12 ᠳ᠋ᠤᠭ᠋ᠠᠷ ᠰᠠᠷ᠎ᠠ ᠵᠢᠨ 27᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠣᠷᠴᠣᠨ᠎ᠤ ᠮᠥᠰᠥ ᠴᠠᠰᠤᠨ᠎ᠤ 《ᠢᠰᠡᠷᠸᠠ (ᠴᠤᠭᠯᠠᠭ᠋ᠠᠨ)》 ᠠᠯᠢ ᠭᠣᠤᠯ ᠪᠠᠯᠭ᠋ᠠᠰᠤᠨ᠎ᠤ ᠭᠠᠰᠢᠭᠤᠨ ᠨᠠᠭᠤᠷ᠎ᠤᠨ ᠦᠵᠡᠮᠵᠢ ᠵᠢᠨ ᠣᠷᠣᠨ᠎ᠳᠤ ᠦᠪᠡᠳᠡᠭᠰᠢ ᠶᠡᠬᠡ᠎ᠪᠠᠷ ᠡᠬᠢᠯᠡᠵᠦ᠂ ᠦᠨᠳᠦᠰᠦᠲᠡᠨ᠎ᠤ ᠬᠤᠪᠴᠠᠰᠤ ᠵᠠᠰᠠᠯ ᠵᠢᠡᠷ ᠵᠢᠡᠨ ᠭᠤᠶᠤᠯᠠᠭᠰᠠᠨ ᠲᠣᠭᠯᠠᠭᠴᠢᠳ ᠳᠠᠭᠤᠯᠠᠨ ᠪᠥᠵᠢᠭᠯᠡᠵᠦ᠂ ᠨᠠᠮ᠎ᠤᠨ ᠠᠴᠢ᠎ᠳᠤ ᠲᠠᠯᠠᠷᠬᠠᠭᠰᠠᠨ ᠪᠠ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠵᠶ᠋ᠡᠨ ᠢᠯᠡᠳᠬᠡᠪᠡ᠃ ᠮᠥᠰᠥ ᠴᠠᠰᠤᠨ᠎ᠤ 《ᠢᠰᠡᠷᠸᠠ (ᠴᠤᠭᠯᠠᠭ᠋ᠠᠨ)》᠎ᠨᠢ ᠨᠢᠭᠡᠨ ᠦᠪᠡᠳᠡᠭᠰᠢ ᠶᠡᠬᠡ ᠤᠯᠠᠮᠵᠢᠯᠠᠯᠲᠤ ᠪᠠᠶᠠᠷ᠎ᠤᠨ ᠡᠳᠦᠷ᠎ᠤᠨ ᠶᠣᠰᠣᠯᠠᠯ ᠪᠣᠯᠤᠭᠰᠠᠨ᠎ᠤ ᠬᠤᠪᠢ᠎ᠳᠤ᠂ ᠡᠯᠪᠡᠭ ᠪᠠᠶᠠᠯᠢᠭ ᠰᠣᠶᠣᠯ᠎ᠤᠨ ᠥᠪ᠎ᠢ ᠢᠯᠡᠷᠡᠭᠦᠯᠦᠭᠰᠡᠨ ᠵᠶ᠋ᠡᠷ ᠪᠠᠷᠠᠬᠤ ᠥᠬᠡᠶ᠂ ᠨᠠᠩ ᠴᠤ᠌ ᠦᠨᠳᠦᠰᠦᠲᠡᠨ᠎ᠤ ᠪᠦᠯᠬᠦᠮᠳᠡᠯ ᠪᠠ ᠰᠣᠶᠣᠯ᠎ᠤᠨ ᠰᠣᠯᠢᠯᠴᠠᠭ᠎ᠠ ᠵᠢ ᠠᠬᠢᠭᠤᠯᠬᠤ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ᠃ ᠡᠨᠡ ᠪᠣᠯ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠬᠦᠴᠦᠯᠡᠨ ᠴᠢᠷᠮᠠᠢ᠌ᠵᠤ᠂ ᠵᠢᠭᠤᠯᠴᠢᠯᠠᠯ ᠵᠶ᠋ᠠᠷ ᠳᠠᠮᠵᠢᠭᠤᠯᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃

ᠣᠷᠴᠢᠭᠤᠯᠤᠭᠴᠢ᠄ ᠣᠶᠤᠨᠰᠡᠴᠡᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ