ᠲᠡᠷᠢᠭᠦᠨ ᠬᠠᠭᠤᠳᠠᠰᠤ   -   ᠮᠠᠨ᠎ᠤ ᠠᠵᠢᠯ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠪᠥᠬᠥ ᠣᠷᠣᠨ᠎ᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠣᠯᠪᠠᠰᠤᠷᠠᠯ᠎ᠤᠨ ᠠᠩᠭᠢ ᠵᠢ ᠡᠷᠭᠢᠯᠡᠪᠡ
ᠨᠡᠶ᠋ᠢᠲᠡᠯᠡᠭᠰᠡᠨ ᠴᠠᠭ᠄ 2025-04-25

     

      ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 23᠎ᠤ ᠡᠳᠦᠷ᠎ᠠᠴᠠ 24᠎ᠤ ᠡᠳᠦᠷ ᠪᠣᠯᠲᠠᠯ᠎ᠠ᠂  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠎ᠨᠢ  ᠦᠬᠠᠶ ᠬᠣᠲᠠ᠎ᠳᠤ ᠪᠥᠬᠥ ᠣᠷᠣᠨ᠎ᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠣᠯᠪᠠᠰᠤᠷᠠᠯ᠎ᠤᠨ ᠠᠩᠭᠢ ᠵᠢ  ᠡᠷᠭᠢᠯᠡᠪᠡ᠃

图片1.png

      ᠪᠣᠯᠪᠠᠰᠤᠷᠠᠯ ᠎ᠨᠢ 《ᠲᠤᠰᠬᠠᠶ ᠰᠡᠳᠦᠪᠲᠦ ᠲᠠᠢ᠌ᠯᠤᠮᠵᠢ + ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ》 ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ  ᠶᠠᠪᠤᠠᠠᠳᠠᠵᠤ᠂  ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠪᠣᠯᠤᠨ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ  ᠠᠬᠠᠯᠠᠭᠴᠢ  ᠲᠤᠰᠬᠠᠶ ᠮᠡᠷᠭᠡᠵᠢᠯᠲᠡᠨ᠎ᠢ ᠤᠷᠢᠵᠤ᠂  ᠰᠢ ᠵᠢᠨ ᠫᠢᠩ᠎ᠤᠨ  ᠬᠠᠤᠯᠢ᠎ᠪᠠᠷ ᠵᠠᠰᠠᠬᠤ  ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂  ᠰᠢ ᠵᠢᠨ ᠫᠢᠩ  ᠶᠡᠷᠦᠩᠬᠡᠢ ᠱᠦᠵᠢ ᠵᠢᠨ  ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂  ᠰᠢ ᠵᠢᠨ ᠫᠢᠩ  ᠶᠡᠷᠦᠩᠬᠡᠢ ᠱᠦᠵᠢ  ᠵᠢᠨ  ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ  ᠵᠡᠷᠭᠡ ᠵᠢᠨ ᠲᠤᠬᠠᠢ  ᠲᠦᠷᠦ ᠵᠢᠨ ᠪᠤᠳᠤᠯᠭ᠎ᠠ ᠵᠢᠨ ᠲᠠᠢ᠌ᠯᠤᠮᠵᠢ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠬᠢᠪᠠ᠃  ᠲᠤᠬᠠᠶ ᠵᠢᠨ ᠲᠠᠯᠠᠪᠠᠶ ᠵᠢᠨ ᠵᠢᠭ᠋ᠠᠨ ᠰᠤᠷᠭ᠋ᠠᠯᠲᠠ ᠵᠢᠨ ᠳᠠᠯ᠎ᠠ᠎ᠪᠠᠷ᠂   ᠰᠤᠷᠤᠯᠭ᠋ᠠᠳᠠᠤᠨ  ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠤᠯ ᠲᠠᠯᠠᠪᠤᠷ᠎ᠤᠨ ᠠᠵᠢᠯᠯᠠᠭ᠎ᠠ᠎ᠳᠤ ᠣᠷᠣᠯᠴᠠᠵᠤ᠂  ᠬᠠᠢ᠍ᠢ᠍ᠷᠤᠪ᠎ᠤᠨ ᠲᠣᠬᠣᠶ ᠵᠢᠨ  ᠰᠤᠯᠠ  ᠠᠵᠢᠯ᠎ᠤᠨ ᠵᠠᠬ᠎ᠠ ᠳᠡᠯᠭᠡᠭᠦᠷ᠂  ᠬᠠᠢ᠌ᠨᠠᠨ ᠲᠣᠭᠣᠷᠢᠭ᠎ᠤᠨ  ᠰᠠᠢ᠌ᠬᠠᠬᠤᠰᠤ  ᠲᠣᠰᠬᠣᠨ᠂  ᠤᠳᠠ ᠵᠢᠨ ᠲᠣᠬᠣᠶ ᠲᠣᠭᠣᠷᠢᠭ᠎ᠤᠨ ᠶᠦᠩ ᠴᠠᠩ ᠵᠢᠶᠠ ᠶᠤᠸᠠᠨ ᠨᠡᠢ᠌ᠭᠡᠮ ᠲᠣᠭᠣᠷᠢᠭ ᠵᠢᠡᠷ ᠲᠣᠭᠣᠷᠢᠨ ᠦᠵᠡᠵᠦ᠂  ᠦᠬᠠᠶ ᠬᠣᠲᠠ ᠵᠢᠨ ᠦᠨᠳᠦᠰᠦᠲᠡᠨ᠎ᠨᠦᠭᠦᠳ᠎ᠤᠨ ᠪᠥᠬᠥ ᠲᠠᠯ᠎ᠠ᠎ᠪᠠᠷ ᠰᠢᠭᠢᠳᠬᠡᠨ ᠣᠷᠣᠬᠤ ᠵᠢ ᠠᠬᠢᠭᠤᠯᠬᠤ᠂  ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ᠂  ᠦᠨᠳᠦᠰᠦᠨ ᠱᠠᠲᠤᠨ᠎ᠤ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠨ ᠵᠤᠬᠢᠴᠠᠭᠤᠯᠬᠤ ᠥᠯᠢᠭᠡᠷ ᠳᠠᠭᠤᠷᠢᠶᠠᠯ ᠪᠣᠯᠬᠤ ᠲᠤᠷᠰᠢᠯᠭ᠎ᠠ ᠠᠷᠭ᠎ᠠ ᠬᠢᠳᠡᠯ᠎ᠢ ᠭᠦᠨᠵᠡᠭᠡᠶ ᠰᠤᠷᠤᠯᠴᠠᠵᠤ᠂  ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠰᠢᠨ᠎ᠠ ᠰᠡᠳᠬᠢᠴᠡ ᠵᠢ  ᠬᠠᠩᠭ᠋ᠠᠪᠠ᠃

图片2.png

      ᠰᠤᠷᠤᠯᠭ᠋ᠠᠳᠠᠤᠨ᠂  ᠪᠣᠯᠪᠠᠰᠤᠷᠠᠯ᠎ᠤᠨ ᠠᠭᠤᠯᠭ᠎ᠠ ᠵᠢᠨ ᠲᠠᠢ᠌ᠯᠤᠮᠵᠢ ᠭᠦᠨᠵᠡᠭᠡᠶ᠂  ᠠᠵᠢᠯ᠎ᠤᠨ ᠱᠠᠭ᠋ᠠᠷᠳᠠᠯᠭ᠎ᠠ ᠪᠣᠳᠠᠲᠠᠶ᠂  ᠲᠤᠬᠠᠶ ᠵᠢᠨ ᠭᠠᠵᠠᠷ᠎ᠤᠨ ᠲᠤᠷᠰᠢᠯᠭ᠎ᠠ ᠰᠤᠯᠢᠯᠴᠠᠬᠤ ᠠᠵᠢᠯᠯᠠᠭ᠎ᠠ ᠪᠦᠲᠦᠮᠵᠢᠲᠡᠶ ᠪᠠᠢ᠌ᠵᠤ᠂  ᠦᠨᠳᠦᠰᠦᠲᠡᠨ᠎ᠤ ᠠᠵᠢᠯ᠎ᠤᠨ ᠺᠠᠳ᠋ᠷᠴᠤᠳ᠎ᠢ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠭᠦᠨᠵᠡᠭᠡᠶ  ᠰᠤᠳᠤᠯᠬᠤ ᠵᠢ ᠬᠦᠴᠦᠯᠡᠨ ᠲᠡᠢ᠌ᠴᠢᠯᠡᠵᠦ᠂  ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ  ᠲᠡᠭᠡᠭᠰᠢᠯᠡᠬᠦᠯᠬᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠰᠠᠨᠠᠯ ᠨᠢᠭᠡᠲᠡᠶ  ᠦᠵᠡᠵᠡᠭᠡᠪᠡ᠃ 

      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠴᠢ ᠵᠦᠪᠯᠡᠯ᠎ᠤᠨ ᠬᠠᠷᠢᠶ᠎ᠠ ᠨᠢᠬᠡᠴᠢ᠂  ᠡᠯ᠎ᠡ ᠠᠢ᠌ᠮᠠᠭ ᠬᠣᠲᠠ ᠵᠢᠨ ᠦᠨᠳᠦᠰᠦᠲᠡᠨ᠎ᠤ ᠵᠥᠪᠯᠡᠯ᠂  ᠮᠠᠨᠵᠤᠤᠷ ᠬᠣᠲᠠ᠂  ᠡᠷᠢᠶᠡᠨ ᠬᠣᠲᠠ ᠵᠢᠨ ᠦᠨᠳᠦᠰᠦᠳᠡᠨ᠎ᠤ ᠵᠥᠪᠯᠡᠯ᠎ᠤᠨ ᠬᠣᠯᠪᠣᠭᠳᠠᠯ ᠪᠥᠬᠥᠶ ᠨᠥᠬᠥᠳ ᠨᠡᠢ᠌ᠲᠡ 50 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠵᠠᠶ᠃

 

 

 

ᠢᠷᠡᠯᠲᠡ᠄ ᠲᠥᠷᠥ ᠵᠢᠨ ᠪᠣᠳᠣᠯᠭ᠎ᠠ ᠬᠠᠤᠯᠢ ᠳᠥᠷᠢᠮ᠎ᠤᠨ ᠭᠠᠵᠠᠷ