᠦᠯᠡᠬᠦᠢ》 ᠶᠠᠷᠢᠶᠠᠨ᠎ᠤ ᠲᠠᠩᠬᠢᠮ᠎ᠢ ᠰᠠᠢ᠌ᠲᠤᠷ ᠠᠰᠢᠭᠯᠠᠵᠤ᠂ ᠲᠤᠰᠬᠠᠶ ᠰᠡᠳᠦᠪᠲᠦ ᠮᠠᠶᠢᠭ᠎ᠤᠨ ᠥᠪᠡᠷᠮᠢᠴᠡ ᠣᠨᠴᠠᠯᠢᠭ᠎ᠲᠠᠢ ᠪᠤᠯᠪᠠᠰᠤᠷᠠᠯ᠎ᠢ ᠥᠷᠨᠢᠭᠦᠯᠦᠨ᠎ᠡ᠃
       《ᠭᠣᠤᠯᠳᠠᠯᠭ᠎ᠠ》᠎ᠳᠤ ᠪᠠᠰᠠ 2025 ᠣᠨ᠎ᠳᠤ ᠡᠷᠭᠢᠯᠡᠬᠦ᠎ᠪᠠᠷ ᠪᠠᠢ᠌ᠭ᠎ᠠ 《ᠡᠶ᠎ᠡ ᠵᠤᠬᠢᠴᠠᠯᠳᠤ ᠤᠮᠠᠷᠠᠲᠤ ᠬᠢᠵᠠᠭ᠋ᠠᠷ· ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠨᠳᠦᠰᠦᠨ ᠱᠠᠲᠤᠨ᠎ᠤ ᠠᠶᠠᠯᠠᠯ᠂ 《ᠠᠭᠤᠰᠤᠯᠴᠠᠯ᠎ᠤᠨ ᠵᠠᠮ᠎ᠢ ᠬᠠᠢ᠌ᠨ ᠰᠤᠷᠪᠤᠯᠵᠢᠯᠠᠬᠤ》 ᠰᠢᠨ᠎ᠡ ᠵᠠᠭᠤᠴᠢᠯᠠᠭᠤᠷ᠎ᠤᠨ ᠵᠠᠯᠠᠭᠤᠴᠤᠳ᠎ᠤᠨ ᠬᠠᠷᠢᠯᠴᠠᠨ ᠰᠤᠷᠤᠯᠴᠠᠨ ᠰᠤᠯᠢᠯᠴᠠᠬᠤ ᠠᠵᠢᠯᠯᠠᠭ᠎ᠠ᠂ 《ᠰᠣᠩᠭᠣᠳᠠᠭ ᠳᠠᠭᠤᠤ ᠵᠢ ᠬᠠᠩᠬᠢᠨᠠᠭᠤᠯᠵᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ》 ᠣᠷᠳᠣ ᠵᠢᠨ ᠲᠠᠭᠤᠨ᠎ᠤ ᠲᠤᠠᠠᠯᠠᠯᠳᠠ ᠵᠡᠷᠭᠡ 12 ᠵᠦᠢᠯ᠎ᠤᠨ ᠭᠣᠤᠯᠳᠠᠯᠭ᠎ᠠ᠎ᠲᠠᠢ ᠠᠵᠢᠯᠯᠠᠭ᠎ᠠ ᠵᠢ ᠳᠤᠷᠠᠳᠴᠠᠶ᠃

 

ᠢᠷᠡᠯᠲᠡ᠄ ᠰᠤᠶᠤᠯ ᠤᠬᠠᠭᠤᠯᠭ᠎ᠠ ᠵᠢᠨ ᠭᠠᠵᠠᠷ