ᠲᠠ᠎ᠨᠠᠷ ᠲᠤᠰ ᠪᠡᠶ᠎ᠡ ᠵᠢᠨ ᠥᠰᠴᠦ ᠪᠤᠢ᠌ᠵᠢᠭᠰᠠᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠦ ᠨᠠᠮ᠎ᠤᠨ ᠲᠡᠦᠬᠡ ᠵᠢ ᠰᠠᠢ᠌ᠲᠤᠷ ᠰᠤᠷᠤᠯᠴᠠᠵᠤ᠂ ᠪᠠᠭ᠋ᠠᠲᠤᠷ ᠵᠢᠱ᠌ᠢᠶᠡᠴᠢ ᠬᠥᠮᠥᠰ ᠵᠶ᠋ᠡᠷ ᠦᠯᠢᠭᠡᠷ ᠳᠠᠭᠤᠷᠢᠶᠠᠯ ᠪᠣᠯᠭ᠋ᠠᠵᠤ᠂ ᠬᠠᠷᠠᠬᠠᠨ ᠪᠠᠭ᠎ᠠ᠎ᠠᠴᠠ᠎ᠪᠠᠨ ᠡᠷᠡᠰ ᠭᠤᠢ᠌ᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠵᠤ᠂ ᠰᠢᠷᠭ᠋ᠠᠭᠤ ᠰᠤᠷᠤᠯᠴᠠᠵᠤ᠂ ᠬᠦᠰᠡᠯᠡᠩ ᠵᠶ᠋ᠠᠨ ᠱᠤᠭᠤᠵᠤ᠂ ᠬᠡᠪ ᠰᠤᠷᠲᠠᠯ ᠵᠶ᠋ᠠᠨ ᠬᠠᠲᠠᠭᠤᠵᠢᠭᠤᠯᠤᠨ ᠪᠣᠯᠪᠠᠰᠤᠷᠠᠭᠤᠯᠵᠤ᠂ ᠡᠷᠳᠡᠮ ᠴᠢᠳᠠᠪᠤᠷᠢ᠎ᠪᠠᠨ ᠨᠡᠮᠡᠭᠳᠡᠬᠦᠯᠵᠦ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠲᠠᠮᠢᠷ ᠭᠤᠸ᠎ᠠ ᠰᠠᠢ᠌ᠬᠠᠨ ᠬᠥᠳᠡᠯᠮᠦᠷᠢ ᠪᠦᠬᠦ ᠲᠠᠯ᠎ᠠ᠎ᠪᠠᠷ ᠬᠦᠮᠦᠵᠢᠭᠳᠡᠨ ᠪᠤᠢ᠌ᠵᠢᠭᠳᠠᠬᠤ ᠵᠢ ᠬᠦᠰᠡᠵᠦ ᠪᠠᠢ᠌ᠨ᠎ᠠ᠃
— ᠶᠡᠷᠦᠩᠬᠡᠢ ᠱᠦᠵᠢ ᠰᠢ ᠵᠢᠨ ᠫᠢᠩ 2021 ᠣᠨ᠎ᠳᠤ ᠵᠢᠶᠠᠩᠰᠤ ᠮᠤᠵᠢ ᠵᠢᠨ ᠬᠤᠸᠠᠢ ᠠᠨ ᠬᠤᠳᠠ ᠵᠢᠨ ᠰᠢᠨ ᠠᠨ ᠪᠠᠭ᠎ᠠ ᠰᠤᠷᠭ᠋ᠠᠭᠤᠯᠢ ᠵᠢᠨ ᠪᠠᠭ᠋ᠠᠴᠤᠳ᠎ᠤᠨ ᠠᠩᠭᠢ ᠵᠢᠨ ᠭᠡᠰᠢᠭᠦᠳ᠎ᠲᠤ ᠥᠭᠭᠦᠭᠰᠡᠨ ᠬᠠᠷᠢᠭᠤ ᠵᠠᠬᠢᠳᠠᠯ
ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠶᠡᠷᠦᠩᠬᠡᠢ ᠱᠦᠵᠢ ᠵᠢᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠲᠤ ᠲᠠᠯᠪᠢᠭᠰᠠᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠳᠠᠬᠢᠨᠲᠠ ᠡᠷᠬᠢᠴᠡᠬᠦᠯᠵᠦ᠂ ᠪᠤᠳᠠᠳᠠᠢ ᠲᠦᠷᠦᠭᠳᠡᠯ᠎ᠲᠠᠢ ᠪᠦᠳᠦᠮᠵᠢᠲᠠᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠳᠤᠮᠳᠠ 《ᠳᠥᠷᠪᠡ ᠵᠢ ᠬᠠᠮᠲᠤᠳᠬᠠᠬᠤ》 ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠱᠤᠭᠤᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠢ ᠬᠦᠳᠦᠯᠦᠨ ᠵᠢᠯᠤᠭᠤᠳᠴᠦ ᠪᠠᠢ᠌ᠭ᠋ᠠᠳ ᠬᠠᠷᠠᠬᠠᠨ ᠪᠠᠭ᠎ᠠ᠎ᠠᠴᠠ᠎ᠪᠠᠨ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠢᠲᠡᠭᠡᠯ ᠵᠣᠷᠢᠭ᠎ᠢ ᠪᠠᠳᠤᠳᠬᠠᠬᠤ ᠵᠢᠨ ᠲᠦᠯᠦᠭᠡ᠂ ᠰᠥᠨᠢᠳ ᠵᠡᠭᠦᠨ ᠬᠤᠰᠢᠭᠤ᠎ᠨᠢ ᠬᠣᠰᠢᠭᠤᠨ᠎ᠤ ᠨᠢᠭᠡᠳᠦᠭᠡᠷ ᠪᠠᠭ᠎ᠠ ᠰᠤᠷᠭ᠋ᠠᠭᠤᠯᠢ᠎ᠠᠴᠠ 5 ᠨᠠᠷᠡᠰ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠵᠢ ᠰᠤᠩᠭᠤᠵᠤ᠂ ᠰᠥᠨᠢᠳ ᠵᠡᠭᠦᠨ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠤᠨ 《ᠤᠯᠤᠰ᠎ᠤᠨ ᠬᠡᠦᠬᠡᠳ》 ᠭᠣᠣᠯ ᠰᠡᠳᠦᠪᠲᠦ ᠦᠵᠡᠬᠦᠯᠭᠡ ᠳᠡᠭᠡᠷ᠎ᠡ᠂ ᠡᠯ᠎ᠡ ᠦᠨᠳᠦᠰᠦᠲᠡᠨ᠎ᠤ ᠺᠠᠳ᠋ᠷ ᠤᠯᠠᠨ ᠲᠦᠮᠡᠨ᠎ᠳᠤ ᠲᠣᠭᠲᠠᠭᠰᠠᠨ ᠴᠠᠭ ᠵᠶ᠋ᠠᠷ ᠲᠠᠢ᠌ᠯᠤᠮᠵᠢ ᠬᠢᠯᠭᠡᠵᠦ᠂ ᠬᠡᠦᠬᠡᠳ ᠵᠶ᠋ᠠᠷ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ》 ᠡᠨᠡ ᠬᠦ᠌ ᠦᠨᠳᠦᠰᠦᠲᠡᠨ᠎ᠤ ᠪᠦᠯᠬᠦᠮᠳᠡᠯ᠎ᠤᠨ ᠶᠡᠭᠡ ᠬᠠᠢ᠌ᠷ᠎ᠠ ᠪᠢᠯᠬᠠᠭᠰᠠᠨ ᠪᠦᠬᠦᠳᠡ ᠨᠠᠢ᠌ᠷᠠᠮᠳᠠᠬᠤ ᠤᠯᠤᠰ᠎ᠤᠨ ᠥᠩᠭᠡᠷᠡᠭᠰᠡᠨ᠎ᠤ ᠶᠠᠪᠤᠳᠠᠯ᠎ᠢ ᠰᠠᠢ᠌ᠳᠤᠷ ᠶᠠᠷᠢᠭᠤᠯᠪᠠ᠃
《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠨᠠᠷ ᠭᠣᠣᠯ ᠰᠡᠳᠦᠪᠲᠦ ᠦᠵᠡᠬᠦᠯᠭᠡ ᠳᠡᠭᠡᠷᠡᠬᠢ 《ᠵᠢᠷᠭ᠋ᠠᠯ ᠵᠣᠪᠠᠯ ᠵᠶ᠋ᠠᠨ ᠬᠠᠮᠲᠤᠳᠬᠠᠭᠰᠠᠨ ᠬᠠᠲᠠᠭᠤᠵᠢᠯ ᠲᠡᠮᠡᠴᠡᠯ》᠂ 《ᠠᠯᠳᠠᠷ ᠭᠤᠳᠤᠮᠰᠢᠭ ᠵᠶ᠋ᠠᠨ ᠬᠠᠮᠲᠤᠳᠬᠠᠭᠰᠠᠨ ᠬᠥᠮᠥᠰ᠎ᠤᠨ ᠰᠡᠳᠬᠢᠯ᠎ᠤᠨ ᠨᠢᠭᠲᠠᠷᠠᠯ》᠂ 《ᠦᠬᠦᠵᠦ ᠰᠡᠬᠡᠬᠦ᠎ᠪᠠᠨ ᠬᠠᠮᠲᠤᠳᠬᠠᠭᠰᠠᠨ ᠴᠢᠰᠤ ᠮᠢᠬᠠᠨ᠎ᠤ ᠪᠠᠷᠢᠯᠳᠤᠯᠭ᠎ᠠ》᠂ 《ᠬᠤᠪᠢ ᠵᠠᠶᠠᠭ᠎ᠠ᠎ᠪᠠᠨ ᠬᠠᠮᠲᠤᠳᠬᠠᠭᠰᠠᠨ ᠦᠯᠡᠮᠵᠢ ᠬᠠᠢ᠌ᠷ᠎ᠠ》 ᠪᠠ 《ᠭᠣᠣᠯ ᠰᠢᠵᠢᠮ᠎ᠤᠨ ᠲᠣᠭᠣᠷᠢᠨ᠎ᠳᠤ᠎ᠬᠢ ᠡᠷᠡᠯᠬᠡᠭᠯᠡᠯ ᠤᠷᠤᠭᠰᠢᠯᠠᠯ》 ᠭᠡᠬᠦ ᠲᠠᠪᠤᠨ ᠬᠡᠰᠡᠭ ᠠᠭᠤᠯᠭ᠎ᠠ᠎ᠪᠠᠷ ᠠᠮᠢᠳᠤᠯᠢᠭ ᠰᠠᠢ᠌ᠬᠠᠨ ᠰᠡᠳᠬᠢᠯ ᠬᠥᠳᠡᠯᠭᠡᠮ᠎ᠡ ᠲᠠᠢ᠌ᠯᠤᠮᠵᠢ ᠬᠢᠵᠡᠭᠡᠵᠦ ᠪᠠᠢ᠌ᠯ᠎ᠠ᠃ ᠲᠡᠳᠡᠨ᠎ᠤ ᠦᠭᠡ ᠬᠡᠯᠡ ᠤᠷᠤᠰᠤᠮ᠎ᠠ ᠲᠣᠳᠣ᠂ ᠬᠠᠢ᠌ᠷ᠎ᠠ ᠰᠡᠳᠬᠢᠯᠭᠡ᠎ᠨᠢ ᠴᠢᠩ ᠦᠨᠡᠨᠴᠢ ᠪᠠᠢ᠌ᠵᠤ᠂ 《ᠬᠡᠦᠬᠡᠳ᠎ᠤᠨ ᠦᠭᠡ ᠠᠶᠠᠯᠭᠤ》᠎ᠪᠠᠷ ᠦᠨᠳᠦᠰᠦᠲᠡᠨ᠎ᠤ ᠪᠦᠯᠬᠦᠮᠳᠡᠯ᠎ᠤᠨ ᠬᠤᠪᠢᠰᠬᠠᠯ᠎ᠤᠨ ᠦᠯᠢᠭᠡᠷ᠎ᠢ ᠰᠠᠢ᠌ᠳᠤᠷ ᠶᠠᠷᠢᠭᠤᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠭᠰᠠᠨ᠂ ᠡᠷᠡᠯᠬᠡᠭᠯᠡᠨ ᠤᠷᠤᠭᠰᠢᠯᠠᠭᠰᠠᠨ ᠴᠤᠭ ᠵᠢᠪᠬᠤᠭ᠎ᠠ ᠵᠢ ᠦᠨᠡᠨ ᠬᠦ᠌ ᠢᠯᠡᠷᠡᠭᠦᠯᠦᠭᠰᠡᠨ ᠪᠠᠢ᠌ᠨ᠎ᠠ᠃
《〈ᠤᠯᠠᠭ᠋ᠠᠨ ᠪᠦᠴᠡᠲᠡᠨ ᠲᠠᠢ᠌ᠯᠪᠤᠷᠢᠯᠠᠭᠴᠢ〉 ᠪᠣᠯᠤᠭᠰᠠᠨ᠎ᠳᠤ᠎ᠪᠠᠨ ᠪᠢ ᠮᠠᠰᠢ ᠣᠮᠤᠭᠰᠢᠵᠤ ᠪᠠᠢ᠌ᠨ᠎ᠠ᠂ ᠲᠠᠢ᠌ᠯᠪᠤᠷᠢᠯᠠᠬᠤ ᠶᠠᠪᠤᠴᠠ᠎ᠳᠤ ᠪᠢ ᠪᠠᠰᠠ ᠤᠳᠤ ᠵᠢᠨ ᠵᠣᠯ ᠵᠢᠷᠭ᠋ᠠᠯᠲᠤ ᠠᠮᠢᠳᠤᠷᠠᠯ᠎ᠤᠨ ᠬᠢᠯᠪᠠᠷ ᠪᠤᠰᠤ᠎ᠪᠠᠷ ᠢᠷᠡᠭᠰᠡᠨ᠎ᠢ ᠣᠢ᠌ᠯᠠᠭ᠋ᠠᠵᠤ ᠮᠡᠳᠡᠯ᠎ᠡ᠂ ᠡᠨᠡ᠎ᠨᠢ ᠮᠢᠨᠦ ᠰᠠᠢ᠌ᠲᠤᠷ ᠰᠤᠷᠤᠯᠴᠠᠵᠤ ᠤᠯᠤᠰ ᠤᠷᠤᠨ᠎ᠤ᠎ᠪᠠᠨ ᠲᠦᠯᠦᠭᠡ ᠵᠢᠳᠬᠦᠬᠦ ᠡᠷᠴᠢ ᠵᠣᠷᠢᠭ᠎ᠢ ᠨᠡᠩ ᠪᠠᠲᠤᠳᠬᠠᠯᠠ᠂ ᠪᠢ ᠨᠡᠢ᠌ᠭᠡᠮ ᠵᠢᠷᠤᠮ᠎ᠤᠨ ᠰᠢᠯᠢᠳᠡᠭ ᠵᠠᠯᠭ᠋ᠠᠮᠵᠢᠯᠠᠭᠴᠢ ᠪᠣᠯᠬᠤ᠎ᠪᠠᠷ ᠮᠡᠷᠡᠢ᠌ᠨ ᠲᠡᠮᠡᠴᠡᠨ᠎ᠡ》 ᠭᠡᠵᠦ ᠬᠣᠰᠢᠭᠤᠨ᠎ᠤ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠵᠢᠷᠭᠤᠳᠤᠭ᠋ᠠᠷ ᠣᠨ᠎ᠤ ᠨᠢᠭᠡᠳᠦᠭᠡᠷ ᠠᠩᠭᠢ ᠵᠢᠨ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠴᠢᠶᠣᠤ ᠵᠢᠩ ᠶᠠᠷᠢᠯ᠎ᠠ᠃

《〈ᠤᠯᠠᠭ᠋ᠠᠨ ᠪᠦᠴᠡᠲᠡᠨ ᠲᠠᠢ᠌ᠯᠪᠤᠷᠢᠯᠠᠭᠴᠢ〉᠎ᠪᠠᠷ ᠰᠣᠩᠭᠣᠭᠳᠠᠵᠤ ᠤᠯᠠᠨ᠎ᠳᠤ 〈ᠤᠯᠤᠰ᠎ᠤᠨ ᠬᠡᠦᠬᠡᠳ〉᠎ᠤᠨ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠵᠤ ᠪᠠᠢ᠌ᠭ᠎ᠠ᠎ᠨᠢ ᠮᠢᠨᠤ ᠢᠷᠠᠭᠤ ᠠᠯᠳᠠᠷ ᠪᠤᠯᠤᠨ᠎ᠠ᠂ ᠮᠢᠨᠤ ᠶᠠᠷᠢᠬᠤ᠎ᠪᠠᠷ ᠲᠠᠮᠵᠢᠵᠦ ᠤᠯᠠᠨ᠎ᠳᠤ ᠨᠠᠮ ᠵᠶ᠋ᠠᠨ ᠬᠠᠢ᠌ᠷᠠᠯᠠᠬᠤ᠂ ᠤᠯᠤᠰ ᠵᠶ᠋ᠠᠨ ᠬᠠᠢ᠌ᠷᠠᠯᠠᠬᠤ᠂ ᠳᠤᠮᠳᠠᠳᠤ ᠵᠢᠨ ᠦᠨᠳᠦᠰᠦᠲᠡᠨ ᠵᠶ᠋ᠡᠨ ᠬᠠᠢ᠌ᠷᠠᠯᠠᠬᠤ ᠵᠣᠷᠢᠭ ᠰᠠᠨᠠᠭ᠎ᠠ ᠵᠢ ᠤᠯᠠᠮᠵᠢᠯᠠᠵᠤ᠂ ᠲᠠᠰᠤᠷᠠᠯᠲᠠ ᠦᠭᠡᠢ ᠴᠢᠷᠮᠠᠢ᠌ᠨ ᠰᠤᠷᠤᠯᠴᠠᠬᠤ᠎ᠪᠠᠷ ᠲᠠᠮᠵᠢᠵᠦ ᠡᠬᠡ ᠤᠯᠤᠰ᠎ᠲᠤ᠎ᠪᠠᠨ ᠥᠪᠡᠷ᠎ᠤᠨ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ》 ᠭᠡᠵᠦ ᠬᠣᠰᠢᠭᠤᠨ᠎ᠤ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠵᠢᠷᠭᠤᠳᠤᠭ᠋ᠠᠷ ᠣᠨ᠎ᠤ ᠨᠢᠭᠡᠳᠦᠭᠡᠷ ᠠᠩᠭᠢ ᠵᠢᠨ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠸᠠᠩ ᠬᠤᠤ ᠽᠸ ᠶᠠᠷᠢᠵᠦ ᠪᠠᠢ᠌ᠪᠠ᠃

《〈ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ〉 ᠶᠠᠪᠤᠳᠠᠯ᠎ᠢ ᠪᠢ ᠡᠷᠲᠡ᠎ᠠᠴᠠ ᠮᠡᠳᠡᠵᠦ ᠪᠠᠢ᠌ᠭᠰᠠᠨ᠂ ᠭᠡᠪᠡᠴᠦ ᠥᠪᠡᠷ᠎ᠤᠨ ᠪᠡᠶ᠎ᠡ᠎ᠪᠠᠷ ᠵᠶ᠋ᠡᠨ ᠶᠠᠷᠢᠬᠤ᠎ᠪᠠᠷ ᠲᠠᠮᠵᠢᠵᠦ᠂ ᠡᠨᠡ ᠬᠦ᠌ ᠥᠩᠭᠡᠷᠡᠭᠰᠡᠨ ᠶᠠᠪᠤᠳᠠᠯ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ᠎ᠤᠨ ᠶᠡᠬᠡ ᠬᠠᠢ᠌ᠷ᠎ᠠ ᠵᠢ ᠪᠢ ᠨᠠᠩ ᠭᠦᠨᠵᠡᠭᠡᠢ ᠤᠢ᠌ᠯᠠᠭ᠋ᠠᠵᠠᠢ᠂ ᠪᠢ ᠬᠤᠪᠢᠰᠬᠠᠯ᠎ᠤᠨ ᠤᠳᠤᠮᠰᠢᠯ᠎ᠢ ᠴᠢᠷᠮᠠᠢ᠌ᠨ ᠵᠠᠯᠭ᠋ᠠᠮᠵᠢᠯᠠᠵᠤ᠂ ᠰᠢᠨ᠎ᠡ ᠴᠠᠭ ᠦᠶ᠎ᠡ ᠵᠢᠨ ᠰᠠᠢ᠌ᠨ ᠪᠠᠭ᠋ᠠᠴᠤᠳ ᠪᠣᠯᠬᠤ᠎ᠪᠠᠷ ᠴᠢᠷᠮᠠᠢ᠌ᠨ᠎ᠠ》 ᠭᠡᠵᠦ ᠬᠣᠰᠢᠭᠤᠨ᠎ᠤ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠵᠢᠷᠭᠤᠳᠤᠭ᠋ᠠᠷ ᠣᠨ᠎ᠤ ᠨᠢᠭᠡᠳᠦᠭᠡᠷ ᠠᠩᠭᠢ ᠵᠢᠨ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠸᠠᠩ ᠽᠢ ᠬᠠᠨ ᠶᠠᠷᠢᠪᠠ᠃

《〈ᠤᠯᠠᠭ᠋ᠠᠨ ᠪᠦᠴᠡᠲᠡᠨ ᠲᠠᠢ᠌ᠯᠪᠤᠷᠢᠯᠠᠭᠴᠢ〉 ᠪᠣᠯᠤᠭᠰᠠᠨ᠎ᠤ ᠳᠠᠷᠠᠭ᠎ᠠ᠂ ᠪᠢ ᠬᠤᠪᠢᠰᠬᠠᠯ᠎ᠤᠨ ᠲᠡᠦᠬᠡ ᠪᠤᠯᠤᠨ ᠬᠤᠪᠢᠰᠬᠠᠯ᠎ᠤᠨ ᠰᠣᠶᠣᠯ᠎ᠢ ᠨᠡᠩ ᠢᠯᠡᠭᠦᠦ ᠣᠢ᠌ᠯᠠᠭ᠋ᠠᠵᠤ᠂ ᠦᠨᠳᠦᠰᠦᠲᠡᠨ᠎ᠤ ᠪᠦᠯᠬᠦᠮᠳᠡᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠮᠡᠳᠡᠯᠭᠡ᠎ᠲᠠᠢ᠂ ᠶᠣᠰᠣ ᠮᠣᠷᠠᠯ᠎ᠲᠠᠢ᠂ ᠠᠮᠵᠢᠯᠳᠠ ᠪᠦᠳᠦᠮᠵᠢ᠎ᠲᠠᠢ ᠰᠢᠨ᠎ᠡ ᠴᠠᠭ ᠦᠶ᠎ᠡ ᠵᠢᠨ ᠰᠠᠢ᠌ᠨ ᠪᠠᠭ᠋ᠠᠴᠤᠳ ᠪᠣᠯᠣᠨ ᠬᠥᠮᠥᠵᠢᠭᠳᠡᠵᠦ᠂ ᠣᠷᠤᠨ ᠨᠤᠲᠤᠭ ᠪᠠ ᠡᠬᠡ ᠤᠯᠤᠰ᠎ᠤᠨ ᠵᠶ᠋ᠠᠨ ᠪᠦᠲᠦᠭᠡᠨ ᠪᠠᠢ᠌ᠭᠤᠯᠤᠯᠲᠠ᠎ᠳᠤ ᠬᠤᠪᠢ ᠨᠡᠮᠡᠷᠢ᠎ᠪᠠᠨ ᠦᠵᠡᠭᠦᠯᠬᠦ᠎ᠪᠠᠷ ᠴᠢᠷᠮᠠᠢ᠌ᠨ᠎ᠠ》 ᠭᠡᠵᠦ ᠬᠣᠰᠢᠭᠤᠨ᠎ᠤ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠵᠢᠷᠭᠤᠳᠤᠭ᠋ᠠᠷ ᠣᠨ᠎ᠤ ᠨᠢᠭᠡᠳᠦᠭᠡᠷ ᠠᠩᠭᠢ ᠵᠢᠨ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠵᠧᠦ ᠮᠢᠩ ᠰᠢᠨ ᠶᠠᠷᠢᠵᠦ ᠪᠠᠢ᠌ᠪᠠ᠃
《〈ᠤᠯᠠᠭ᠋ᠠᠨ ᠪᠦᠴᠡᠲᠡᠨ ᠲᠠᠢ᠌ᠯᠪᠤᠷᠢᠯᠠᠭᠴᠢ〉 ᠪᠣᠯᠬᠤ ᠪᠣᠯ ᠢᠷᠠᠭᠤ ᠠᠯᠳᠠᠷ ᠮᠥᠨ᠂ ᠲᠠᠢ᠌ᠯᠪᠤᠷᠢᠯᠠᠬᠤ᠎ᠪᠠᠷ ᠲᠠᠮᠵᠢᠵᠦ ᠪᠢᠳᠡ ᠲᠡᠦᠬᠡ᠎ᠪᠠᠨ ᠪᠠᠲᠤ ᠴᠡᠭᠡᠵᠢᠯᠡᠵᠦ᠂ ᠴᠢᠷᠮᠠᠢ᠌ᠨ ᠰᠤᠷᠤᠯᠴᠠᠵᠤ᠂ 〈ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ〉 ᠥᠯᠢᠭᠡᠷ᠎ᠲᠠᠢ ᠠᠳᠠᠯᠢ ᠦᠨᠳᠦᠰᠦᠲᠡᠨ᠎ᠨᠦᠭᠦᠳ ᠪᠦᠯᠬᠦᠮᠳᠡᠵᠦ᠂ ᠬᠠᠮᠲᠤ᠎ᠪᠠᠷ ᠲᠡᠮᠡᠴᠡᠵᠦ᠂ ᠮᠠᠨ᠎ᠤ ᠤᠯᠤᠰ ᠣᠷᠣᠨ᠎ᠳᠤ᠎ᠪᠠᠨ ᠬᠦᠴᠦᠨ ᠴᠢᠳᠠᠯ ᠵᠶ᠋ᠠᠨ ᠡᠷᠭᠦᠪᠡᠯ ᠵᠣᠬᠢᠨ᠎ᠠ ᠭᠡᠵᠦ ᠪᠢ ᠦᠵᠡᠵᠦ ᠪᠠᠢ᠌ᠨ᠎ᠠ》 ᠭᠡᠵᠦ ᠬᠣᠰᠢᠭᠤᠨ᠎ᠤ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠲᠠᠪᠤᠳᠤᠭ᠋ᠠᠷ ᠣᠨ᠎ᠤ ᠨᠢᠭᠡᠳᠦᠭᠡᠷ ᠠᠩᠭᠢ ᠵᠢᠨ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠸᠠᠩ ᠽᠢ ᠰᠢᠤᠸᠠᠨ ᠶᠠᠷᠢᠪᠠ᠃
《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》᠂ ᠰᠥᠨᠢᠳ ᠵᠡᠭᠦᠨ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ (ᠦᠵᠡᠰᠬᠦᠯᠡᠩ᠎ᠤᠨ ᠣᠷᠳᠣᠨ)᠎ᠤᠨ 《ᠤᠯᠤᠰ᠎ᠤᠨ ᠬᠡᠦᠬᠡᠳ》 ᠭᠣᠣᠯ ᠰᠡᠳᠦᠪᠲᠦ ᠦᠵᠡᠬᠦᠯᠬᠡ᠎ᠨᠢ ᠮᠠᠨ᠎ᠤ ᠬᠣᠰᠢᠭᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠣᠶᠣᠯ ᠤᠬᠠᠭᠤᠯᠭ᠎ᠠ ᠵᠢᠨ ᠴᠤᠩᠬᠤᠪᠴᠢ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠲᠠᠢ᠌ᠯᠤᠮᠵᠢ ᠵᠢ ᠰᠤᠨᠤᠰᠤᠭ᠋ᠠᠳ᠂ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠢ ᠮᠡᠳᠡᠷᠡᠬᠦᠢ᠎ᠨᠢ ᠲᠠᠰᠤᠷᠠᠯᠲᠠ ᠦᠭᠡᠢ ᠳᠡᠭᠡᠭᠰᠢᠯᠡᠵᠦ᠂ ᠪᠥᠬᠥ ᠬᠣᠰᠢᠭᠤᠨ᠎ᠤ ᠥᠷᠭᠡᠨ ᠲᠡᠯᠭᠡᠷ ᠬᠦᠷᠢᠶᠡᠯᠡᠯ᠎ᠢ ᠣᠯᠵᠤ᠂ ᠬᠤᠪᠢᠰᠬᠠᠯ᠎ᠤᠨ ᠥᠯᠢᠭᠡᠷ᠎ᠢ ᠶᠠᠷᠢᠬᠤ᠂ ᠡᠭᠡ ᠤᠷᠤᠨᠴᠢ ᠵᠣᠷᠢᠭ ᠰᠠᠨᠠᠭ᠎ᠠ ᠵᠢ ᠪᠠᠳᠠᠷᠠᠭᠤᠯᠬᠤ ᠨᠡᠢ᠌ᠭᠡᠮ᠎ᠤᠨ ᠬᠠᠯᠠᠭᠤᠨ ᠥᠷᠨᠢᠯᠲᠡ ᠵᠢ ᠪᠣᠶ ᠪᠣᠯᠭ᠋ᠠᠪᠠ᠃
ᠳᠠᠷᠠᠭ᠋ᠠᠴᠢ᠎ᠪᠠᠷ᠂ ᠰᠥᠨᠢᠳ ᠵᠡᠭᠦᠨ ᠬᠤᠰᠢᠭᠤ 《ᠤᠯᠠᠭ᠋ᠠᠨ ᠪᠦᠴᠡᠲᠡᠨ ᠲᠠᠢ᠌ᠯᠪᠤᠷᠢᠯᠠᠭᠴᠢ》 ᠵᠢᠨ ᠦᠢ᠍ᠯᠡᠳᠦᠯ᠎ᠢ ᠦᠷᠭᠦᠯᠵᠢᠯᠡᠨ ᠭᠦᠢ᠍ᠴᠡᠳ ᠪᠠᠳᠠᠷᠠᠭᠤᠯᠵᠤ᠂ ᠡᠯ᠎ᠡ ᠲᠦᠷᠦᠯ᠎ᠤᠨ ᠤᠯᠠᠨ ᠶᠠᠩᠵᠤ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠪᠦᠭᠦ ᠬᠣᠰᠢᠭᠤᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠬᠤᠪᠢᠰᠬᠠᠯ᠎ᠤᠨ ᠦᠯᠢᠬᠡᠷ᠎ᠤᠨ ᠲᠠᠢ᠌ᠯᠪᠤᠷᠢᠯᠠᠭᠴᠢ ᠪᠠ ᠬᠤᠪᠢᠰᠬᠠᠯ᠎ᠤᠨ ᠰᠣᠶᠣᠯ᠎ᠤᠨ ᠤᠯᠠᠮᠵᠢᠯᠠᠭᠴᠢ ᠪᠤᠯᠬᠤ ᠵᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠳᠤᠮᠳᠠ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ᠎ᠤᠨ ᠦᠯᠢᠬᠡᠷ᠎ᠢ ᠰᠠᠢ᠌ᠲᠤᠷ ᠶᠠᠷᠢᠬᠤ ᠵᠢ ᠠᠬᠢᠭᠤᠯᠵᠤ᠂ ᠡᠭᠡ ᠤᠷᠤᠨᠴᠢ ᠦᠵᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠲᠠ ᠦᠭᠡᠢ ᠴᠣᠭᠴᠠᠯᠠᠨ ᠪᠠᠢ᠌ᠭᠤᠯᠤᠨ᠎ᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ