ᠬᠤᠷᠠᠯ᠎ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ ᠪᠣᠯᠤᠨ ᠰᠦᠯᠵᠢᠶᠡᠨ᠎ᠤ ᠮᠡᠳᠡᠭᠡ ᠵᠠᠩᠭᠢ ᠵᠢᠨ ᠠᠵᠢᠯ ᠪᠣᠯ ᠨᠠᠮ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠪᠥᠬᠥ ᠠᠢ᠌ᠮᠠᠭ ᠵᠶ᠋ᠠᠷ ᠵᠶ᠋ᠠᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ
ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠤᠭ ᠳᠠᠯᠪᠠᠭ᠎ᠠ᠎ᠪᠠᠨ ᠮᠠᠨᠳᠤᠭᠤᠯᠬᠤ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ ᠵᠢ ᠢᠯᠡᠷᠡᠭᠦᠯᠬᠦ ᠵᠡᠷᠭᠡ ᠡᠯ᠎ᠡ ᠲᠦᠷᠦᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠬᠦ ᠬᠡᠷᠡᠭᠲᠡᠶ ᠬᠡᠵᠦ ᠵᠢᠭ᠋ᠠᠨ ᠭᠠᠷᠭ᠋ᠠᠪᠠ᠃
ᠬᠤᠷᠠᠯ᠎ᠠᠴᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠤᠨᠤᠯ᠎ᠤᠨ ᠰᠤᠷᠤᠯᠴᠠᠯᠭ᠎ᠠ᠂ ᠰᠤᠳᠤᠯᠭ᠎ᠠ ᠳᠠᠢ᠌ᠯᠪᠤᠷᠢᠯᠠᠯᠳᠠ᠂ ᠤᠬᠠᠭᠤᠯᠭ᠎ᠠ ᠲᠦᠬᠡᠮᠡᠯᠵᠢᠬᠦᠯᠦᠯᠳᠡ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠡᠭᠦᠨ ᠵᠶ᠋ᠡᠷ ᠦᠵᠡᠯ ᠰᠠᠨᠠᠭ᠎ᠠ᠎ᠪᠠᠨ ᠨᠢᠭᠡᠳᠬᠡᠵᠦ᠂ ᠬᠦᠴᠦᠨ ᠴᠢᠳᠠᠯ ᠵᠶ᠋ᠠᠨ ᠨᠢᠭᠲᠠᠷᠠᠭᠤᠯᠬᠤ ᠬᠡᠷᠡᠭᠲᠡᠢ᠃ ᠭᠣᠣᠯᠳᠠᠯᠭ᠎ᠠ ᠶᠡᠬᠡ ᠲᠠᠯ᠎ᠠ ᠪᠣᠯᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠲᠣᠭᠣᠷᠢᠨ᠎ᠳᠤ᠂ ᠭᠣᠣᠯ ᠪᠣᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ᠎ᠤ ᠲᠠᠭᠤᠨ᠎ᠢ ᠪᠡᠬᠢᠵᠢᠭᠦᠯᠦᠨ ᠪᠤᠵᠠᠭ᠋ᠠᠢ᠌ᠷᠠᠭᠤᠯᠵᠤ᠂ 《ᠭᠠᠳᠠᠭ᠋ᠠᠳᠤ ᠶᠡᠬᠡ ᠤᠬᠠᠭᠤᠯᠭ᠎ᠠ》 ᠵᠢᠨ ᠤᠢ᠍ᠢ᠍ᠯᠠᠭ᠋ᠠᠭᠳᠠᠬᠤᠨ᠎ᠢ ᠪᠤᠢ ᠪᠣᠯᠭ᠋ᠠᠵᠤ᠂ ᠪᠦᠬᠦ ᠠᠢ᠌ᠮᠠᠭ᠎ᠤᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠭᠰᠠᠨ ᠠᠮᠢᠳᠤᠯᠢᠭ ᠦᠢ᠍ᠯᠡᠳᠦᠯᠭᠡ ᠵᠢ ᠲᠦᠷᠰᠦᠯᠢᠭ ᠵᠶ᠋ᠠᠷ ᠳᠡᠯᠭᠡᠨ ᠦᠵᠡᠭᠦᠯᠵᠦ᠂ ᠬᠤᠪᠢᠰᠬᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠤᠢ ᠰᠢᠭᠤᠢ ᠵᠢᠨ ᠰᠣᠶᠣᠯ᠂ ᠲᠠᠷᠢᠶᠠᠯᠠᠬᠤ ᠰᠣᠶᠣᠯ᠂ ᠠᠮᠢ ᠠᠬᠤᠢ ᠵᠢᠨ ᠰᠣᠶᠣᠯ᠎ᠢ ᠬᠢᠩᠭ᠋ᠠᠨ ᠠᠢ᠌ᠮᠠᠭ᠎ᠤᠨ ᠨᠢᠭᠡ ᠴᠤᠬ᠍ᠴᠠᠵᠢᠭᠤᠯᠤᠬᠰᠠᠨ ᠣᠷᠣᠨ ᠪᠦᠰᠡ ᠵᠢᠨ ᠰᠣᠶᠣᠯ᠎ᠢ ᠭᠦᠨᠵᠡᠭᠡᠢ ᠠᠭᠤᠳᠠᠯᠵᠤ᠂ 《ᠬᠢᠩᠭ᠋ᠠᠨ ᠳᠠᠪᠠᠭ᠎ᠠ᠎ᠳᠠᠬᠢ ᠬᠢᠩᠭ᠋ᠠᠨ ᠠᠢ᠌ᠮᠠᠭ》᠎ᠤᠨ ᠣᠷᠣᠨ ᠪᠦᠰᠡ ᠵᠢᠨ ᠲᠦᠷᠢ ᠲᠥᠷᠬᠦ ᠵᠢᠨ ᠨᠥᠯᠥᠭᠡᠯᠡᠬᠦ ᠬᠦᠴᠦᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠰᠦᠯᠵᠢᠶ᠎ᠡ ᠵᠢ ᠬᠡᠷᠡᠭᠯᠡᠬᠦ ᠰᠦᠯᠵᠢᠶ᠎ᠡ ᠵᠢ ᠬᠠᠮᠢᠶᠠᠷᠬᠤ ᠰᠦᠯᠵᠢᠶ᠎ᠡ ᠵᠢ ᠵᠠᠰᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠥᠭᠡᠷᠦᠮᠵᠢ ᠵᠢᠨ ᠰᠦᠯᠵᠢᠶᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠵᠤ᠂ ᠳ᠋ᠢᠭᠢᠲ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠳ᠋ᠢᠭᠢᠲ ᠵᠠᠰᠠᠭ᠎ᠤᠨ ᠣᠷᠳᠣᠨ ᠪᠣᠯᠤᠨ ᠳ᠋ᠢᠭᠢᠲ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
ᠬᠤᠷᠠᠯ᠎ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠠᠬᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠢᠯᠠᠩᠭᠤᠶ᠎ᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠰᠠᠯᠠᠭ᠎ᠠ ᠮᠥᠴᠢᠷ᠎ᠤᠨ᠎ᠬᠢᠨ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠨᠠᠮ᠎ᠠᠴᠠ ᠰᠤᠷᠳᠠᠯ ᠤᠬᠠᠭᠤᠯᠭ᠎ᠠ ᠵᠢ ᠬᠠᠮᠢᠶᠠᠷᠬᠤ᠂ ᠨᠠᠮ᠎ᠠᠴᠠ ᠦᠵᠡᠯ ᠤᠬᠠᠮᠰᠠᠷ᠎ᠤᠨ ᠬᠡᠯᠪᠡᠷᠢ ᠵᠢ ᠬᠠᠮᠢᠶᠠᠷᠬᠤ᠂ ᠨᠠᠮ᠎ᠠᠴᠠ ᠮᠡᠳᠡᠬᠡ ᠵᠠᠭᠤᠴᠢᠯᠠᠭᠤᠷ᠎ᠢ ᠬᠠᠮᠢᠶᠠᠷᠬᠤ᠂ ᠨᠠᠮ᠎ᠠᠴᠠ ᠢᠨᠲ᠋ᠧᠷ ᠰᠦᠯᠵᠢᠶ᠎ᠡ ᠵᠢ ᠬᠠᠮᠢᠶᠠᠷᠬᠤ ᠵᠢ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠨᠠᠢ᠌ᠳᠠᠪᠤᠷᠢᠵᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠤᠨ ᠰᠦᠯᠵᠢᠶᠡᠨ᠎ᠤ ᠮᠡᠳᠡᠭᠡ ᠵᠠᠩᠭᠢ ᠵᠢᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠥᠬᠥ ᠬᠦᠴᠦᠨ ᠵᠶ᠋ᠡᠷ ᠵᠶ᠋ᠡᠨ ᠡᠭᠦᠳᠬᠦ ᠬᠡᠷᠡᠭᠲᠡᠶ ᠬᠡᠵᠦ ᠴᠢᠬᠤᠯᠠᠴᠢᠯᠠᠪᠠ᠃
ᠬᠤᠷᠠᠯ᠎ᠢ ᠸᠢᠳᠢᠣ᠋ ᠬᠡᠯᠪᠡᠷᠢ᠎ᠪᠠᠷ ᠬᠤᠷᠠᠯᠳᠤᠭᠤᠯᠪᠠ᠃
ᠣᠷᠴᠢᠭᠤᠯᠤᠭᠴᠢ᠄ ᠣᠶᠤᠨᠰᠡᠴᠡᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ