2024 ᠣᠨ᠎ᠠᠴᠠ ᠨᠠᠭ᠋ᠠᠰᠢ᠂ ᠣᠷᠳᠣᠰ ᠬᠤᠲᠠ ᠵᠢᠨ ᠳᠠᠯᠠᠳ ᠬᠤᠰᠢᠭᠤ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ 《ᠬᠦᠴᠦᠷᠭᠡᠭ》 ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠵᠢ ᠪᠠᠶ᠋ᠢᠭᠤᠯᠬᠤ᠂ 《ᠪᠤᠳᠠᠳᠠᠢ》 ᠤᠬᠠᠭᠤᠯᠭ᠎ᠠ ᠬᠥᠮᠦᠵᠢᠯ᠎ᠢ ᠠᠳᠬᠤᠬᠤ᠂ 《ᠬᠦᠨᠵᠡᠭᠡᠢ》 ᠰᠤᠯᠢᠯᠴᠠᠨ ᠲᠤᠯᠢᠯᠠᠬᠤ᠎ᠪᠠᠷ ᠲᠠᠮᠵᠢᠭᠤᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠰᠢᠨ᠎ᠡ ᠪᠦᠲᠦᠮᠵᠢ ᠣᠯᠬᠤ ᠵᠢ ᠠᠬᠢᠭᠤᠯᠵᠤ᠂ ᠪᠥᠬᠥ ᠬᠣᠰᠢᠭᠤᠨ᠎ᠤ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ᠎ᠤ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠨ᠎ᠡ ᠪᠠᠢ᠌ᠷᠢᠰᠢᠯ ᠢ ᠴᠢᠷᠮᠠᠢ᠌ᠨ ᠡᠭᠦᠳᠴᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ ᠰᠢᠨ᠎ᠡ ᠳᠡᠭᠲᠡᠷ᠎ᠲᠤ ᠭᠠᠷᠪᠠ᠃
ᠨᠢᠭᠡ᠂ 《ᠬᠦᠴᠦᠷᠬᠡᠭ》 ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠵᠢ ᠪᠠᠢ᠌ᠭᠤᠯᠵᠤ᠂ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠨᠢᠬᠳᠠᠷᠠᠭᠤᠯᠪᠠ᠃
2024 ᠣᠨ᠎ᠠᠴᠠ ᠨᠠᠭ᠋ᠠᠰᠢ᠂ ᠳᠠᠯᠠᠳ ᠬᠣᠰᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠢ ᠨᠠᠮ᠎ᠤᠨ ᠪᠠᠢ᠌ᠭᠤᠯᠤᠯᠲᠠ ᠵᠢᠨ ᠪᠦᠬᠦ ᠶᠠᠪᠤᠴᠠ᠎ᠳᠤ ᠠᠭᠤᠰᠤᠯᠴᠠᠭᠤᠯᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠬᠣᠰᠢᠭᠤ ᠵᠢ ᠴᠢᠷᠮᠠᠢ᠌ᠨ ᠪᠠᠢ᠌ᠭᠤᠯᠬᠤ᠎ᠪᠠᠷ ᠬᠠᠷᠠᠯᠲᠠ ᠪᠣᠯᠭ᠋ᠠᠵᠤ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠪᠡᠬᠢᠯᠡᠯᠲᠡ ᠵᠢᠨ ᠦᠢ᠍ᠯᠡᠳᠦᠯ᠎ᠢ ᠪᠠᠳᠠᠷᠠᠭᠤᠯᠬᠤ᠎ᠪᠠᠷ ᠲᠠᠮᠵᠢᠵᠦ᠂ ᠪᠦᠬᠦ ᠬᠣᠰᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠤᠳᠤᠷᠢᠳᠤᠯᠭ᠎ᠠ ᠳᠣᠣᠷ᠎ᠠ ᠡᠶ᠎ᠡ ᠨᠠᠢ᠌ᠷᠲᠠᠢ᠎ᠪᠠᠷ ᠶᠠᠪᠤᠯᠴᠠᠬᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ᠂ ᠡᠶ᠎ᠡ ᠵᠣᠬᠢᠴᠠᠩᠭᠤᠢ᠎ᠪᠠᠷ ᠬᠥᠭᠵᠢᠬᠦ ᠵᠢ ᠦᠷᠭᠦᠯᠵᠢᠯᠡᠨ ᠠᠬᠢᠭᠤᠯᠪᠠ᠃ ᠨᠢᠭᠡ᠎ᠳᠤ 《ᠵᠢᠱ᠌ᠢᠶ᠎ᠡ ᠦᠵᠡᠭᠦᠯᠦᠨ ᠳᠠᠢ᠌ᠴᠢᠯᠠᠬᠤ》 ᠵᠢ ᠴᠢᠩᠭ᠋ᠠᠳᠬᠠᠵᠤ᠂ ᠤᠯᠤᠰ ᠲᠥᠷᠥ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠪᠠ᠃ ᠦᠨᠳᠦᠰᠦᠲᠡᠨ᠎ᠤ ᠠᠵᠢᠯ᠎ᠢ 《ᠨᠢᠭᠡᠳᠦᠭᠡᠷ ᠭᠠᠷ》᠎ᠤᠨ ᠠᠵᠢᠯ ᠪᠣᠯᠭ᠋ᠠᠬᠤ ᠵᠢ ᠪᠠᠷᠢᠮᠲᠠᠯᠠᠵᠤ᠂ ᠬᠣᠰᠢᠭᠤᠨ᠎ᠤ ᠨᠠᠮ᠎ᠤᠨ ᠬᠤᠷᠢᠶ᠎ᠡ ᠵᠢᠨ ᠱᠦᠵᠢ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠦᠨᠳᠦᠰᠦᠲᠡᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠬᠣᠰᠢᠭᠤ᠂ ᠰᠤᠮᠤ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ) ᠭᠤᠷᠪᠠᠨ ᠱᠠᠲᠤᠨ᠎ᠤ ᠲᠤᠤᠷᠵᠢᠯ ᠪᠠᠢ᠌ᠷᠢᠰᠢᠯ᠎ᠢ ᠪᠠᠢ᠌ᠭᠤᠯᠵᠤ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠵᠦ᠂ ᠱᠠᠲᠤ ᠱᠠᠲᠤ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠪᠠ᠃ ᠦᠨᠳᠦᠰᠦᠲᠡᠨ᠎ᠤ ᠠᠵᠢᠯ᠎ᠢ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠬᠤ ᠵᠢ ᠪᠠᠷᠢᠮᠲᠠᠯᠠᠵᠤ᠂ ᠪᠥᠬᠥ ᠬᠣᠰᠢᠭᠤᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠷᠦᠩᠬᠡᠢ ᠪᠠᠢ᠌ᠷᠢᠰᠢᠭᠤᠯᠤᠯᠲᠠ᠎ᠳᠤ ᠤᠷᠤᠭᠤᠯᠵᠦ᠂ ᠭᠣᠣᠯ ᠠᠵᠢᠯ᠎ᠲᠠᠢ ᠬᠠᠮᠲᠤ᠎ᠪᠠᠷ ᠲᠦᠯᠦᠪᠵᠢᠬᠦᠯᠵᠦ᠂ ᠬᠠᠮᠲᠤ᠎ᠪᠠᠷ ᠪᠠᠢ᠌ᠷᠢᠯᠠᠭᠤᠯᠵᠤ᠂ ᠬᠠᠮᠲᠤ᠎ᠪᠠᠷ ᠠᠬᠢᠭᠤᠯᠵᠤ᠂ ᠬᠠᠮᠲᠤ᠎ᠪᠠᠷ ᠬᠢᠨᠠᠨ ᠰᠢᠯᠭ᠋ᠠᠵᠤ᠂ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠠᠮᠢᠶᠠᠷᠬᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠤᠬᠢᠴᠠᠭᠤᠯᠬᠤ᠂ ᠦᠨᠳᠦᠰᠦᠲᠡᠨ᠎ᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ᠎ᠪᠠᠨ ᠬᠠᠮᠲᠤᠳᠬᠠᠨ ᠬᠠᠮᠲᠤᠷᠠᠯᠴᠠᠬᠤ᠂ ᠪᠥᠬᠥ ᠨᠡᠢ᠌ᠭᠡᠮ ᠵᠶ᠋ᠡᠷ ᠬᠠᠮᠲᠤ᠎ᠪᠠᠷ ᠣᠷᠣᠯᠴᠠᠬᠤ ᠦᠨᠳᠦᠰᠦᠲᠡᠨ᠎ᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠪᠡ᠃ ᠬᠣᠶᠠᠷ᠎ᠲᠤ 《ᠪᠥᠬᠥ ᠠᠵᠢᠯᠲᠠᠨ ᠣᠷᠤᠯᠴᠠᠬᠤ》 ᠵᠢ ᠪᠠᠷᠢᠮᠲᠠᠯᠠᠵᠤ᠂ ᠦᠵᠡᠯ ᠰᠠᠨᠠᠭ᠋ᠠᠨ᠎ᠤ ᠰᠠᠭᠤᠷᠢ ᠵᠢ ᠪᠠᠳᠤᠵᠢᠭᠤᠯᠪᠠ᠃ ᠬᠣᠰᠢᠭᠤᠨ᠎ᠤ ᠨᠠᠮ᠎ᠤᠨ ᠬᠤᠷᠢᠶ᠎ᠡ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ ᠵᠶ᠋ᠠᠷ ᠭᠠᠷᠳᠠᠴᠠ ᠪᠣᠯᠭ᠋ᠠᠵᠤ᠂ ᠪᠦᠬᠦ ᠬᠣᠰᠢᠭᠤᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢ ᠲᠠᠢ᠌ᠴᠢᠯᠠᠵᠦ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠡᠷᠭᠡ ᠵᠢ ᠬᠦᠨᠵᠡᠭᠡᠢ ᠰᠤᠷᠤᠯᠴᠠᠵᠦ᠂ ᠪᠦᠭᠦ ᠬᠣᠰᠢᠭᠤᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠠᠵᠢᠯ᠎ᠢ ᠰᠠᠢ᠌ᠲᠤᠷ ᠬᠢᠬᠦ ᠤᠯᠤᠰ ᠳᠣᠢ᠌ᠷᠤ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠢ᠌ᠯᠠᠭ᠋ᠠᠬᠤ ᠴᠢᠳᠠᠪᠤᠷᠢ ᠪᠣᠯᠣᠨ ᠤᠯᠤᠰ ᠲᠥᠷᠦ ᠵᠢᠨ ᠬᠡᠷᠡᠭᠵᠢᠬᠦᠯᠬᠦ ᠴᠢᠳᠠᠪᠤᠷᠢ ᠵᠢ ᠲᠠᠰᠣᠷᠠᠯᠲᠠ ᠦᠭᠡᠢ ᠳᠡᠭᠡᠭᠰᠢᠯᠡᠭᠦᠯᠪᠡ᠃ ᠪᠥᠬᠥ ᠬᠣᠰᠢᠭᠤᠨ᠎ᠤ ᠦᠨᠳᠦᠰᠦᠲᠡᠨ᠎ᠤ ᠠᠵᠢᠯ᠎ᠤᠨ ᠺᠠᠳ᠋ᠷ᠂ ᠴᠥᠭᠡᠨ ᠲᠣᠭ᠋ᠠᠲᠤ ᠦᠨᠳᠦᠰᠦᠲᠡᠨ᠎ᠤ ᠲᠥᠯᠥᠭᠡᠯᠡᠭᠴᠢ ᠵᠢᠴᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠵᠣᠬᠢᠶᠠᠨ ᠪᠠᠢ᠌ᠭᠤᠯᠵᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠵᠡᠷᠭᠡ ᠲᠤᠰᠬᠠᠢ ᠰᠡᠳᠦᠪᠲᠦ ᠪᠣᠯᠪᠠᠰᠤᠷᠠᠯ ᠰᠤᠷᠤᠯᠴᠠᠯᠭ᠎ᠠ ᠵᠢᠨ ᠠᠵᠢᠯᠯᠠᠭ᠎ᠠ᠎ᠳᠤ 9 ᠤᠳᠠᠭ᠎ᠠ ᠣᠷᠣᠯᠴᠠᠭᠤᠯᠵᠤ᠂ 5000 ᠭᠠᠷᠤᠢ ᠬᠥᠮᠥᠨ (ᠤᠳᠠᠭ᠎ᠠ) ᠤᠷᠤᠯᠴᠠᠪᠠ᠃ ᠭᠤᠷᠪᠠ᠎ᠳᠤ 《ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ》 ᠵᠢ ᠲᠤᠪᠤᠢ᠍ᠢ᠍ᠯᠭ᠋ᠠᠵᠤ᠂ ᠳᠦᠷᠢᠮ ᠲᠣᠭᠲᠠᠴᠠ ᠵᠢ ᠲᠡᠭᠦᠯᠳᠡᠷᠵᠢᠬᠦᠯᠪᠡ᠃ ᠨᠠᠮ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠳᠤ᠎ᠬᠢ ᠤᠳᠤᠷᠢᠳᠬᠤ ᠪᠠᠢ᠌ᠭᠤᠯᠤᠮᠵᠢ ᠪᠠ ᠠᠵᠢᠯ᠎ᠤᠨ ᠲᠣᠭᠲᠠᠴᠠ ᠵᠢ ᠴᠢᠩᠭ᠋ᠠᠳᠬᠠᠵᠤ᠂ ᠪᠣᠳᠠᠲᠠᠢ ᠱᠠᠭ᠋ᠠᠷᠳᠠᠯᠭ᠎ᠠ ᠪᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠬᠦᠯᠵᠦ ᠰᠢᠨ᠎ᠡ ᠵᠢ ᠡᠭᠦᠳᠴᠦ᠂ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ ᠪᠣᠯᠣᠨ ᠣᠨ᠎ᠤ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠬᠤ ᠳᠦᠷᠢᠮ᠎ᠢ ᠬᠡᠷᠡᠭᠵᠢᠭᠦᠯᠵᠦ᠂ ᠦᠨᠳᠦᠰᠦᠲᠡᠨ᠎ᠤ ᠠᠵᠢᠯ᠎ᠤᠨ ᠨᠢᠭᠡᠳᠦᠯᠲᠡᠢ ᠲᠥᠯᠦᠪᠵᠢᠭᠦᠯᠭᠡ ᠪᠠ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠪᠤᠯᠭ᠋ᠠᠵᠦ᠂ ᠲᠣᠭᠲᠠᠴᠠ ᠵᠢ ᠰᠢᠯᠤᠭᠤᠳᠬᠠᠵᠤ᠂ ᠨᠢᠭᠡᠨ ᠢᠵᠢ ᠪᠦᠷᠢᠨ ᠪᠦᠲᠦᠨ ᠪᠣᠳᠠᠲᠠᠢ ᠵᠢ ᠡᠷᠬᠢᠮᠯᠡᠭᠰᠡᠨ ᠪᠦᠲᠦᠮᠵᠢᠲᠡᠶ ᠬᠠᠷᠢᠭᠤᠴᠠᠯᠭ᠎ᠠ ᠵᠢᠨ ᠲᠣᠭᠲᠠᠯᠴᠠᠭ᠎ᠠ ᠪᠠ ᠬᠢᠨᠠᠯᠲᠠ ᠬᠢᠵᠠᠭ᠋ᠠᠷᠯᠠᠯ᠎ᠤᠨ ᠲᠣᠭᠲᠠᠴᠠ ᠵᠢ ᠪᠦᠷᠢᠯᠳᠦᠭᠦᠯᠵᠦ᠂ ᠪᠦᠷᠢᠨ ᠲᠡᠭᠦᠯᠳᠡᠷ ᠳᠦᠷᠢᠮ ᠲᠣᠭᠲᠠᠴᠠ᠎ᠪᠠᠷ ᠪᠦᠭᠦ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠠᠬᠢᠭᠤᠯᠬᠤ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠨᠠᠮ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠤᠳᠤᠷᠢᠳᠤᠯᠭ᠎ᠠ ᠵᠢ ᠨᠠᠩ ᠬᠦᠴᠦᠲᠡᠢ ᠨᠠᠩ ᠪᠦᠲᠦᠮᠵᠢᠲᠡᠶ ᠪᠣᠯᠭ᠋ᠠᠬᠤ ᠵᠢ ᠠᠬᠢᠭᠤᠯᠪᠠ᠃
ᠬᠣᠶᠠᠷ᠂ 《ᠪᠣᠳᠠᠲᠠᠢ》 ᠤᠬᠠᠭᠤᠯᠭ᠎ᠠ ᠬᠥᠮᠦᠵᠢᠯ᠎ᠢ ᠠᠳᠬᠤᠵᠤ᠂ ᠦᠨᠳᠦᠰᠦᠨ ᠱᠠᠲᠤᠨ᠎ᠤ ᠪᠡᠬᠢᠯᠡᠯᠲᠡ ᠵᠢ ᠪᠡᠬᠢᠵᠢᠭᠦᠯᠪᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠪᠦᠬᠦ ᠬᠤᠰᠢᠭᠤᠨ᠎ᠤ ᠡᠯ᠎ᠡ ᠠᠵᠢᠯ ᠲᠦᠷᠦᠯ᠂ ᠡᠯ᠎ᠡ ᠴᠠᠷᠠᠭ᠎ᠠ ᠬᠦᠷᠢᠶᠡᠨ᠎ᠳᠤ ᠲᠠᠪᠬᠤᠷᠭ᠎ᠠ ᠬᠤᠪᠢᠶᠠᠭᠰᠠᠨ᠂ ᠲᠥᠷᠥᠯ ᠬᠤᠪᠢᠶᠠᠭᠰᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠭᠤᠯᠭ᠎ᠠ᠎ᠪᠠᠷ ᠪᠠᠶᠠᠯᠢᠭ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠪᠤᠳᠠᠳᠠᠢ ᠲᠦᠷᠦᠭᠳᠡᠯ᠎ᠲᠠᠢ ᠪᠦᠳᠦᠮᠵᠢᠳᠠᠢ ᠥᠷᠨᠢᠭᠦᠯᠵᠦ᠂ ᠪᠥᠬᠥ ᠬᠤᠰᠢᠭᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ ᠤᠷᠤᠭᠰᠢᠯᠠᠭᠤᠯᠪᠠ᠃ ᠨᠢᠭᠡ᠎ᠳᠤ ᠪᠣᠳᠠᠲᠠᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠵᠢᠨ ᠠᠬᠤᠢ ᠨᠥᠭᠦᠴᠡᠯ᠎ᠢ 《ᠵᠤᠵᠠᠭ᠋ᠠᠳᠬᠠᠪᠠ》᠃ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠥᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠳᠡᠯᠭᠡᠷᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠤᠬᠠᠭᠤᠯᠭ᠎ᠠ ᠬᠥᠮᠦᠵᠢᠯ᠎ᠢ ᠪᠥᠬᠥ ᠬᠦᠴᠦᠨ ᠵᠶ᠋ᠡᠷ ᠵᠶ᠋ᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠭᠦᠯᠵᠦ᠂ ᠪᠥᠬᠥ ᠬᠣᠰᠢᠭᠤᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ᠎ᠳᠤ ᠣᠷᠣᠯᠴᠠᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠲᠠᠢ᠌ᠴᠢᠯᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠯᠠᠨ ᠲᠦᠮᠡᠨᠴᠢ ᠰᠠᠭᠤᠷᠢ ᠵᠢ ᠲᠠᠰᠤᠷᠠᠯᠲᠠ ᠦᠭᠡᠢ ᠪᠠᠲᠤᠵᠢᠭᠤᠯᠪᠠ᠃ ᠪᠥᠬᠥ ᠬᠣᠰᠢᠭᠤᠨ᠎ᠤ ᠡᠯ᠎ᠡ ᠠᠵᠢᠯ ᠲᠥᠷᠥᠯ᠎ᠤᠨ ᠴᠠᠷᠠᠭ᠎ᠠ ᠬᠦᠷᠢᠶᠡᠨ᠎ᠳᠤ 《ᠬᠣᠶᠠᠷ ᠰᠠᠷ᠎ᠠ ᠨᠢᠭᠡ ᠭᠠᠷᠠᠭ》᠂ 《ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ》 ᠵᠡᠷᠭᠡ ᠰᠢᠷᠢᠰ ᠠᠵᠢᠯᠯᠠᠭ᠎ᠠ ᠵᠢ 600 ᠭᠠᠷᠤᠢ ᠤᠳᠠᠭ᠎ᠠ ᠢᠳᠡᠪᠬᠢᠲᠡᠢ ᠵᠣᠬᠢᠶᠠᠨ ᠪᠠᠢ᠌ᠭᠤᠯᠤᠨ ᠦᠷᠨᠢᠭᠦᠯᠵᠡᠢ᠂ ᠡᠭᠦᠨ᠎ᠤ ᠬᠠᠮᠲᠤ ᠲᠠᠯᠠᠳ᠎ᠤᠨ ᠨᠡᠢ᠌ᠳᠡᠯᠡᠯ᠂ ᠣᠷᠳᠣᠰ ᠬᠤᠳᠠ ᠵᠢᠨ ᠦᠨᠳᠦᠰᠦᠳᠡᠨ᠎ᠤ ᠵᠥᠪᠯᠡᠯ᠂ ᠥᠪᠥᠷ ᠮᠣᠩᠭᠣᠯ᠎ᠤᠨ ᠨᠢᠭᠡᠳᠦᠮᠡᠯ ᠹᠷᠣᠨᠲ ᠵᠡᠷᠭᠡ ᠲᠠᠪᠴᠠᠩ᠎ᠳᠤ ᠥᠷᠭᠡᠨ ᠳᠡᠯᠭᠡᠷ ᠤᠬᠠᠭᠤᠯᠭ᠎ᠠ ᠬᠢᠵᠦ᠂ ᠬᠡᠰᠡᠭ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠵᠢᠨ ᠲᠡᠰ᠎ᠤᠨ ᠵᠠᠭᠤᠴᠢᠯᠠᠭᠤᠷ ᠵᠢᠴᠢ ᠰᠤᠷᠤᠯᠴᠠᠯᠭ᠎ᠠ ᠵᠢᠨ ᠬᠦᠴᠦᠷᠬᠡᠭ ᠤᠯᠤᠰ᠂ ᠲᠸᠩ ᠰᠢᠶᠦ᠋ᠨ ᠰᠣᠨᠢᠨ ᠮᠡᠳᠡᠭᠡ ᠵᠡᠷᠭᠡ ᠢᠨᠲᠸᠷ ᠰᠦᠯᠵᠢᠶᠡᠨ᠎ᠤ ᠲᠠᠪᠴᠠᠩ᠎ᠳᠤ ᠤᠬᠠᠭᠤᠯᠤᠨ ᠮᠡᠳᠡᠭᠡᠯᠡᠵᠦ᠂ ᠭᠦᠨ ᠵᠤᠵᠠᠭ᠋ᠠᠨ ᠨᠡᠢ᠌ᠭᠡᠮ᠎ᠤᠨ ᠠᠬᠤᠢ ᠨᠥᠭᠥᠴᠡᠯ᠎ᠢ ᠪᠤᠢ ᠪᠤᠯᠭ᠋ᠠᠪᠠ᠃ ᠬᠣᠶᠠᠷ᠎ᠲᠤ ᠲᠥᠷᠥᠭᠳᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠵᠢᠨ ᠠᠴᠢᠶᠠᠯᠠᠪᠤᠷᠢ ᠵᠢ 《ᠠᠮᠢᠵᠢᠭᠤᠯᠪᠠ》᠃ ᠰᠦᠯᠵᠢᠶᠡᠨ ᠳᠡᠭᠡᠷ᠎ᠡ ᠲᠧᠯᠸᠢᠰ᠂ ᠰᠦᠯᠵᠢᠶ᠎ᠡ᠂ ᠭᠠᠷ ᠤᠲᠠᠰᠤ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ᠎ᠢ ᠭᠦᠢ᠍ᠴᠡᠳ ᠠᠰᠢᠬᠯᠠᠵᠤ᠂ ᠢᠯᠠᠩᠭᠤᠶ᠎ᠠ 《ᠲᠡᠯᠡᠳ᠎ᠤᠨ ᠰᠣᠨᠢᠨ ᠮᠡᠳᠡᠭᠡ》᠂ 《ᠲᠡᠯᠡᠳ᠎ᠤᠨ ᠨᠡᠢ᠌ᠳᠡᠯᠡᠯ》᠂ 《ᠬᠠᠯᠠᠮᠵᠢ ᠰᠣᠨᠢᠨ ᠮᠡᠳᠡᠭᠡᠨ᠎ᠤ ᠬᠡᠷᠡᠭᠯᠡᠭᠴᠢ ᠵᠢᠨ ᠦᠵᠦᠭᠦᠷ》 ᠵᠡᠷᠭᠡ ᠠᠳᠠᠯᠢ ᠪᠤᠰᠤ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠪᠠᠳᠠᠷᠠᠭᠤᠯᠵᠤ᠂ ᠬᠤᠯᠪᠤᠭᠳᠠᠯ ᠪᠦᠬᠦᠢ ᠮᠡᠳᠡᠭᠡ ᠵᠠᠩᠭᠢ ᠵᠢ ᠨᠡᠢ᠌ᠲᠡᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠬᠤ ᠱᠠᠩᠨᠠᠯ᠎ᠳᠤ ᠦᠷᠢᠰᠦᠯᠳᠦᠭᠡᠨ᠎ᠤ ᠠᠵᠢᠯᠯᠠᠭ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》᠎ᠢ ᠬᠣᠣᠰ ᠬᠡᠯᠡ᠎ᠪᠠᠷ ᠸᠢᠳᠢᠤ᠋᠎ᠪᠠᠷ ᠲᠠᠢ᠌ᠯᠪᠤᠷᠢᠯᠠᠬᠤ ᠵᠡᠷᠭᠡ ᠠᠵᠢᠯᠯᠠᠭ᠎ᠠ ᠵᠢᠨ ᠰᠢᠨ᠎ᠡ ᠵᠢ ᠡᠬᠦᠳᠦᠨ ᠦᠷᠨᠢᠬᠦᠯᠪᠡ᠃ ᠰᠦᠯᠵᠢᠶᠡᠨ ᠭᠠᠳᠠᠨ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠡᠶᠡᠴᠢᠯᠡᠨ ᠤᠢ᠌ᠯᠠᠭ᠋ᠠᠬᠤ ᠣᠷᠳᠣᠨ᠂ ᠭᠣᠣᠯ ᠰᠡᠳᠦᠪᠲᠦ ᠴᠡᠴᠡᠷᠯᠢᠭ᠂ ᠭᠣᠣᠯ ᠰᠡᠳᠦᠪᠲᠦ ᠠᠭᠤᠳᠠᠮ ᠲᠠᠯᠠᠪᠠᠢ᠂ ᠭᠣᠣᠯ ᠰᠡᠳᠦᠪᠲᠦ ᠦᠵᠡᠮᠵᠢ ᠵᠢᠨ ᠣᠷᠣᠨ᠂ ᠭᠣᠣᠯ ᠰᠡᠳᠦᠪᠲᠦ ᠨᠡᠶ᠋ᠢᠲᠡ ᠵᠢᠨ ᠮᠠᠰᠢᠨ ᠲᠡᠷᠭᠡᠨ᠎ᠤ ᠵᠠᠮ ᠱᠤᠭᠤᠮ ᠵᠡᠷᠭᠡ ᠴᠠᠷᠠᠭ᠎ᠠ ᠬᠦᠷᠢᠶᠡᠨ᠎ᠳᠤ 《ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠷ ᠤᠷᠠᠯᠠᠯ᠎ᠢ ᠪᠡᠶᠡᠴᠢᠯᠡᠨ ᠣᠢ᠌ᠯᠠᠭ᠋ᠠᠬᠤ》᠂ 《ᠤᠯᠤᠰ᠎ᠤᠨ ᠲᠤᠭ᠎ᠲᠠᠢ ᠬᠠᠮᠳᠤ ᠰᠡᠬᠦᠳᠡᠷᠯᠡᠶᠡ》 ᠵᠡᠷᠭᠡ ᠡᠯᠪᠡᠭ ᠪᠠᠶᠠᠯᠢᠭ ᠣᠷᠤᠯᠴᠠᠵᠤ ᠪᠣᠯᠬᠤᠢ᠌ᠴᠠ ᠰᠣᠶᠣᠯ ᠪᠡᠶ᠎ᠡ ᠵᠢᠨ ᠲᠠᠮᠢᠷ ᠪᠠ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠶᠡᠬᠡ᠎ᠪᠠᠷ ᠦᠷᠨᠢᠬᠦᠯᠪᠡ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠠᠷ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠲᠡᠳᠡᠨ᠎ᠳᠤ ᠣᠨᠣᠪᠴᠢᠲᠠᠶ ᠳᠠᠮᠵᠢᠭᠤᠯᠵᠤ᠂ ᠪᠥᠬᠥ ᠬᠣᠰᠢᠭᠤᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠢ ᠵᠢᠯᠤᠭᠤᠳᠴᠦ ᠪᠠᠢ᠌ᠭ᠋ᠠᠳ ᠦᠨᠳᠦᠰᠦᠲᠡᠨ᠎ᠤ ᠪᠦᠯᠬᠦᠮᠳᠡᠯ᠎ᠤᠨ ᠭᠣᠣᠯ ᠬᠥᠭ ᠠᠶᠠᠰ᠎ᠢ ᠳᠠᠭᠤᠷᠢᠰᠤᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠢᠳᠡᠪᠬᠢ ᠬᠦᠴᠦᠨ᠎ᠢ ᠳᠠᠮᠵᠢᠭᠤᠯᠪᠠ᠃ ᠭᠤᠷᠪᠠ᠎ᠳᠤ ᠪᠦᠲᠦᠮᠵᠢᠲᠡᠶ ᠪᠠᠢ᠌ᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠵᠢᠨ ᠬᠡᠪᠴᠢᠶ᠎ᠡ ᠵᠢ 《ᠦᠷᠭᠡᠵᠢᠭᠦᠯᠪᠡ》᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠲᠤᠯᠤᠭ᠋ᠠᠨ ᠰᠠᠯᠪᠤᠷᠢ ᠤᠬᠠᠭᠤᠯᠤᠨ ᠲᠠᠢ᠌ᠯᠪᠤᠷᠢᠯᠠᠬᠤ ᠡᠩᠨᠡᠭᠡ ᠵᠢ ᠭᠦᠢ᠍ᠴᠡᠳ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠢ᠌ᠭᠡᠮ ᠲᠣᠭᠣᠷᠢᠭ᠂ ᠠᠵᠤ ᠠᠬᠤᠢ᠌ᠯᠠᠯ ᠬᠤᠳᠠᠯᠳᠤᠭ᠋ᠠᠨ᠎ᠤ ᠨᠡᠢ᠌ᠭᠡᠮᠯᠢᠭ᠂ ᠰᠤᠷᠭ᠋ᠠᠭᠤᠯᠢ ᠬᠡᠦᠬᠡᠳ᠎ᠤᠨ ᠴᠡᠴᠡᠷᠯᠢᠭ᠂ ᠪᠠᠢ᠌ᠭᠤᠯᠭ᠎ᠠ ᠨᠢᠭᠡᠴᠢ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠂ ᠬᠤᠳᠠ ᠵᠢᠨ ᠬᠤᠳᠠᠯᠳᠤᠭ᠋ᠠᠨ᠎ᠤ ᠲᠣᠭᠣᠷᠢᠭ ᠵᠡᠷᠭᠡ᠎ᠳᠤ ᠭᠦᠨᠵᠡᠭᠡᠢ᠌ᠷᠡᠵᠦ᠂ 《ᠨᠢᠭᠡ ᠲᠣᠭᠲᠠᠭ᠋ᠠᠯ》᠂ 《ᠵᠢᠷᠭᠤᠭ᠋ᠠᠨ ᠳᠦᠷᠢᠮ》 ᠵᠡᠷᠭᠡ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠣᠳᠣᠯᠭ᠎ᠠ ᠵᠢᠨ ᠭᠣᠣᠯ ᠰᠡᠳᠦᠪᠲᠦ ᠤᠬᠠᠭᠤᠯᠭ᠎ᠠ ᠲᠠᠢ᠌ᠯᠪᠤᠷᠢᠯᠠᠯᠲᠠ ᠵᠢ ᠦᠷᠨᠢᠬᠦᠯᠪᠡ᠃ 《ᠡᠯᠪᠡᠭ ᠬᠤᠷᠢᠶᠠᠯᠲᠠ᠎ᠪᠠᠨ ᠪᠡᠯᠭᠡᠯᠡᠬᠦᠢ ᠬᠥᠷᠰᠢ ᠰᠠᠬᠠᠭ᠋ᠠᠯᠲᠠᠳ ᠡᠶ᠎ᠡ ᠵᠣᠬᠢᠴᠠᠩᠭᠤᠢ》 ᠵᠡᠷᠭᠡ ᠤᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ ᠵᠢ 20 ᠭᠠᠷᠤᠢ ᠤᠳᠠᠭ᠎ᠠ ᠡᠷᠬᠢᠯᠡᠵᠦ ᠣᠷᠣᠯᠴᠠᠭᠴᠢᠳ᠎ᠤᠨ ᠲᠣᠭ᠎ᠠ 5 ᠲᠦᠮᠡ ᠵᠢ ᠳᠠᠪᠠᠵᠠᠢ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ᠂ ᠦᠨᠳᠦᠰᠦᠲᠡᠨ᠎ᠤ ᠤᠨᠤᠯ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠭᠦᠨᠵᠡᠭᠡᠢ ᠦᠷᠨᠢᠭᠦᠯᠪᠡ᠂ 2024 ᠣᠨ᠎ᠠᠴᠠ ᠨᠠᠭ᠋ᠠᠰᠢ᠂ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠨᠡᠢ᠍ᠢ᠍ᠳᠡ 100 ᠭᠠᠷᠤᠢ ᠲᠠᠯᠠᠪᠠᠢ ᠥᠷᠨᠢᠭᠦᠯᠵᠦ᠂ 3000 ᠭᠠᠷᠤᠢ ᠬᠥᠮᠥᠨ (ᠤᠳᠠᠭ᠎ᠠ) ᠣᠷᠣᠯᠴᠠᠵᠤ᠂ ᠡᠯ᠎ᠡ ᠲᠦᠷᠦᠯ᠎ᠤᠨ ᠤᠬᠠᠭᠤᠯᠬᠤ ᠪᠢᠴᠢᠭ ᠮᠠᠲᠸᠷᠢᠶᠠᠯ᠎ᠢ ᠨᠡᠢ᠍ᠢ᠍ᠳᠡ 1.5 ᠲᠦᠮᠡ ᠭᠠᠷᠤᠢ ᠳᠡᠪᠲᠡᠷ᠂ ᠤᠬᠠᠭᠤᠯᠭ᠎ᠠ ᠵᠢᠨ ᠡᠳ᠋ ᠪᠤᠳᠠᠰ᠎ᠢ 4000 ᠭᠠᠷᠤᠢ ᠬᠤᠪᠢ ᠲᠠᠷᠬᠠᠭ᠋ᠠᠵᠠᠢ᠃
ᠭᠤᠷᠪᠠ᠂ 《ᠬᠦᠨᠵᠡᠭᠡᠢ》 ᠰᠤᠯᠢᠯᠴᠠᠨ ᠲᠤᠯᠢᠯᠠᠬᠤ ᠵᠢ ᠠᠬᠢᠭᠤᠯᠵᠤ᠂ ᠬᠥᠭᠵᠢᠯᠲᠡ ᠵᠢᠨ ᠨᠡᠢ᠌ᠯᠡᠮᠡᠯ ᠬᠦᠴᠦᠨ᠎ᠢ ᠨᠢᠬᠳᠠᠷᠠᠭᠤᠯᠪᠠ
ᠨᠢᠭᠡ᠎ᠳᠤ ᠨᠡᠢ᠌ᠲᠡᠯᠢᠭ ᠵᠢᠱ᠌ᠢᠶᠡᠴᠢ ᠪᠣᠢ᠌ᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠵᠢᠱ᠌ᠢᠶᠡᠴᠢ ᠵᠢᠨ 《ᠬᠥᠲᠥᠯᠥᠨ ᠳᠠᠭ᠋ᠠᠭᠤᠯᠬᠤ ᠬᠦᠴᠦᠨ》᠎ᠢ ᠪᠠᠳᠠᠷᠠᠭᠤᠯᠪᠠ᠃ 《ᠵᠤᠤ ᠵᠢᠶᠦ᠋ᠨ ᠪᠣᠭᠣᠮᠲᠠ᠎ᠠᠴᠠ ᠭᠠᠷᠤᠭᠰᠠᠨ》 ᠵᠠᠮ ᠳᠠᠭ᠋ᠠᠤ ᠵᠢᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ᠎ᠬᠢᠨ᠎ᠲᠠᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠬᠣᠯᠪᠣᠭ᠎ᠠ ᠪᠠᠢ᠌ᠭᠤᠯᠤᠭᠰᠠᠨ ᠲᠤᠬᠢᠶᠠᠯᠳᠤᠯ ᠵᠶ᠋ᠠᠷ᠂ ᠲᠡᠳᠡᠨᠯᠦᠭᠡ ᠵᠢᠨ ᠬᠠᠷᠢᠯᠴᠠᠭ᠎ᠠ ᠨᠡᠪᠳᠡᠷᠡᠯᠴᠡᠭᠡ ᠪᠠ ᠠᠵᠢᠯ᠎ᠤᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠰᠣᠶᠣᠯ᠎ᠢ ᠬᠠᠷᠢᠯᠴᠠᠨ ᠠᠬᠢᠭᠤᠯᠬᠤ᠂ ᠤᠬᠠᠭᠤᠯᠭ᠎ᠠ ᠵᠢ ᠬᠠᠮᠳᠤ᠎ᠪᠠᠷ ᠠᠬᠢᠭᠤᠯᠬᠤ᠂ ᠲᠤᠷᠰᠢᠯᠭ᠎ᠠ ᠵᠢ ᠬᠠᠷᠢᠯᠴᠠᠨ ᠲᠣᠯᠢᠳᠠᠬᠤ ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠶᠣᠯ᠎ᠤᠨ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠡᠯ᠎ᠡ ᠲᠦᠷᠦᠯ᠎ᠤᠨ ᠠᠵᠢᠯᠯᠠᠭ᠎ᠠ ᠵᠢ ᠨᠡᠢ᠍ᠢ᠍ᠳᠡ 100 ᠭᠠᠷᠤᠢ ᠲᠠᠯᠠᠪᠠᠢ ᠡᠷᠬᠢᠯᠡᠪᠡ᠃ ᠪᠦᠷᠢᠶ᠎ᠡ ᠮᠠᠩᠬ᠎ᠠ᠂ ᠬᠥᠪᠴᠢ ᠵᠢᠨ ᠡᠯᠡᠰᠦᠨ ᠴᠥᠯ᠂ ᠡᠩᠬᠡᠪᠸᠢ ᠵᠢᠨ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠣᠷᠣᠨ ᠵᠡᠷᠭᠡ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠲᠦᠰᠢᠭᠯᠡᠵᠦ᠂ ᠡᠯᠡᠰᠦᠨ ᠲᠠᠩ᠎ᠤᠨ ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ᠂ ᠡᠯᠡᠰᠦᠨ ᠴᠥᠯ᠎ᠤᠨ ᠮᠠᠷᠠᠽᠤᠨ᠂ ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠨᠠᠢ᠌ᠷ ᠵᠡᠷᠭᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠡᠳᠦᠪ ᠪᠣᠯᠭ᠋ᠠᠭᠰᠠᠨ ᠡᠯ᠎ᠡ ᠲᠥᠷᠥᠯ᠎ᠤᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ 56 ᠲᠠᠯᠠᠪᠠᠢ (ᠤᠳᠠᠭ᠎ᠠ) ᠡᠷᠭᠢᠯᠡᠵᠦ᠂ ᠪᠥᠬᠥ ᠤᠯᠤᠰ᠎ᠤᠨ ᠡᠯ᠎ᠡ ᠭᠠᠵᠠᠷ᠎ᠤᠨ 30 ᠲᠦᠮᠡ ᠭᠠᠷᠤᠢ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠵᠤ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠵᠢ ᠠᠬᠢᠭᠤᠯᠬᠤ ᠠᠷᠭ᠎ᠠ ᠵᠠᠮ᠎ᠢ ᠥᠷᠭᠡᠳᠬᠡᠪᠡ᠃ ᠳᠠᠯᠠᠳ ᠬᠣᠰᠢᠭᠤᠨ᠎ᠤ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ 5.26 MW ᠬᠡᠷᠡᠯ ᠴᠡᠨᠡᠭ᠎ᠤᠨ ᠬᠠᠪᠰᠤᠷᠤᠨ ᠲᠡᠳᠬᠦᠬᠦ ᠲᠥᠷᠥᠯ ᠵᠦᠢ᠍ᠯ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠥᠮᠥᠷᠭᠡᠯᠡᠨ ᠬᠠᠳᠠᠭ᠋ᠠᠯᠠᠵᠤ ᠰᠢᠨ᠎ᠡ ᠰᠣᠷᠭᠣᠭ ᠪᠠᠢ᠌ᠯᠭ᠋ᠠᠬᠤ ᠬᠦᠢ᠍ᠲᠡᠨ ᠬᠡᠯᠬᠢᠶᠡᠵᠢᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠳᠠᠯᠠᠳ ᠬᠣᠰᠢᠭᠤᠨ᠎ᠤ 《ᠡᠷᠡᠭᠦᠯ ᠴᠠᠢ ᠤᠤᠭᠤᠬᠤ》᠂ 《ᠴᠠᠢ ᠵᠢ ᠡᠷᠦᠬᠡ᠎ᠳᠤ ᠬᠦᠷᠭᠡᠵᠦ》 ᠬᠦᠴᠢᠷᠳᠡᠯᠲᠡᠢ ᠣᠯᠠᠨ ᠲᠦᠮᠡᠨ᠎ᠳᠤ ᠲᠤᠤᠷ᠎ᠠ ᠹᠯᠣᠷ᠎ᠤᠨ ᠴᠠᠢ ᠪᠣᠷᠣᠯᠠᠭᠤᠯᠬᠤ ᠵᠡᠷᠭᠡ ᠨᠢᠭᠡ ᠪᠦᠯᠦᠭ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠬᠠᠮᠲᠤ᠎ᠪᠠᠷ ᠪᠡᠶᠡᠯᠡᠭᠦᠯᠬᠦ ᠵᠢ ᠠᠬᠢᠭᠤᠯᠪᠠ᠃ ᠬᠣᠶᠠᠷ᠎ᠲᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠦ᠂ ᠤᠶᠤᠨ᠎ᠤ ᠰᠣᠶᠣᠯ᠎ᠤᠨ 《ᠤᠷᠢᠶᠠᠯᠠᠬᠤ ᠬᠦᠴᠦᠨ》᠎ᠢ ᠲᠡᠭᠡᠭᠰᠢᠯᠡᠬᠦᠯᠪᠡ᠃ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠵᠢᠨ ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠠᠵᠢᠯ᠎ᠤᠨ ᠠᠴᠢᠶᠠᠯᠠᠪᠤᠷᠢ ᠵᠢᠨ ᠰᠢᠨ᠎ᠡ ᠵᠢ ᠲᠠᠰᠤᠷᠠᠯᠲᠠ ᠦᠭᠡᠢ ᠡᠭᠦᠳᠴᠦ᠂ ᠠᠵᠢᠯ ᠬᠦᠯᠢᠶᠡᠵᠦ ᠪᠠᠢ᠌ᠭ᠎ᠠ ᠬᠥᠮᠥᠰ᠎ᠢ ᠵᠣᠬᠢᠶᠠᠨ ᠪᠠᠢ᠌ᠭᠤᠯᠵᠦ ᠴᠥᠭᠡᠨ ᠲᠣᠭ᠋ᠠᠲᠤ ᠦᠨᠳᠦᠰᠦᠲᠡᠨ᠎ᠤ ᠵᠠᠰᠠᠯ ᠵᠢᠮᠰᠡᠭ ᠦᠢ᠍ᠯᠡᠳᠬᠦ᠂ 《ᠵᠣᠣ ᠳ᠋ᠠ ᠵᠢᠶᠠᠨ ᠪᠤᠳᠠᠰ᠎ᠤᠨ ᠪᠤᠰᠤ ᠰᠣᠶᠣᠯ᠎ᠤᠨ ᠦᠪ᠎ᠤᠨ ᠴᠠᠭ᠋ᠠᠰᠤᠨ ᠬᠠᠢ᠌ᠴᠢᠯᠠᠮᠠᠯ》 ᠵᠡᠷᠭᠡ ᠤᠯᠠᠮᠵᠢᠯᠠᠯᠲᠤ ᠭᠠᠷ ᠤᠷᠠᠯᠠᠯ᠎ᠤᠨ ᠪᠣᠯᠪᠠᠰᠤᠷᠠᠯ᠎ᠤᠨ ᠠᠩᠭᠢ᠎ᠳᠤ 5 ᠪᠦᠯᠦᠭ ᠤᠳᠠᠭ᠎ᠠ ᠣᠷᠣᠯᠴᠠᠭᠤᠯᠵᠤ᠂ ᠦᠨᠳᠦᠰᠦᠲᠡᠨ᠎ᠨᠦᠭᠦᠳ᠎ᠤᠨ 60 ᠭᠠᠷᠤᠢ ᠬᠥᠮᠥᠨ (ᠤᠳᠠᠭ᠎ᠠ)᠎ᠢ ᠬᠠᠮᠤᠷᠴᠤ᠂ ᠠᠵᠢᠯ ᠬᠦᠯᠢᠶᠡᠵᠦ ᠪᠠᠢ᠌ᠭ᠎ᠠ ᠬᠥᠮᠥᠰ᠎ᠤᠨ ᠠᠵᠢᠯ ᠣᠯᠬᠤ ᠤᠷ᠎ᠠ ᠴᠢᠳᠠᠪᠤᠷᠢ ᠵᠢ ᠪᠦᠲᠦᠮᠵᠢᠲᠡᠶ᠎ᠪᠠᠷ ᠳᠡᠭᠡᠭᠰᠢᠯᠡᠭᠦᠯᠪᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠭᠦᠯᠬᠦ ᠵᠢ ᠢᠳᠡᠪᠬᠢᠲᠡᠢ ᠠᠬᠢᠭᠤᠯᠵᠤ᠂ ᠡᠯ᠎ᠡ ᠰᠤᠮᠤ ᠪᠠᠯᠭ᠋ᠠᠰᠤ᠂ ᠵᠡᠭᠡᠯᠢ ᠭᠤᠳᠤᠮᠵᠢ ᠵᠢᠨ᠎ᠬᠢᠨ ᠴᠠᠭ᠋ᠠᠨ ᠰᠠᠷ᠎ᠠ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ ᠵᠡᠷᠭᠡ ᠤᠯᠠᠮᠵᠢᠯᠠᠯᠲᠤ ᠪᠠᠶᠠᠷ ᠳᠤᠷᠠᠰᠬᠠᠯ᠎ᠤᠨ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ 《ᠠᠨᠠᠷ᠎ᠤᠨ ᠴᠡᠴᠡᠭ ᠳᠡᠯᠭᠡᠷᠡᠨ ᠪᠦᠯᠬᠦᠮᠳᠡᠯ᠎ᠢ ᠨᠢᠭᠲᠠᠷᠠᠭᠤᠯᠵᠤ ᠤᠷᠠᠨ ᠳᠠᠷᠬᠠᠨᠳᠤᠪᠠᠨ ᠬᠦᠨᠳᠦᠳᠬᠡᠯ ᠳᠡᠪᠰᠢᠭᠦᠯᠦᠶ᠎ᠡ》᠂ 《ᠦᠨᠳᠦᠰᠦᠲᠡᠨ᠎ᠤ ᠪᠦᠯᠬᠦᠮᠳᠡᠯ᠎ᠢ ᠰᠠᠢ᠌ᠲᠤᠷ ᠤᠶᠠᠩᠭ᠋ᠠᠯᠠᠵᠤ ᠦᠨᠳᠦᠰᠦᠲᠡᠨ᠎ᠤ ᠪᠦᠯᠬᠦᠮᠳᠡᠯ᠎ᠳᠤ ᠰᠡᠳᠬᠢᠯ ᠵᠶ᠋ᠠᠨ ᠬᠠᠮᠲᠤᠳᠬᠠᠶᠠ》 ᠵᠡᠷᠭᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠬᠤ ᠵᠢ ᠠᠬᠢᠭᠤᠯᠵᠤ᠂ ᠳᠤᠮᠳᠠᠳᠤ ᠵᠢᠨ ᠰᠣᠶᠣᠯ ᠵᠶ᠋ᠠᠷ ᠬᠥᠮᠥᠰ᠎ᠤᠨ ᠰᠡᠳᠬᠢᠯ᠎ᠢ ᠤᠮᠳᠠᠯᠠᠵᠦ᠂ ᠪᠦᠬᠦ ᠬᠣᠰᠢᠭᠤᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠨᠠᠭ᠎ᠠ ᠰᠡᠳᠬᠢᠯ ᠵᠶ᠋ᠠᠨ ᠨᠢᠭᠡᠳᠬᠡᠭᠰᠡᠨ᠂ ᠬᠠᠢ᠌ᠷ᠎ᠠ ᠰᠡᠳᠬᠢᠯᠭᠡ᠎ᠪᠠᠨ ᠲᠦᠰᠢᠯᠴᠡᠭᠰᠡᠨ ᠨᠢᠭᠲᠠᠷᠠᠯ᠎ᠲᠠᠢ ᠪᠦᠯᠬᠦᠮᠳᠡᠯ᠎ᠲᠠᠢ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠣᠯᠪᠣᠭ᠋ᠠᠰᠤ ᠵᠢ ᠪᠦᠷᠢᠯᠳᠦᠬᠦᠯᠪᠡ᠃ ᠭᠤᠷᠪᠠ᠎ᠳᠤ ᠰᠤᠯᠢᠯᠴᠠᠵᠦ ᠰᠤᠷᠤᠯᠴᠠᠵᠤ ᠬᠠᠷᠢᠯᠴᠠᠨ ᠲᠤᠯᠢᠯᠠᠬᠤ ᠵᠢ ᠢᠳᠡᠪᠬᠢᠲᠡᠢ ᠠᠬᠢᠭᠤᠯᠵᠤ᠂ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ 《ᠨᠢᠭᠲᠠᠷᠠᠯ᠎ᠤᠨ ᠬᠦᠴᠦᠨ》᠎ᠢ ᠴᠢᠩᠭ᠋ᠠᠳᠬᠠᠪᠠ᠃ ᠪᠥᠬᠥ ᠬᠣᠰᠢᠭᠤᠨ᠎ᠤ ᠦᠨᠳᠦᠰᠦᠲᠡᠨ᠎ᠤ ᠠᠵᠢᠯ᠎ᠤᠨ ᠺᠠᠳ᠋ᠷᠴᠤᠳ᠎ᠢ ᠵᠣᠬᠢᠶᠠᠨ ᠪᠠᠢ᠌ᠭᠤᠯᠵᠦ ᠬᠤᠪᠧᠢ᠂ ᠭᠤᠸᠠᠩᠰᠢ᠂ ᠴᠧᠩᠳᠦ᠋᠂ ᠪᠤᠭᠤᠲᠤ ᠬᠣᠲᠠ ᠵᠢᠨ ᠳ᠋ᠦᠩ ᠾᠧ ᠲᠣᠭᠣᠷᠢᠭ ᠵᠡᠷᠭᠡ ᠭᠠᠵᠠᠷ᠎ᠲᠤ ᠬᠦᠷᠴᠦ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ᠂ ᠲᠡᠷᠢᠭᠦᠨ᠎ᠤ ᠭᠠᠵᠠᠷ ᠣᠷᠣᠨ᠎ᠤ ᠵᠡᠭᠡᠯᠢ ᠭᠤᠳᠤᠮᠵᠢ ᠨᠡᠢ᠌ᠭᠡᠮ ᠲᠣᠭᠣᠷᠢᠭ᠂ ᠪᠠᠢ᠌ᠭᠤᠯᠭ᠎ᠠ ᠨᠢᠭᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠠᠵᠢᠯ ᠲᠥᠷᠥᠯ᠎ᠤᠨ ᠴᠠᠷᠠᠭ᠎ᠠ ᠬᠦᠷᠢᠶ᠎ᠡ ᠵᠢᠨ ᠨᠡᠢ᠌ᠲᠡᠯᠢᠭ ᠲᠤᠷᠰᠢᠯᠭ᠎ᠠ ᠠᠷᠭ᠎ᠠ ᠪᠠᠷᠢᠯ᠎ᠢ ᠰᠤᠷᠤᠯᠴᠠᠨ ᠲᠤᠯᠢᠯᠠᠵᠦ᠂ ᠠᠵᠢᠯ᠎ᠤᠨ ᠰᠡᠳᠬᠢᠮᠵᠢ᠎ᠪᠠᠨ ᠲᠠᠰᠤᠷᠠᠯᠲᠠ ᠦᠭᠡᠢ ᠦᠷᠭᠡᠳᠭᠡᠪᠡ᠃ ᠳᠠᠯᠠᠳ ᠬᠣᠰᠢᠭᠤᠨ᠎ᠤ ᠦᠨᠳᠦᠰᠦᠲᠡᠨ᠎ᠤ ᠵᠥᠪᠯᠡᠯ ᠪᠤᠭᠤᠲᠤ ᠬᠤᠲᠠ ᠵᠢᠨ ᠳ᠋ᠦᠩ ᠾᠧ ᠲᠣᠭᠣᠷᠢᠭ᠂ ᠬᠤᠪᠧᠢ ᠮᠤᠵᠢ ᠵᠢᠨ ᠰᠢᠩ ᠱᠠᠨ ᠰᠢᠶᠠᠨ ᠵᠡᠷᠭᠡ ᠭᠠᠵᠠᠷ᠎ᠤᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠲᠠᠢ ᠬᠠᠮᠲᠤ᠎ᠪᠠᠷ ᠪᠠᠢ᠌ᠭᠤᠯᠵᠤ ᠬᠤᠯᠪᠤᠭ᠋ᠠᠯᠠᠨ ᠡᠭᠦᠳᠬᠦ 5 ᠲᠠᠯᠠᠪᠠᠢ ᠬᠠᠮᠳᠦ ᠵᠢᠨ ᠠᠵᠢᠯᠯᠠᠭ᠎ᠠ ᠦᠷᠨᠢᠬᠦᠯᠵᠦ᠂ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ᠂ ᠶᠠᠷᠢᠯᠴᠠᠨ ᠰᠣᠯᠢᠯᠴᠠᠬᠤ᠂ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠬᠤ ᠵᠡᠷᠭᠡ ᠠᠷᠭ᠎ᠠ ᠬᠡᠯᠪᠡᠷᠢ᠎ᠪᠠᠷ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠨᠡᠪᠳᠡᠷᠡᠯᠴᠡᠭᠡ ᠬᠠᠮᠵᠢᠯᠴᠠᠭ᠎ᠠ ᠵᠢ ᠴᠠᠭ᠋ᠠᠰᠢᠲᠠ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠲᠤᠷᠰᠢᠯᠭ᠎ᠠ ᠰᠣᠯᠢᠯᠴᠠᠭ᠎ᠠ ᠪᠣᠯᠣᠨ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ