2 ᠳ᠋ᠤᠭ᠋ᠠᠷ ᠰᠠᠷ᠎ᠠ ᠵᠢᠨ 29᠎ᠤ ᠡᠳᠦᠷ᠂ ᠠᠯᠠᠱ᠌ᠠ ᠠᠢ᠌ᠮᠠᠭ᠎ᠤᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ ᠪᠣᠯᠤᠨ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠪᠣᠳᠠᠲᠠᠶ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠬᠢᠷᠠᠭᠤᠯᠤᠨ ᠪᠠᠢ᠌ᠷᠢᠯᠠᠭᠤᠯᠪᠠ᠃ ᠠᠢ᠌ᠮᠠᠭ᠎ᠤᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠠᠢ᠌ᠮᠠᠭ᠎ᠤᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠬᠤ᠌ ᠺᠠᠶ ᠡᠦ ᠬᠤᠷᠠᠯ᠎ᠢ ᠡᠷᠬᠢᠯᠡᠵᠦ ᠶᠠᠷᠢᠶ᠎ᠠ ᠲᠠᠯᠪᠢᠪᠠ᠃ ᠠᠢ᠌ᠮᠠᠭ᠎ᠤᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠪᠠᠢ᠌ᠭᠤᠯᠭ᠎ᠠ ᠵᠢᠨ ᠰᠠᠯᠠᠭ᠎ᠠ ᠲᠠᠰᠤᠭ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠪᠥᠬᠥ ᠣᠷᠣᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ ᠪᠣᠯᠤᠨ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢᠳ᠎ᠤᠨ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠠᠵᠢᠯ᠎ᠳᠤ ᠪᠥᠬᠥ ᠲᠠᠯ᠎ᠠ ᠵᠢᠨ ᠪᠠᠢ᠌ᠷᠢᠯᠠᠭᠤᠯᠤᠯᠲᠠ ᠬᠢᠵᠦ᠂ ᠤᠯᠤᠰ ᠲᠥᠷᠥ ᠵᠢᠨ ᠵᠣᠭᠰᠣᠴᠠ ᠥᠨᠳᠥᠷ᠂ ᠠᠵᠢᠯ᠎ᠤᠨ ᠰᠡᠳᠬᠢᠮᠵᠢ ᠲᠣᠳᠣᠷᠬᠠᠶ᠂ ᠬᠠᠷᠠᠯᠲᠠ ᠡᠭᠦᠷᠭᠡ ᠲᠣᠳᠣᠷᠬᠠᠶ᠂ ᠠᠷᠭ᠎ᠠ ᠬᠡᠮᠵᠢᠶ᠎ᠡ ᠪᠣᠳᠠᠲᠠᠶ ᠪᠠᠢ᠌ᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ ᠪᠤᠯᠤᠨ ᠵᠢᠯᠣᠭᠣᠳᠬᠤ ᠴᠢᠨᠠᠷ᠂ ᠬᠠᠨᠳᠤᠯᠭ᠋ᠠᠲᠤ ᠴᠢᠨᠠᠷᠲᠠᠢ ᠶᠤᠮ ᠬᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠪᠥᠬᠥ ᠠᠢ᠌ᠮᠠᠭ᠎ᠤᠨ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠺᠠᠳ᠋ᠷ ᠠᠵᠢᠯᠲᠠᠨ ᠠᠵᠢᠯᠴᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ᠎ᠤ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ᠂ ᠰᠢᠨ᠎ᠡ ᠡᠭᠦᠷᠭᠡ ᠵᠢ ᠭᠦᠨᠵᠡᠭᠡᠶ ᠵᠠᠳᠠᠯᠵᠤ᠂ ᠰᠡᠳᠬᠢᠮᠵᠢ᠎ᠪᠠᠨ ᠲᠣᠳᠣᠷᠬᠠᠶ ᠪᠤᠯᠭ᠋ᠠᠵᠤ᠂ ᠠᠷᠭ᠎ᠠ ᠬᠡᠮᠵᠢᠶ᠎ᠡ᠎ᠪᠠᠨ ᠪᠣᠳᠠᠲᠠᠢ᠌ᠵᠢᠭᠤᠯᠬᠤ ᠬᠡᠷᠡᠭᠲᠡᠶ᠃ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠬᠦᠨᠵᠡᠬᠡᠢ᠌ᠷᠡᠬᠦᠯᠵᠦ᠂ ᠭᠣᠤᠯ ᠰᠢᠵᠢᠮ᠎ᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠤᠯᠠᠮ ᠨᠢᠭᠡ ᠠᠯᠬᠤᠮ ᠪᠡᠬᠢᠵᠢᠭᠦᠯᠦᠨ ᠭᠦᠨᠵᠡᠭᠡᠢ᠌ᠷᠡᠭᠦᠯᠵᠦ᠂ ᠭᠣᠣᠯ ᠱᠤᠭᠤᠮ᠎ᠢ ᠡᠵᠡᠮᠳᠡᠵᠦ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠬᠦ ᠵᠢ ᠠᠬᠢᠭᠤᠯᠵᠤ᠂ ᠭᠣᠣᠯ ᠰᠢᠵᠢᠮ᠎ᠢ ᠲᠤᠭᠤᠰᠢᠯᠠᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠳᠡᠢ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠡᠯ᠎ᠡ ᠲᠦᠷᠦᠯ᠎ᠤᠨ ᠠᠵᠢᠯ ᠦᠢᠯᠡᠰ᠎ᠲᠤ ᠰᠢᠨ᠎ᠡ ᠳᠦᠷᠰᠦ ᠪᠠᠢ᠌ᠳᠠᠯ ᠢᠯᠡᠷᠡᠬᠦ᠂ ᠰᠢᠨ᠎ᠡ ᠠᠮᠵᠢᠯᠲᠠ ᠤᠯᠬᠤ ᠵᠢ ᠠᠬᠢᠭᠤᠯᠬᠤ ᠬᠡᠷᠡᠭᠳᠡᠢ ᠬᠡᠵᠦ ᠱᠠᠭ᠋ᠠᠷᠳᠠᠪᠠ᠃
ᠣᠷᠴᠢᠭᠤᠯᠤᠭᠴᠢ᠄ ᠣᠶᠤᠨᠰᠡᠴᠡᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ