ᠨᠠᠮ ᠪᠠ ᠤᠯᠤᠰ᠎ᠤᠨ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠨᠠᠢ᠍ᠮᠠᠨ ᠮᠤᠵᠢ ᠣᠷᠣᠨ᠎ᠤ ᠮᠣᠩᠭᠣᠯ ᠬᠡᠯᠡᠨ᠎ᠤ ᠣᠷᠴᠢᠭᠤᠯᠭ᠎ᠠ ᠵᠢᠨ ᠠᠵᠢᠯᠲᠠᠨ᠎ᠤ ᠣᠨᠣᠯ᠎ᠤᠨ ᠬᠢᠷᠢ ᠲᠦᠪᠰᠢᠨ ᠪᠠ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠣᠷᠴᠢᠭᠤᠯᠭ᠎ᠠ ᠵᠢᠨ ᠡᠩᠨᠡᠭᠡ ᠵᠢ ᠪᠠᠢ᠌ᠭᠤᠯᠵᠦ᠂ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠦᠯᠦᠭᠡ᠂ 4 ᠳ᠋ᠦ᠍ᠭᠡᠷ ᠰᠠᠷ᠎ᠠ ᠵᠢᠨ 14᠎ᠠᠴᠠ 18᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠭᠣᠣᠯᠯᠠᠨ ᠡᠷᠭᠢᠯᠡᠭᠰᠡᠨ 《ᠨᠠᠢ᠍ᠮᠠᠨ ᠮᠤᠵᠢ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠮᠣᠩᠭᠣᠯ ᠬᠡᠯᠡᠨ᠎ᠤ ᠤᠷᠴᠢᠭᠤᠯᠤᠠᠠᠴᠢᠤᠨᠤᠨ ᠪᠣᠯᠪᠠᠰᠤᠷᠠᠯ᠎ᠤᠨ ᠠᠩᠭᠢ》 ᠵᠢ ᠬᠥᠬᠡᠬᠣᠲᠠ᠎ᠳᠤ ᠡᠷᠬᠢᠯᠡᠪᠡ᠃

ᠲᠣᠰ ᠤᠳᠠᠭ᠋ᠠᠨ᠎ᠤ ᠪᠣᠯᠪᠠᠰᠤᠷᠠᠯ 5 ᠡᠳᠦᠷ᠎ᠤᠨ ᠬᠤᠭᠤᠴᠠᠭ᠎ᠠ᠎ᠲᠠᠢ ᠶᠠᠪᠤᠬᠳᠠᠵᠦ᠂ ᠬᠠᠷᠠᠮᠥ᠋ᠷᠡᠨ᠂ ᠭᠢᠷᠢᠨ᠂ ᠯᠢᠶᠣᠤᠨᠢᠩ ᠵᠡᠷᠭᠡ ᠨᠠᠢ᠍ᠮᠠᠨ ᠮᠤᠵᠢ ᠣᠷᠣᠨ ᠪᠣᠯᠣᠨ ᠪᠡᠭᠡᠵᠢᠩ ᠵᠡᠷᠭᠡ ᠭᠠᠵᠠᠷ ᠣᠷᠣᠨ᠎ᠤ ᠮᠣᠩᠭᠣᠯ ᠬᠡᠯᠡᠨ᠎ᠤ ᠣᠷᠴᠢᠭᠤᠯᠭ᠎ᠠ ᠵᠢᠨ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠤᠨ 80 ᠨᠡᠷᠡᠰ ᠣᠷᠴᠢᠭᠤᠯᠭ᠎ᠠ ᠵᠢᠨ ᠭᠣᠣᠯᠯᠠᠭᠴᠢ ᠬᠦᠴᠦᠨ ᠣᠷᠣᠯᠴᠠᠵᠠᠢ᠃ ᠪᠤᠯᠪᠠᠰᠤᠷᠠᠯ᠎ᠳᠤ 《ᠣᠨᠣᠯ ᠵᠶ᠋ᠠᠷ ᠰᠠᠭᠤᠷᠢ ᠪᠣᠯᠭ᠋ᠠᠬᠤ + ᠦᠢ᠍ᠯᠡᠳᠦᠯᠭᠡ᠎ᠪᠠᠷ ᠴᠢᠳᠠᠪᠤᠷᠢ ᠣᠯᠭᠣᠬᠤ + ᠰᠤᠳᠤᠯᠤᠨ ᠶᠠᠷᠢᠯᠴᠠᠵᠤ ᠰᠢᠨ᠎ᠡ ᠵᠢ ᠡᠭᠦᠳᠬᠦ》 ᠭᠤᠷᠪᠠᠨ ᠬᠡᠮᠵᠢᠯᠲᠦ ᠪᠤᠯᠪᠠᠰᠤᠷᠠᠯ᠎ᠤᠨ ᠵᠠᠭᠪᠤᠷ᠎ᠢ ᠭᠡᠷᠡᠭᠯᠡᠵᠦ᠂ ᠰᠤᠷᠤᠯᠭ᠋ᠠᠳᠠᠨᠤ ᠲᠤᠰᠬᠠᠢ ᠮᠡᠷᠭᠡᠵᠢᠯ᠎ᠤᠨ ᠴᠢᠳᠠᠪᠤᠷᠢ ᠪᠠ ᠶᠡᠷᠦᠩᠬᠡᠢ᠌ᠯᠡᠭᠰᠡᠨ ᠬᠡᠪ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
ᠨᠢᠭᠡ᠂ ᠰᠢᠰᠲᠸᠮᠵᠢᠭᠰᠡᠨ ᠤᠨᠤᠯ ᠵᠢᠡᠷ ᠵᠢᠭ᠋ᠠᠵᠤ᠂ ᠲᠤᠰᠬᠠᠢ ᠮᠡᠷᠭᠡᠵᠢᠯ᠎ᠤᠨ ᠰᠠᠭᠤᠷᠢ ᠵᠢ ᠪᠠᠳᠤᠵᠢᠭᠤᠯᠪᠠ
ᠪᠣᠯᠪᠠᠰᠤᠷᠠᠯ᠎ᠤᠨ ᠬᠤᠭᠤᠴᠠᠭ᠋ᠠᠨ᠎ᠳᠤ ᠣᠷᠣᠨ᠎ᠤ ᠳᠣᠲᠣᠭ᠋ᠠᠳᠤ ᠭᠠᠳᠠᠭ᠋ᠠᠳᠤ ᠵᠢᠨ ᠬᠤᠯᠪᠤᠬᠳᠠᠯ ᠪᠦᠬᠦᠢ ᠴᠠᠷᠠᠭ᠎ᠠ ᠬᠦᠷᠢᠶᠡᠨ᠎ᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ ᠲᠤᠰ ᠲᠤᠰ 《ᠰᠤᠷᠤᠯᠴᠠᠵᠦ ᠣᠢ᠌ᠯᠠᠭ᠋ᠠᠵᠤ ᠪᠣᠳᠠᠲᠠᠢ᠌ᠵᠢᠭᠤᠯᠬᠤ — ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠶ᠎ᠠ》᠂ 《ᠣᠳᠣᠬᠠᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠴᠠᠷᠠᠭ᠎ᠠ ᠬᠦᠷᠢᠶᠡᠨ᠎ᠳᠤ ᠬᠢ ᠪᠠᠢ᠌ᠳᠠᠯ ᠬᠢᠭᠡᠳ ᠮᠠᠨ᠎ᠤ ᠤᠯᠤᠰ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠬᠠᠮᠠᠭ᠋ᠠᠯᠠᠶ᠎ᠠ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠴᠠᠷᠠᠭ᠎ᠠ ᠬᠦᠷᠢᠶᠡᠨ᠎ᠳᠠᠬᠢ ᠨᠠᠮ ᠵᠠᠰᠠᠭ᠎ᠤᠨ ᠰᠤᠷᠪᠤᠯᠵᠢ ᠪᠢᠴᠢᠭ ᠮᠠᠲᠸᠷᠢᠶᠠᠯ᠎ᠤᠨ ᠣᠷᠴᠢᠭᠤᠯᠭ᠎ᠠ ᠵᠢᠨ ᠤᠨᠤᠯ ᠪᠣᠯᠣᠨ ᠦᠢ᠍ᠯᠡᠳᠦᠯᠭᠡ》 ᠭᠡᠬᠦ ᠵᠡᠷᠭᠡ ᠭᠣᠣᠯ ᠰᠡᠳᠦᠪ ᠵᠶ᠋ᠡᠷ ᠲᠤᠰᠬᠠᠢ ᠰᠡᠳᠦᠪᠲᠦ ᠲᠠᠢ᠌ᠯᠤᠮᠵᠢ ᠬᠢᠯᠭᠡᠪᠡ᠃ ᠪᠣᠳᠠᠲᠠᠢ᠌ᠵᠢᠭᠤᠯᠤᠭᠰᠠᠨ᠂ ᠲᠦᠷᠰᠦᠯᠡᠴᠢᠯᠡᠭᠰᠡᠨ ᠲᠠᠢ᠌ᠯᠪᠤᠷᠢᠯᠠᠬᠤ ᠠᠷᠭ᠎ᠠ ᠪᠠᠷ ᠲᠠᠮᠵᠢᠭᠤᠯᠵᠤ ᠬᠡᠢ᠌ᠰᠪᠦᠷᠢ᠂ ᠤᠬᠠᠭᠳᠠᠬᠤᠨᠴᠢᠯᠠᠭᠰᠠᠨ ᠤᠨᠤᠯ᠎ᠤᠨ ᠮᠡᠳᠡᠯᠭᠡ ᠵᠢ ᠮᠡᠳᠡᠷᠡᠬᠦ᠂ ᠣᠢ᠌ᠯᠠᠭ᠋ᠠᠬᠤ ᠪᠠ ᠬᠡᠷᠡᠭᠯᠡᠬᠦ᠎ᠳᠤ ᠬᠢᠯᠪᠡᠷ ᠳᠦᠬᠦᠮ ᠤᠢ᠌ᠯᠠᠭ᠋ᠠᠮᠵᠢᠳᠠᠢ ᠪᠤᠯᠭ᠋ᠠᠵᠤ᠂ ᠰᠤᠷᠤᠯᠭ᠋ᠠᠳᠠᠨᠤ ᠦᠡᠳᠦᠰᠦᠳᠡᠨᠤ ᠤᠨᠤᠯ᠂ ᠤᠷᠴᠢᠭᠤᠯᠭ᠎ᠠ ᠵᠢᠨ ᠤᠨᠤᠯ ᠪᠤᠯᠤᠨ ᠤᠷᠴᠢᠭᠤᠯᠭ᠎ᠠ ᠵᠢᠨ ᠮᠡᠷᠬᠡᠵᠢᠯ ᠵᠡᠷᠭᠡ ᠮᠡᠳᠡᠯᠭᠡᠨᠦᠭᠦᠳᠢ ᠬᠦᠡᠵᠡᠭᠡᠢ ᠲᠠᠢ᠌ᠯᠪᠤᠷᠢᠯᠠᠭᠰᠠᠨ ᠵᠢᠡᠷ ᠤᠨᠤᠯ᠎ᠤᠨ ᠰᠠᠭᠤᠷᠢ ᠵᠢ ᠪᠠᠳᠤᠵᠢᠭᠤᠯᠪᠠ᠃
ᠬᠣᠶᠠᠷ᠂ ᠬᠦᠡᠵᠡᠭᠡᠢ᠌ᠷᠡᠬᠦᠢ ᠮᠠᠶᠢᠭ ᠵᠢᠡᠷ ᠤᠢ᠌ᠯᠡᠳᠦᠯᠭᠡᠵᠢᠬᠦᠯᠦᠨ ᠵᠢᠭ᠋ᠠᠵᠤ᠂ ᠴᠢᠳᠠᠪᠤᠷᠢ ᠵᠢᠨ ᠤᠯᠠᠷᠢᠭᠤᠯᠤᠯᠳᠠ ᠵᠢ ᠴᠢᠩᠭ᠋ᠠᠳᠬᠠᠪᠠ
ᠤᠢ᠌ᠯᠡᠳᠦᠯᠭᠡᠵᠢᠬᠦᠯᠦᠨ ᠵᠢᠭ᠋ᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠨᠤᠯ᠎ᠤᠨ ᠮᠡᠳᠡᠯᠭᠡ ᠵᠢ ᠬᠡᠷᠡᠭᠯᠡᠭᠡᠨ᠎ᠤ ᠴᠢᠳᠠᠪᠤᠷᠢ ᠲᠡᠢ᠌ᠰᠢ ᠤᠯᠠᠷᠢᠭᠤᠯᠬᠤ ᠵᠢ ᠠᠬᠢᠭᠤᠯᠬᠤ ᠵᠢᠨ ᠲᠥᠯᠥᠭᠡ᠂ ᠲᠤᠰ ᠤᠳᠠᠭ᠎ᠠ ᠵᠢᠨ ᠪᠣᠯᠪᠠᠰᠤᠷᠠᠯ᠎ᠨᠢ ᠰᠤᠷᠤᠯᠭ᠋ᠠᠳᠠᠨᠢ ᠵᠣᠬᠢᠶᠠᠨ ᠪᠠᠢ᠌ᠭᠤᠯᠵᠦ ᠬᠥᠬᠡᠬᠣᠲᠠ ᠵᠢᠨ ᠵᠤᠤ ᠵᠢᠶᠦ᠋ᠨ ᠮᠦᠽᠧᠢ᠎ᠳᠤ ᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠬᠦᠷᠴᠦ ᠬᠦᠡᠵᠡᠭᠡᠢ᠌ᠷᠡᠬᠦᠢ ᠭᠡᠯᠪᠡᠷᠢ ᠪᠦᠬᠦᠢ ᠵᠢᠭ᠋ᠠᠬᠤ ᠠᠵᠢᠯᠯᠠᠭ᠎ᠠ ᠵᠢ ᠦᠷᠨᠢᠬᠦᠯᠪᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠣᠳᠠᠲᠤ ᠶᠠᠭᠤᠮ᠎ᠠ ᠵᠢ ᠳᠡᠯᠭᠡᠨ ᠦᠵᠡᠭᠦᠯᠬᠦ᠂ ᠲᠡᠦᠬᠡ ᠵᠢᠨ ᠠᠬᠤᠢ ᠪᠠᠢ᠌ᠳᠠᠯ᠎ᠢ ᠰᠡᠷᠭᠦᠭᠡᠬᠦ ᠵᠡᠷᠭᠡ ᠠᠭᠤᠯᠭ᠎ᠠ ᠵᠢ ᠰᠤᠷᠤᠯᠴᠠᠵᠦ ᠰᠤᠨᠢᠷᠬᠠᠬᠤ᠎ᠪᠠᠷ ᠳᠠᠮᠵᠢᠭᠤᠯᠵᠤ᠂ ᠰᠤᠷᠤᠯᠭ᠋ᠠᠳᠠᠨᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠦᠢ᠍ᠯᠡᠳᠦᠯᠭᠡ ᠵᠢᠨ ᠲᠤᠬᠠᠢ ᠣᠢ᠌ᠯᠠᠭ᠋ᠠᠯᠲᠠ ᠵᠢ ᠬᠦᠨᠵᠡᠭᠡᠢ᠌ᠷᠡᠬᠦᠯᠪᠡ᠃ 《ᠦᠵᠡᠵᠦ ᠰᠣᠨᠣᠰᠬᠤ ᠫᠷᠣᠭ᠌ᠷᠠᠮ᠎ᠤᠨ ᠣᠷᠴᠢᠭᠤᠯᠭ᠎ᠠ ᠪᠠ ᠬᠡᠯᠡ ᠠᠯᠤᠰᠯᠠᠭᠰᠠᠨ ᠳᠠᠮᠵᠢᠭᠤᠯᠭ᠎ᠠ — ᠳᠠᠭᠤᠤ ᠵᠢᠨ ᠦᠭᠡ ᠪᠠ ᠵᠦᠴᠦᠭᠡ ᠵᠢᠨ ᠦᠭᠡ ᠵᠢ ᠤᠷᠴᠢᠭᠤᠯᠬᠤ ᠳᠤᠮᠳᠠ 〈 ᠢᠲᠡᠭᠡᠯ᠂ ᠨᠡᠪᠳᠡᠷᠡᠯ᠂ ᠢᠯᠭᠤᠮ 〉᠎ᠢ ᠰᠦᠪᠡᠭᠴᠢᠯᠡᠬᠦ》 ᠪᠠ 《ᠵᠣᠬᠢᠶᠠᠮᠠᠯ ᠤᠶᠤᠠᠴᠢ ᠲᠤᠮᠤ ᠬᠡᠯᠡᠨ᠎ᠤ ᠵᠠᠭᠪᠤᠷ᠎ᠤᠨ ᠬᠥᠭᠵᠢᠯᠲᠡ ᠵᠢᠨ ᠬᠠᠨᠳᠤᠰᠢ ᠪᠠ ᠬᠡᠷᠡᠭᠯᠡᠯᠲᠡ》 ᠵᠢᠨ ᠬᠢᠴᠢᠶᠡᠯ᠎ᠢ ᠣᠷᠤᠬᠤ᠎ᠳᠤ᠂ ᠲᠤᠰᠬᠠᠢ ᠮᠡᠷᠭᠡᠵᠢᠯᠲᠡᠨ᠎ᠤ ᠲᠤᠬᠠᠢ ᠵᠢᠨ ᠲᠠᠯᠠᠪᠠᠢ ᠵᠢᠨ ᠵᠢᠯᠣᠭᠣᠳᠤᠯᠭ᠎ᠠ ᠪᠠ ᠣᠶᠤᠨᠴᠢ ᠣᠷᠴᠢᠭᠤᠯᠭ᠎ᠠ ᠵᠢᠨ ᠲᠠᠪᠴᠠᠩ᠎ᠤᠨ ᠪᠤᠳᠠᠳᠤ ᠦᠢ᠍ᠯᠡᠳᠦᠯᠭᠡ᠎ᠪᠠᠷ ᠲᠠᠮᠵᠢᠵᠦ᠂ ᠰᠤᠷᠤᠯᠭ᠋ᠠᠳᠠᠨ ᠤᠳᠬ᠎ᠠ ᠵᠣᠬᠢᠶᠠᠯ᠎ᠤᠨ ᠣᠷᠴᠢᠭᠤᠯᠭ᠎ᠠ ᠵᠢᠨ ᠪᠤᠳᠠᠳᠤ ᠪᠣᠯᠪᠠᠰᠤᠷᠠᠯ᠎ᠢ ᠪᠡᠶᠡᠯᠡᠭᠦᠯᠦᠭᠰᠡᠨ ᠮᠥᠷᠲᠡᠭᠡᠨ ᠪᠠᠰᠠ ᠵᠣᠬᠢᠶᠠᠮᠠᠯ ᠤᠶᠤᠨᠴᠢ ᠴᠠᠭ ᠦᠶ᠎ᠡ ᠵᠢᠨ ᠣᠷᠴᠢᠭᠤᠯᠭ᠎ᠠ ᠵᠢᠨ ᠠᠵᠢᠯ᠎ᠤᠨ ᠰᠢᠪᠲᠤᠯᠤᠯᠲᠠ ᠵᠢᠨ ᠴᠢᠨᠠᠷᠲᠠᠢ ᠠᠬᠢᠴᠠ ᠵᠢᠴᠢ ᠮᠠᠰᠢᠨ ᠣᠷᠴᠢᠭᠤᠯᠭ᠎ᠠ ᠵᠢᠨ ᠦᠢ᠍ᠯᠡᠳᠦᠯᠭᠡ ᠵᠢ ᠭᠡᠷᠡᠴᠢᠯᠡᠵᠦ᠂ AI ᠮᠡᠷᠭᠡᠵᠢᠯ᠎ᠤᠨ ᠴᠢᠳᠠᠪᠤᠷᠢ ᠳᠣᠣᠷᠠᠬᠢ ᠣᠷᠴᠢᠭᠤᠯᠭ᠎ᠠ ᠵᠢᠨ ᠦᠢ᠍ᠯᠡᠰ᠎ᠤᠨ ᠰᠢᠨᠡᠴᠢᠯᠡᠯᠲᠡ ᠵᠢᠨ ᠴᠢᠨᠠᠷᠲᠠᠢ ᠬᠥᠭᠵᠢᠯᠲᠡ ᠵᠢ ᠨᠠᠩ ᠰᠢᠭᠤᠳ ᠣᠢ᠌ᠯᠠᠭ᠋ᠠᠪᠠ᠃
ᠭᠤᠷᠪᠠ᠂ ᠰᠤᠳᠤᠯᠤᠨ ᠶᠠᠷᠢᠯᠴᠠᠵᠤ ᠰᠣᠯᠢᠯᠴᠠᠬᠤ ᠵᠢ ᠤᠯᠠᠨ ᠡᠰᠢᠵᠢᠭᠦᠯᠵᠦ᠂ ᠲᠤᠷᠰᠢᠯᠭ᠎ᠠ ᠵᠢ ᠬᠠᠮᠳᠤ᠎ᠪᠠᠷ ᠡᠳ᠋ᠯᠡᠬᠦ ᠵᠢ ᠠᠬᠢᠭᠤᠯᠪᠠ
ᠣᠷᠴᠢᠭᠤᠯᠭ᠎ᠠ ᠵᠢᠨ ᠦᠢ᠍ᠯᠡᠳᠦᠯᠭᠡ ᠵᠢᠨ ᠲᠤᠷᠰᠢᠯᠭ᠎ᠠ ᠵᠢ ᠬᠠᠷᠢᠯᠴᠠᠨ ᠲᠣᠯᠢᠳᠠᠵᠤ ᠬᠠᠮᠳᠤ᠎ᠪᠠᠷ ᠡᠳ᠋ᠯᠡᠬᠦ ᠵᠢ ᠠᠬᠢᠭᠤᠯᠬᠤ ᠵᠢᠨ ᠲᠥᠯᠥᠭᠡ᠂ ᠲᠤᠰ ᠤᠳᠠᠭ᠎ᠠ ᠵᠢᠨ ᠪᠣᠯᠪᠠᠰᠤᠷᠠᠯ᠎ᠳᠤ ᠳᠤᠭᠤᠢ᠌ᠯᠠᠩ ᠬᠤᠪᠢᠶᠠᠵᠦ ᠰᠤᠳᠤᠯᠤᠨ ᠶᠠᠷᠢᠯᠴᠠᠵᠤ ᠰᠣᠯᠢᠯᠴᠠᠬᠤ ᠭᠣᠭᠴᠣᠭ᠎ᠠ ᠲᠣᠬᠢᠷᠠᠭᠤᠯᠪᠠ᠃ ᠪᠣᠯᠪᠠᠰᠤᠷᠠᠯ᠎ᠳᠤ ᠤᠷᠤᠯᠴᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠮᠳᠠᠬᠢ ᠣᠷᠴᠢᠭᠤᠯᠭ᠎ᠠ ᠵᠢᠨ ᠦᠢ᠍ᠯᠡᠳᠦᠯᠭᠡ᠂ ᠰᠢᠨ᠎ᠡ ᠴᠠᠭ ᠦᠶ᠎ᠡ ᠵᠢᠨ ᠮᠣᠩᠭᠣᠯ ᠬᠡᠯᠡᠨ᠎ᠤ ᠣᠷᠴᠢᠭᠤᠯᠭ᠎ᠠ᠎ᠪᠠᠷ ᠦᠨᠳᠦᠰᠦᠲᠡᠨ᠎ᠤ ᠰᠣᠶᠣᠯ᠎ᠤᠨ ᠠᠭᠤᠰᠤᠯᠴᠠᠯ᠎ᠳᠤ ᠬᠦᠴᠦᠨ ᠨᠡᠮᠡᠷᠢᠯᠡᠬᠦ᠂ ᠵᠣᠬᠢᠶᠠᠮᠠᠯ ᠣᠶᠤᠨᠴᠢ ᠮᠡᠷᠭᠡᠵᠢᠯ ᠵᠶ᠋ᠡᠷ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠰᠢᠨ᠎ᠡ ᠵᠢ ᠡᠭᠦᠳᠬᠦ᠎ᠳᠤ ᠴᠢᠳᠠᠪᠤᠷᠢ ᠤᠯᠭᠤᠬᠤ ᠵᠡᠷᠭᠡ ᠰᠡᠳᠦᠪ᠎ᠤᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠰᠤᠷᠤᠯᠭ᠋ᠠᠳᠠᠨ ᠨᠡᠢ᠌ᠲᠡᠯᠢᠭ ᠴᠢᠨᠠᠷᠳᠠᠢ ᠣᠷᠴᠢᠭᠤᠯᠭ᠎ᠠ ᠵᠢᠨ ᠬᠡᠷᠡᠭ᠎ᠤᠨ ᠵᠢᠱ᠌ᠢᠶ᠎ᠡ᠂ ᠣᠷᠣᠨ ᠨᠤᠲᠤᠭ᠎ᠤᠨ ᠤᠨᠴᠠᠯᠢᠬᠳᠦ ᠦᠭᠡᠰ᠎ᠤᠨ ᠰᠠᠩ᠎ᠤᠨ ᠣᠷᠴᠢᠭᠤᠯᠭ᠎ᠠ ᠵᠢᠨ ᠲᠦᠷᠢᠮᠵᠢᠯ ᠵᠡᠷᠭᠡ ᠪᠣᠳᠠᠲᠠᠢ ᠵᠢ ᠡᠷᠬᠢᠮᠯᠡᠭᠰᠡᠨ ᠲᠤᠷᠰᠢᠯᠭ᠎ᠠ ᠵᠢ ᠬᠤᠪᠢᠶᠠᠯᠴᠠᠬᠤ᠎ᠪᠠᠷ ᠲᠠᠮᠵᠢᠭᠤᠯᠵᠦ᠂ ᠣᠷᠴᠢᠭᠤᠯᠭ᠎ᠠ ᠵᠢᠨ ᠬᠦᠴᠢᠷᠳᠡᠯ᠎ᠢ ᠪᠦᠲᠦᠮᠵᠢᠲᠡᠶ᠎ᠪᠠᠷ ᠰᠢᠪᠲᠤᠯᠵᠤ᠂ ᠣᠷᠴᠢᠭᠤᠯᠭ᠎ᠠ ᠵᠢᠨ ᠤᠷ᠎ᠠ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ᠎ᠤ ᠬᠠᠮᠲᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠵᠢᠨ ᠲᠣᠭᠣᠷᠢᠨ᠎ᠳᠤ᠂ ᠤᠨᠤᠯ᠎ᠤᠨ ᠲᠠᠨᠢᠯᠳᠠ ᠪᠠ ᠦᠢ᠍ᠯᠡᠳᠦᠯᠭᠡ ᠲᠤᠷᠰᠢᠯᠭ᠎ᠠ ᠵᠢᠨ ᠮᠥᠷᠭᠥᠯᠳᠦᠯᠤᠨ ᠳᠤᠮᠳᠠ 《ᠬᠣᠣᠰ ᠬᠡᠯᠡ ᠵᠢ ᠬᠠᠷᠢᠯᠴᠠᠨ ᠠᠬᠢᠭᠤᠯᠵᠤ᠂ ᠬᠤᠤᠰ ᠵᠠᠮ ᠵᠢᠡᠷ ᠤᠷᠤᠠᠠᠰᠢᠯᠠᠬᠤ》 ᠰᠢᠨ᠎ᠡ ᠵᠢ ᠡᠭᠦᠳᠬᠦ ᠬᠥᠭᠵᠢᠯᠲᠡ ᠵᠢᠨ ᠬᠠᠮᠲᠤ ᠵᠢᠨ ᠲᠠᠨᠢᠯᠲᠠ ᠵᠢ ᠪᠤᠢ ᠪᠣᠯᠭ᠋ᠠᠬᠤ ᠲᠤᠬᠠᠢ ᠰᠤᠳᠤᠯᠤᠨ ᠶᠠᠷᠢᠯᠴᠠᠪᠠ᠃ ᠳᠤᠭᠤᠢ᠌ᠯᠠᠩ ᠪᠦᠷᠢ ᠵᠢᠨ ᠶᠠᠷᠢᠯᠴᠠᠭ᠎ᠠ ᠬᠦᠷ ᠬᠥᠭᠵᠢᠶᠡᠨ᠎ᠲᠠᠢ ᠶᠠᠪᠤᠭᠳᠠᠵᠤ᠂ᠤᠯᠠᠨ᠎ᠤ ᠤᠶᠤᠨ ᠤᠬᠠᠭ᠋ᠠᠨ᠎ᠢ ᠲᠥᠪᠯᠡᠷᠡᠭᠦᠯᠵᠦ᠂ ᠰᠢᠨ᠎ᠡ ᠵᠢ ᠡᠬᠦᠳᠦᠭᠰᠡᠨ ᠲᠦᠰᠦᠯ᠎ᠤᠳ ᠢᠯᠡᠷᠡᠵᠦ᠂ ᠬᠥᠭᠵᠢᠯᠲᠡ ᠵᠢᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠪᠠ᠃ ᠤᠯᠠᠨ ᠵᠶ᠋ᠠᠷ ᠵᠶ᠋ᠠᠨ ᠰᠢᠨ᠎ᠡ ᠴᠠᠭ ᠦᠶ᠎ᠡ ᠵᠢᠨ ᠣᠷᠴᠢᠭᠤᠯᠭ᠎ᠠ ᠵᠢᠨ ᠠᠵᠢᠯᠲᠠᠨ ᠪᠣᠯᠤᠭᠰᠠᠨ᠎ᠤ ᠬᠤᠪᠢ᠎ᠳᠤ 《ᠬᠡᠯᠡᠨ᠎ᠤ ᠬᠥᠭᠥᠷᠭᠡ》 ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢ᠌ᠲᠤᠷ ᠰᠤᠷᠴᠤ ᠰᠠᠢ᠌ᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠦᠪᠰᠢᠨ᠎ᠢ ᠳᠡᠭᠡᠭᠰᠢᠯᠡᠭᠦᠯᠵᠦ᠂ ᠴᠢᠨᠠᠷ ᠰᠠᠢ᠌ᠲᠠᠢ ᠣᠷᠴᠢᠭᠤᠯᠭ᠎ᠠ ᠵᠢᠨ ᠦᠢ᠍ᠯᠡᠴᠢᠯᠡᠭᠡ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠭᠡᠵᠦ ᠰᠠᠨᠠᠯ ᠨᠢᠭᠡᠲᠡᠢ ᠦᠵᠡᠪᠡ᠃ ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠳᠤᠭᠤᠢ᠌ᠯᠠᠩ ᠪᠦᠷᠢ ᠨᠢᠭᠡ ᠲᠥᠯᠥᠭᠡᠯᠡᠭᠴᠢ ᠲᠤᠮᠢᠯᠠᠨ ᠲᠠᠢ᠌ᠰᠠᠨ᠎ᠳᠤ ᠭᠠᠷᠴᠤ ᠰᠤᠯᠢᠯᠴᠠᠬᠤ ᠶᠠᠷᠢᠶ᠎ᠠ ᠲᠠᠯᠪᠢᠵᠤ᠂ᠪᠣᠯᠪᠠᠰᠤᠷᠠᠯ᠎ᠤᠨ ᠶᠠᠪᠤᠴᠠ᠎ᠳᠠᠬᠢ ᠰᠤᠷᠤᠯᠴᠠᠯᠭ᠎ᠠ ᠵᠢᠨ ᠲᠥᠷᠥᠭᠳᠡᠯ ᠵᠶ᠋ᠡᠨ ᠬᠤᠪᠢᠶᠠᠯᠴᠠᠪᠠ᠃
ᠳᠠᠷᠠᠭ᠋ᠠᠴᠢ ᠵᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠢ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠪᠦᠬᠦ ᠶᠠᠪᠤᠴᠠ ᠡᠯ᠎ᠡ ᠲᠠᠯ᠎ᠠ᠎ᠳᠤ ᠬᠦᠨᠵᠡᠭᠡᠢ ᠪᠦᠭᠡᠳ ᠪᠤᠳᠠᠳᠠᠢ ᠲᠤᠭᠤᠰᠢᠯᠠᠭᠤᠯᠵᠦ᠂ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠢ᠍ᠮᠠᠨ ᠮᠤᠵᠢ ᠣᠷᠣᠨ ᠪᠠ ᠪᠡᠭᠡᠵᠢᠩ ᠵᠡᠷᠭᠡ ᠭᠠᠵᠠᠷ ᠣᠷᠣᠨ᠎ᠤ ᠮᠣᠩᠭᠣᠯ ᠬᠡᠯᠡᠨ᠎ᠤ ᠣᠷᠴᠢᠭᠤᠯᠭ᠎ᠠ ᠵᠢᠨ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠤᠨ ᠰᠣᠯᠢᠯᠴᠠᠭ᠎ᠠ ᠰᠤᠷᠤᠯᠴᠠᠯᠭ᠎ᠠ᠂ ᠬᠠᠷᠢᠯᠴᠠᠨ ᠲᠣᠯᠢᠯᠠᠵᠤ ᠬᠠᠮᠳᠦ᠎ᠪᠠᠷ ᠡᠳ᠋ᠯᠡᠬᠦ ᠵᠢ ᠠᠬᠢᠭᠤᠯᠵᠦ᠂ ᠮᠤᠵᠢ ᠣᠷᠣᠨ ᠠᠯᠤᠰᠯᠠᠭᠰᠠᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠪᠦᠲᠦᠮᠵᠢᠲᠡᠶ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠭᠦᠨᠵᠡᠭᠡᠢ᠌ᠷᠡᠨ ᠬᠥᠭᠵᠢᠬᠦ ᠵᠢ ᠯᠠᠪᠳᠠᠭᠤᠨ ᠪᠠᠳᠤᠳᠠᠢ ᠠᠬᠢᠭᠤᠯᠬᠤ ᠪᠤᠯᠤᠨ᠎ᠠ᠃