ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠡᠭᠦᠷᠭᠡ ᠴᠢᠳᠠᠪᠬᠢ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠬᠦᠨᠵᠡᠭᠡᠢ᠌ᠷᠡᠨ ᠪᠤᠳᠠᠳᠠᠢ᠌ᠵᠢᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠰᠢᠨ᠎ᠡ ᠵᠢ ᠡᠭᠦᠳᠬᠦ ᠴᠢᠳᠠᠪᠤᠷᠢ ᠵᠢᠨ ᠨᠡᠷᠡᠰ᠎ᠤᠨ ᠵᠢᠭᠰᠠᠭ᠋ᠠᠯᠲᠠ᠎ᠳᠤ ᠤᠷᠤᠭᠰᠢ᠎ᠪᠠᠨ 4 ᠤᠷᠤᠨ ᠠᠬᠢᠵᠤ ᠂ ᠪᠦᠬᠦ ᠤᠯᠤᠰ᠎ᠲᠤ 24 ᠳ᠋ᠦ᠍ᠭᠡᠷ ᠪᠠᠢ᠌ᠷᠢ᠎ᠳᠤ ᠬᠦᠷᠴᠡᠢ᠃ ᠪᠥᠬᠥ ᠣᠷᠣᠨ᠎ᠤ ᠮᠡᠷᠭᠡᠵᠢᠯ᠎ᠤᠨ ᠭᠡᠷ᠎ᠡ ᠵᠢᠨ ᠳᠠᠩᠰᠠᠯᠠᠭᠰᠠᠨ ᠬᠡᠮᠵᠢᠶ᠎ᠡ᠂ ᠠᠷᠠᠯᠵᠢᠶ᠎ᠠ ᠪᠦᠲᠦᠭᠰᠡᠨ ᠲᠣᠭ᠎ᠠ ᠲᠣᠰ ᠲᠣᠰ 2414 ᠵᠦᠢ᠍ᠯ ᠪᠠ 82.79 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.79% ᠪᠠ 34.13%᠎ᠪᠠᠷ ᠨᠡᠮᠡᠭᠳᠡᠭᠰᠡᠨ ᠵᠶ᠋ᠡᠷ ᠴᠥᠮ ᠰᠢᠨ᠎ᠡ ᠲᠡᠮᠳᠡᠭᠯᠡᠯ᠎ᠢ ᠡᠭᠦᠳᠪᠡ᠃ ᠥᠪᠥᠷ ᠮᠣᠩᠭᠣᠯ᠎ᠤᠨ ᠨᠡᠷ᠎ᠡ ᠳᠤᠷᠠᠳᠤᠭᠳᠠᠭᠰᠠᠨ 2 ᠵᠦᠢ᠍ᠯ᠎ᠤᠨ ᠦᠷ᠎ᠡ ᠪᠦᠲᠦᠭᠡᠯ᠎ᠨᠢ ᠤᠯᠤᠰ᠎ᠤᠨ ᠰᠢᠨᠵᠢᠯᠡᠭᠡ ᠮᠡᠷᠭᠡᠵᠢᠯ᠎ᠤᠨ ᠳᠠᠪᠰᠢᠯᠲᠠ ᠵᠢᠨ ᠬᠣᠶᠠᠳᠤᠭ᠋ᠠᠷ ᠳᠡᠰ᠎ᠤᠨ ᠱᠠᠩᠨᠠᠯ᠎ᠢ ᠭᠥᠷᠳᠡᠪᠡ᠃
ᠨᠢᠭᠡ᠎ᠳᠤ ᠰᠢᠨᠵᠢᠯᠡᠭᠡ ᠮᠡᠷᠭᠡᠵᠢᠯ ᠵᠶ᠋ᠡᠷ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠤᠯᠠᠷᠢᠭᠤᠯᠵᠦ ᠳᠡᠰ ᠳᠡᠪᠰᠢᠬᠦ ᠵᠢ ᠲᠤᠯᠭ᠋ᠠᠭᠤᠷᠢᠯᠠᠬᠤ ᠴᠢᠳᠠᠪᠤᠷᠢ ᠵᠢ ᠲᠡᠭᠡᠭᠰᠢᠯᠡᠬᠦᠯᠪᠡ᠃ ᠰᠢᠨᠵᠢᠯᠡᠭᠡ ᠮᠡᠷᠭᠡᠵᠢᠯ ᠵᠶ᠋ᠡᠷ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠴᠠᠷᠠᠭ᠎ᠠ ᠬᠦᠷᠢᠶ᠎ᠡ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠴᠠᠷᠠᠭ᠎ᠠ ᠬᠦᠷᠢᠶᠡᠨ᠎ᠳᠠᠬᠢ ᠭᠣᠣᠯᠳᠠᠯᠭ᠎ᠠ᠎ᠲᠠᠢ ᠰᠤᠳᠤᠯᠤᠨ ᠨᠡᠭᠡᠭᠡᠯᠲᠡ ᠪᠠ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠢ ᠲᠦᠷᠦᠯ ᠵᠦᠢ᠍ᠯ᠎ᠢ ᠲᠤᠯᠭ᠋ᠠᠭᠤᠷᠢᠯᠠᠬᠤ ᠵᠢ ᠬᠡᠷᠡᠭᠵᠢᠭᠦᠯᠵᠦ᠂ ᠨᠡᠬᠦᠷᠡᠰᠦ ᠭᠡᠦᠷᠰᠢᠬᠦᠯᠬᠦ ᠬᠢᠮᠢ ᠵᠢᠨ ᠠᠵᠤ ᠦᠢ᠍ᠯᠡᠳᠪᠦᠷᠢ᠂ ᠲᠠᠷᠢᠶᠠᠯᠠᠩ᠎ᠤᠨ ᠮᠠᠰᠢᠨ᠂ ᠡᠷᠳᠡᠨᠢ ᠰᠢᠰᠢ ᠵᠡᠷᠭᠡ 3 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠪᠠ᠃ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ ᠢᠳᠡᠪᠬᠢᠲᠡᠢ ᠠᠭᠤᠰᠤᠯᠴᠠᠵᠦ᠂ 《4+8+N》 ᠬᠠᠮᠲᠤᠷᠠᠯᠴᠠᠭ᠋ᠠᠨ᠎ᠤ ᠲᠣᠭᠲᠠᠯᠴᠠᠭ᠎ᠠ ᠵᠢ ᠭᠦᠨᠵᠡᠭᠡᠢ᠌ᠷᠡᠭᠦᠯᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《 ᠰᠢᠨᠵᠢᠯᠡᠭᠡ ᠮᠡᠷᠭᠡᠵᠢᠯ᠎ᠤᠨ ᠰᠢᠨ᠎ᠡ ᠡᠬᠦᠳᠦᠯᠳᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠨᠠᠢ᠌ᠳᠠᠪᠤᠷᠢᠵᠢᠭᠤᠯᠵᠦ᠂ 《ᠨᠢᠭᠡ ᠪᠦᠰᠡ ᠨᠢᠭᠡ ᠵᠠᠮ》᠎ᠤᠨ ᠰᠢᠨᠵᠢᠯᠡᠭᠡ ᠮᠡᠷᠭᠡᠵᠢᠯ᠎ᠤᠨ ᠬᠠᠮᠵᠢᠯᠴᠠᠭ᠎ᠠ᠎ᠳᠤ ᠣᠷᠣᠯᠴᠠᠵᠤ᠂ ᠡᠯ᠎ᠡ ᠲᠠᠯ᠎ᠠ ᠵᠢᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠠᠰᠤᠷᠠᠯᠲᠠ ᠦᠭᠡᠢ ᠬᠤᠷᠠᠮᠳᠤᠭᠤᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠠᠷᠠᠭ᠎ᠠ ᠬᠦᠷᠢᠶᠡᠨ᠎ᠳᠠᠬᠢ ᠨᠥᠯᠥᠭᠡᠯᠡᠬᠦ ᠬᠦᠴᠦᠨ᠎ᠢ ᠲᠡᠭᠡᠭᠰᠢᠯᠡᠬᠦᠯᠪᠡ᠃ 《 ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠥᠬᠥ ᠲᠠᠯ᠎ᠠ᠎ᠪᠠᠷ ᠡᠬᠢᠯᠡᠭᠦᠯᠵᠦ᠂ ᠮᠡᠷᠭᠡᠵᠢᠯ᠎ᠤᠨ ᠪᠡᠷᠬᠡ ᠰᠡᠳᠦᠪ᠎ᠲᠤ ᠠᠩᠬᠠᠷᠤᠯ ᠵᠶ᠋ᠠᠨ ᠬᠠᠨᠳᠤᠭᠤᠯᠵᠤ ᠂ 《ᠵᠠᠷᠯᠠᠨ ᠮᠠᠩᠯᠠᠢ᠌ᠯᠠᠭᠤᠯᠬᠤ》 ᠠᠷᠭ᠎ᠠ ᠬᠡᠯᠪᠡᠷᠢ᠎ᠪᠠᠷ 15 ᠵᠦᠢ᠍ᠯ᠎ᠤᠨ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠡᠬᠢᠯᠡᠭᠦᠯᠦᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ᠎ᠳᠤ ᠮᠡᠷᠭᠡᠵᠢᠯ ᠪᠠ ᠰᠢᠰᠲ᠋ᠧᠮ᠎ᠤᠨ ᠲᠥᠰᠥᠯ ᠬᠠᠩᠭ᠋ᠠᠪᠠ᠃

ᠬᠥᠪᠴᠢ ᠵᠢᠨ ᠡᠯᠡᠰᠦᠨ ᠴᠥᠯ᠎ᠤᠨ ᠦᠷᠦᠴᠨ ᠭᠠᠵᠠᠷ᠎ᠤᠨ ᠲᠤᠮᠳᠠᠬᠢ ᠡᠨᠧᠷᠭᠢ ᠠᠷᠪᠢᠯᠠᠬᠤ ᠲᠠᠯᠠᠳ ᠬᠣᠰᠢᠭᠤᠨ᠎ᠤ 50 ᠲᠦᠮᠡᠨ ᠺᠢᠯᠣᠸᠠᠲ᠎ᠤᠨ ᠬᠡᠷᠡᠯ ᠴᠡᠨᠡᠭ ᠵᠶ᠋ᠡᠷ ᠡᠯᠡᠰᠦ ᠵᠢ ᠵᠠᠰᠠᠬᠤ ᠵᠢ ᠨᠢᠭᠡ ᠴᠣᠭᠴᠠᠵᠢᠭᠤᠯᠬᠤ ᠲᠥᠷᠥᠯ ᠵᠦᠢ᠍ᠯ᠎ᠤᠨ ᠰᠠᠭᠤᠷᠢᠨ ᠭᠠᠵᠠᠷ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠩᠭ᠋ᠠᠪᠠ)
ᠬᠣᠶᠠᠷ᠎ᠲᠤ ᠰᠢᠨᠵᠢᠯᠡᠭᠡ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠭᠡᠷᠡᠭᠵᠢᠬᠦᠯᠪᠡ᠃ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠬᠠᠨᠳᠤᠭᠤᠯᠵᠤ ᠂ 《4+1》 ᠰᠢᠪᠲᠤᠯᠤᠯᠲᠠ ᠵᠢᠨ ᠴᠡᠭ᠎ᠢ ᠰᠣᠩᠭᠣᠨ ᠲᠣᠭᠲᠠᠭ᠋ᠠᠵᠤ᠂ 36 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠵᠦ᠂ ᠨᠡᠶ᠋ᠢᠲᠡ 72 ᠣᠷᠣᠨ᠎ᠤ ᠳᠣᠲᠣᠨᠠᠬᠢ ᠭᠠᠳᠠᠨᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠵᠢ ᠪᠣᠭᠣᠮᠲᠠ ᠰᠢᠪᠲᠤᠯᠬᠤ᠎ᠳᠤ ᠣᠷᠣᠯᠴᠠᠭᠤᠯᠵᠤ᠂ ᠪᠡᠯᠡ ᠮᠥᠩᠭᠥ ᠵᠢᠨ ᠶᠡᠷᠦᠩᠬᠡᠢ ᠣᠷᠣᠭᠤᠯᠤᠯᠲᠠ᠎ᠨᠢ 28.17 ᠳ᠋ᠦᠩᠰᠢᠭᠤᠷ ᠲᠥᠭᠥᠷᠢᠭ᠎ᠲᠤ ᠬᠦᠷᠪᠡ᠃ ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠣᠨᠴᠠᠯᠢᠭ ᠪᠠ ᠡᠯᠪᠡᠭ ᠪᠠᠶᠠᠯᠢᠭ ᠬᠡᠷᠡᠭᠯᠡᠭᠡᠨ᠎ᠤ ᠠᠬᠤᠢ ᠲᠠᠯᠠᠪᠠᠶ ᠵᠢᠨ ᠣᠨᠴᠠᠯᠢᠭᠲᠤ ᠰᠠᠭᠤᠷᠢᠯᠠᠵᠦ᠂ 《ᠵᠣᠬᠢᠶᠠᠮᠠᠯ ᠣᠶᠤᠨ ᠴᠢᠳᠠᠪᠤᠷᠢ +》᠂ ᠳᠣᠣᠷ᠎ᠠ ᠠᠭ᠋ᠠᠷ᠎ᠤᠨ ᠠᠵᠤ ᠠᠬᠤᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠭᠤᠷᠪᠠᠨ ᠰᠢᠨ᠎ᠡ ᠴᠡᠭ ᠪᠠᠢ᠌ᠷᠢ ᠵᠢᠨ 16 ᠪᠣᠭᠣᠮᠲᠠ ᠰᠢᠪᠲᠤᠯᠬᠤ ᠴᠢᠭᠯᠡᠯ᠎ᠢ ᠪᠠᠢ᠌ᠷᠢᠰᠢᠭᠤᠯᠵᠤ᠂ ᠠᠵᠤ ᠦᠢ᠍ᠯᠡᠰ᠎ᠤᠨ ᠲᠠᠰ ᠳᠡᠪᠰᠢᠬᠦ ᠵᠢ ᠬᠦᠴᠦᠯᠡᠨ ᠲᠤᠯᠭ᠋ᠠᠭᠤᠷᠢᠯᠠᠪᠠ᠃

ᠰᠢᠨᠵᠢᠯᠡᠭᠡ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠤᠨ ᠬᠣᠪᠣᠷ ᠰᠢᠷᠣᠢ ᠵᠢᠨ ᠴᠡᠭ ᠪᠠᠢ᠌ᠷᠢ ᠵᠢᠨ ᠲᠤᠰᠬᠠᠢ ᠵᠦᠢ᠍ᠯ 《ᠬᠣᠪᠣᠷ ᠰᠢᠷᠣᠢ ᠵᠢᠨ ᠴᠢᠨᠠᠷ᠎ᠢ ᠥᠭᠡᠷᠡᠴᠢᠯᠡᠭᠰᠡᠨ ᠲᠣᠮᠣ ᠮᠤᠯᠸᠺᠦᠢ᠌ᠯᠲᠤ ᠮᠠᠲ᠋ᠧᠷᠢᠶᠠᠯ᠎ᠤᠨ ᠲᠤᠰᠬᠠᠢ ᠬᠡᠷᠡᠭᠯᠡᠬᠦ ᠮᠠᠲ᠋ᠧᠷᠢᠶᠠᠯ ᠵᠢᠴᠢ ᠪᠦᠲᠦᠭᠡᠭᠳᠡᠬᠦᠨ᠎ᠤ ᠠᠵᠤ ᠦᠶ᠋ᠢᠯᠡᠰᠵᠢᠯᠲᠡ ᠵᠢᠨ ᠵᠠᠩᠭᠢᠯᠠᠭ᠎ᠠ ᠵᠢᠨ ᠮᠡᠷᠭᠡᠵᠢᠯ᠎ᠤᠨ ᠲᠥᠷᠥᠯ ᠵᠦᠢ᠍ᠯ》᠎ᠤᠨ ᠳᠤᠮᠳᠠᠬᠢ ᠺᠣᠳ᠋ ᠣᠪᠣᠭ᠋ᠠᠯᠠᠬᠤ ᠮᠠᠰᠢᠨ ᠬᠥᠮᠥᠨ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠩᠭ᠋ᠠᠪᠠ)
ᠭᠤᠷᠪᠠ᠎ᠳᠤ ᠦᠨᠳᠦᠰᠦᠲᠡᠨ᠎ᠤ ᠭᠠᠵᠠᠷ ᠣᠷᠣᠨ᠎ᠤ ᠰᠢᠨᠵᠢᠯᠡᠭᠡ ᠮᠡᠷᠭᠡᠵᠢᠯ᠎ᠤᠨ ᠴᠢᠳᠠᠪᠤᠷᠢᠲᠠᠨ᠎ᠤ ᠬᠥᠭᠵᠢᠯᠲᠡ ᠵᠢ ᠠᠬᠢᠭᠤᠯᠪᠠ᠃ ᠰᠢᠨᠵᠢᠯᠡᠭᠡ ᠮᠡᠷᠭᠡᠵᠢᠯ᠎ᠤᠨ ᠴᠠᠷᠠᠭ᠎ᠠ ᠬᠦᠷᠢᠶᠡᠨ᠎ᠳᠠᠬᠢ 《ᠲᠦᠮᠡᠨ ᠨᠡᠷᠡᠰ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ ᠶᠡᠬᠡ ᠳᠡᠭᠡᠳᠦ ᠰᠤᠷᠭ᠋ᠠᠭᠤᠯᠢ ᠵᠢᠨ 14 ᠨᠡᠷᠡᠰ ᠲᠤᠰᠬᠠᠢ ᠮᠡᠷᠭᠡᠵᠢᠯᠲᠡᠨ ᠴᠢᠳᠠᠪᠤᠷᠢᠲᠠᠨ᠎ᠢ ᠵᠣᠬᠢᠶᠠᠨ ᠪᠠᠢ᠌ᠭᠤᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ᠂ ᠬᠠᠨᠳᠤᠯᠭ᠋ᠠᠲᠤ ᠴᠢᠨᠠᠷᠲᠠᠢ᠂ ᠨᠠᠷᠢᠯᠢᠭ ᠣᠨᠣᠴᠠᠲᠠᠢ᠂ ᠪᠣᠳᠠᠲᠤ ᠦᠷ᠎ᠡ ᠪᠦᠲᠦᠮᠵᠢ᠎ᠲᠠᠢ ᠲᠤᠰᠬᠠᠢ ᠮᠡᠷᠭᠡᠵᠢᠯ᠎ᠤᠨ ᠰᠢᠨᠵᠢᠯᠡᠭᠡ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠵᠤ᠂ ᠦᠨᠳᠦᠰᠦᠨ ᠱᠠᠲᠤᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ᠃ ᠰᠢᠨᠵᠢᠯᠡᠭᠡ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠳᠦᠷᠢᠮ᠎ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ ᠰᠢᠨᠵᠢᠯᠡᠭᠡ ᠮᠡᠷᠭᠡᠵᠢᠯ᠎ᠤᠨ ᠠᠵᠢᠯᠲᠠᠳ᠎ᠢ ᠬᠥᠲᠥᠯᠥᠨ ᠵᠢᠯᠤᠭᠣᠳᠴᠤ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠨ ᠰᠢᠨᠵᠢᠯᠡᠭᠡ ᠮᠡᠷᠭᠡᠵᠢᠯ᠎ᠤᠨ ᠦᠢ᠍ᠯᠡᠴᠢᠯᠡᠭᠡ ᠦᠷᠨᠢᠬᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠵᠤᠷᠢᠬ᠍ᠵᠢᠭᠤᠯᠪᠠ᠃ 《ᠭᠤᠷᠪᠠᠨ ᠣᠷᠣᠨ》᠎ᠤ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ ᠵᠢᠨ ᠰᠢᠨᠵᠢᠯᠡᠭᠡ ᠮᠡᠷᠭᠡᠵᠢᠯ᠎ᠤᠨ ᠠᠵᠢᠯᠲᠠᠨ᠎ᠤ ᠲᠤᠰᠬᠠᠢ ᠲᠥᠯᠥᠪᠯᠡᠭᠡ ᠵᠢ ᠯᠠᠪᠳᠠᠭᠤᠨ ᠪᠠᠳᠤᠳᠠᠢ ᠠᠬᠢᠭᠤᠯᠵᠤ᠂ ᠠᠵᠤ ᠠᠬᠤᠢ᠌ᠯᠠᠯ᠎ᠤᠨ ᠰᠢᠨᠵᠢᠯᠡᠭᠡ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ 160 ᠵᠢ ᠪᠠᠢ᠌ᠭᠤᠯᠵᠦ᠂ ᠥᠷᠲᠡᠭᠡᠨ᠎ᠳᠤ ᠣᠷᠣᠭᠰᠠᠨ ᠠᠵᠤ ᠠᠬᠤᠢ᠌ᠯᠠᠯ᠎ᠤᠨ ᠰᠢᠨᠵᠢᠯᠡᠭᠡ ᠮᠡᠷᠭᠡᠵᠢᠯ᠎ᠤᠨ ᠣᠨᠴᠠ ᠲᠣᠮᠢᠯᠠᠭᠳᠠᠭᠰᠠᠳ 2328 ᠨᠡᠷᠡᠰ ᠪᠠᠢ᠌ᠵᠦ᠂ ᠨᠡᠶ᠋ᠢᠲᠡ 11167 ᠠᠵᠤ ᠠᠬᠤᠢ᠌ᠯᠠᠯ᠎ᠳᠤ ᠨᠠᠷᠢᠯᠢᠭ ᠣᠨᠣᠴᠠᠲᠠᠢ᠎ᠪᠠᠷ ᠰᠢᠨ᠎ᠡ ᠵᠢ ᠡᠭᠦᠳᠬᠦ ᠦᠢ᠍ᠯᠡᠴᠢᠯᠡᠭᠡ ᠬᠠᠩᠭ᠋ᠠᠪᠠ᠃ ᠳᠥᠷᠪᠡ᠎ᠳᠤ ᠦᠨᠳᠦᠰᠦᠲᠡᠨ᠎ᠤ ᠭᠠᠵᠠᠷ ᠣᠷᠣᠨ᠎ᠤ ᠰᠢᠨᠵᠢᠯᠡᠭᠡ ᠮᠡᠷᠭᠡᠵᠢᠯ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠬᠦᠯᠪᠡ᠃ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ 《ᠰᠢᠨᠵᠢᠯᠡᠭᠡ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠨᠠᠷᠢᠨ ᠨᠢᠮᠪᠠᠢ ᠲᠦᠯᠦᠪᠯᠡᠵᠦ᠂ 《1+7+N》 ᠰᠢᠨᠵᠢᠯᠡᠭᠡ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠪᠤᠭᠤᠳᠠᠯ᠎ᠢ ᠪᠥᠬᠥ ᠲᠠᠯ᠎ᠠ᠎ᠪᠠᠷ ᠡᠮᠬᠢᠯᠡᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠥᠬᠥ ᠲᠠᠯ᠎ᠠ᠎ᠪᠠᠷ ᠲᠤᠯᠭ᠋ᠠᠭᠤᠷᠢᠯᠠᠪᠠ᠃ ᠦᠨᠳᠦᠰᠦᠲᠡᠨ᠎ᠤ ᠭᠠᠵᠠᠷ ᠣᠷᠣᠨ᠎ᠤ ᠰᠠᠭᠤᠷᠢ ᠰᠤᠳᠤᠯᠤᠯ᠎ᠤᠨ ᠴᠢᠳᠠᠪᠤᠷᠢ ᠵᠢᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠥᠪᠥᠷ ᠮᠣᠩᠭᠣᠯ᠎ᠤᠨ ᠲᠤᠷᠰᠢᠯᠲᠠ ᠵᠢᠨ ᠲᠠᠰᠤᠭ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠵᠡᠷᠭᠡ ᠭᠤᠷᠪᠠᠨ ᠳᠡᠰ᠎ᠤᠨ ᠲᠤᠷᠰᠢᠯᠲᠠ ᠵᠢᠨ ᠲᠠᠰᠤᠭ᠎ᠤᠨ ᠲᠣᠭᠲᠠᠯᠴᠠᠭ᠎ᠠ ᠵᠢ ᠴᠤᠭᠴᠠᠯᠠᠨ ᠪᠠᠢ᠌ᠭᠤᠯᠤᠨ᠎ᠠ᠃ ᠣᠷᠣᠰ ᠮᠣᠩᠭᠣᠯ᠎ᠯᠤᠭ᠎ᠠ ᠵᠢᠨ ᠨᠡᠭᠡᠭᠡᠯᠲᠡ ᠵᠢ ᠤᠯᠠᠮ ᠨᠢᠭᠡ ᠠᠯᠬᠤᠮ ᠥᠷᠭᠡᠳᠬᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ ᠪᠠ ᠵᠡᠭᠦᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠡᠭᠡᠵᠢᠩ ᠥᠪᠥᠷ ᠮᠣᠩᠭᠣᠯ᠎ᠤᠨ ᠪᠥᠬᠥ ᠲᠠᠯ᠎ᠠ ᠵᠢᠨ ᠬᠠᠮᠲᠤᠷᠠᠯᠴᠠᠭ᠎ᠠ ᠵᠢ ᠬᠦᠨᠵᠡᠭᠡᠢ᠌ᠷᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠬᠡᠰᠡᠭ᠎ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ᠃ ᠪᠥᠬᠥ ᠪᠥᠮᠪᠥᠷᠴᠡᠭ᠎ᠤᠨ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠰᠦᠯᠵᠢᠶ᠎ᠡ᠎ᠳᠠᠬᠢ ᠥᠪᠡᠷᠲᠡᠭᠡᠨ ᠵᠠᠰᠠᠬᠤ ᠣᠷᠣᠨ᠎ᠤ ᠣᠷᠣᠯᠴᠠᠬᠤ ᠬᠡᠮᠵᠢᠶ᠎ᠡ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠣᠷᠣᠨ ᠪᠦᠰᠡ ᠠᠯᠤᠰᠯᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠬᠠᠮᠳᠤ᠎ᠪᠠᠷ ᠡᠳ᠋ᠯᠡᠬᠦ ᠂ ᠮᠡᠷᠭᠡᠵᠢᠯ᠎ᠢ ᠰᠢᠯᠵᠢᠭᠦᠯᠦᠨ ᠬᠠᠮᠵᠢᠯᠴᠠᠬᠤ᠂ ᠴᠢᠳᠠᠪᠤᠷᠢᠲᠠᠨ᠎ᠢ ᠬᠥᠮᠥᠵᠢᠭᠦᠯᠦᠨ ᠰᠣᠯᠢᠯᠴᠠᠬᠤ ᠵᠡᠷᠭᠡ ᠵᠠᠭᠪᠤᠷ᠎ᠢ ᠬᠠᠢ᠌ᠨ ᠰᠦᠪᠡᠭᠴᠢᠯᠡᠵᠦ᠂ 《ᠨᠢᠭᠡ ᠪᠦᠰᠡ ᠨᠢᠭᠡ ᠵᠠᠮ》᠎ᠤᠨ ᠣᠯᠠᠨ ᠤᠯᠤᠰ᠎ᠤᠨ ᠰᠢᠨᠵᠢᠯᠡᠭᠡ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ᠃