ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠦᠨᠳᠦᠰᠦᠨ ᠱᠠᠲᠤᠨ᠎ᠳᠤ ᠬᠦᠷᠴᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠰᠡᠳᠬᠢᠯ ᠨᠢᠭᠡᠳᠦᠨ ᠬᠦᠴᠦ᠎ᠪᠠᠨ ᠬᠠᠮᠳᠤᠳᠬᠠᠵᠤ ᠣᠶᠤᠨ ᠤᠬᠠᠭ᠋ᠠᠨ ᠬᠦᠴᠦᠨ ᠴᠢᠳᠠᠯ ᠨᠡᠮᠡᠷᠢᠯᠡᠪᠡ
ᠨᠡᠶ᠋ᠢᠲᠡᠯᠡᠭᠰᠡᠨ ᠴᠠᠭ᠄ 2024-03-27

      3 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠬᠣᠢ᠌ᠨ᠎ᠠ᠂ ᠮᠠᠨᠵᠤᠤᠷ ᠬᠣᠲᠠ ᠵᠢᠨ ᠦᠨᠳᠦᠰᠦᠳᠡᠨ᠎ᠤ ᠵᠥᠪᠯᠡᠯ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠲᠠᠢ ᠬᠠᠮᠲᠤᠷᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ 〈ᠨᠠᠮ᠎ᠤᠨ ᠠᠴᠢ᠎ᠳᠤ ᠳᠠᠯᠠᠷᠬᠠᠵᠤ᠂ ᠨᠠᠮ᠎ᠤᠨ ᠦᠭᠡ ᠵᠢ ᠰᠤᠨᠤᠰᠴᠦ᠂ ᠨᠠᠮ ᠵᠶ᠋ᠠᠨ᠎ᠲᠠᠭᠠᠨ ᠤᠷᠤᠭᠰᠢᠯᠠᠬᠤ〉 —ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠦᠨᠳᠦᠰᠦᠨ ᠱᠠᠲᠤᠨ ᠵᠶ᠋ᠠᠷ ᠠᠶᠠᠯᠠᠬᠤ ᠭᠣᠤᠯ ᠰᠡᠳᠦᠪᠲᠦ ᠦᠢᠯᠡᠳᠦᠯᠭᠡ ᠵᠢᠨ ᠠᠵᠢᠯᠯᠠᠭ᠎ᠠ》 ᠥᠷᠨᠢᠭᠦᠯᠵᠦ᠂ ᠪᠥᠬᠥ ᠬᠣᠲᠠ ᠵᠢᠨ ᠠᠳᠠᠯᠢ ᠪᠤᠰᠤ ᠡᠲᠡᠭᠡᠳ᠎ᠤᠨ ᠢᠯᠭ᠋ᠠᠯ᠎ᠤᠨ᠎ᠬᠢᠨ᠎ᠤ ᠤᠯᠤᠰ ᠲᠥᠷᠥ ᠵᠢᠨ ᠵᠥᠪᠯᠡᠯᠭᠡᠨ᠎ᠤ 20 ᠭᠠᠷᠤᠶ ᠭᠡᠰᠢᠭᠦᠨ ᠠᠵᠢᠯᠯᠠᠭ᠎ᠠ᠎ᠳᠤ ᠣᠷᠣᠯᠴᠠᠪᠠ᠃ ᠲᠣᠰ ᠤᠳᠠᠭ᠋ᠠᠨ᠎ᠤ ᠭᠣᠤᠯ ᠰᠡᠳᠦᠪᠲᠦ ᠦᠢᠯᠡᠳᠦᠯᠭᠡ ᠵᠢᠨ ᠠᠵᠢᠯᠯᠠᠭ᠎ᠠ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠪᠠ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠤᠯ ᠰᠢᠵᠢᠮ ᠪᠣᠯᠤᠨ᠎ᠠ ᠭᠡᠳᠡᠭ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠬᠤ᠎ᠪᠠᠷ ᠵᠣᠷᠢᠯᠭ᠎ᠠ᠎ᠪᠠᠨ ᠪᠣᠯᠭ᠋ᠠᠵᠠᠶ᠃ ᠤᠯᠤᠰ ᠲᠦᠷᠦ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠤᠯᠤᠰ ᠵᠶ᠋ᠡᠨ ᠬᠦᠴᠦᠷᠭᠡᠭᠵᠢᠭᠦᠯᠬᠦ ᠪᠦᠳᠦᠭᠡᠨ ᠪᠠᠢ᠌ᠭᠤᠯᠤᠯᠲᠠ ᠵᠢ ᠠᠬᠢᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠦᠨᠳᠦᠷᠴᠡ᠎ᠠᠴᠠ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠬᠦᠷᠬᠦ ᠵᠢ ᠪᠡᠶᠡᠯᠡᠭᠦᠯᠬᠦ ᠦᠨᠳᠦᠷᠴᠡ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠣᠣᠯ ᠰᠢᠵᠢᠮ᠎ᠢ ᠡᠵᠡᠮᠳᠡᠨ ᠲᠤᠭᠤᠰᠢᠯᠠᠭᠤᠯᠤᠨ᠎ᠠ᠃ 《ᠨᠠᠮ᠎ᠤᠨ ᠠᠴᠢ᠎ᠳᠤ ᠳᠠᠯᠠᠷᠬᠠᠵᠤ᠂ ᠨᠠᠮ᠎ᠤᠨ ᠦᠭᠡ ᠵᠢ ᠰᠤᠨᠤᠰᠴᠦ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠵᠢᠨ ᠲᠠᠰᠤᠷᠠᠯᠲᠠ ᠥᠬᠡᠶ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠵᠤ᠂ ᠮᠠᠨᠵᠤᠤᠷ ᠬᠣᠲᠠ ᠵᠢᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠬᠦᠴᠦᠨ ᠵᠶ᠋ᠠᠨ ᠲᠥᠪᠯᠡᠷᠡᠭᠦᠯᠦᠨ ᠴᠢᠳᠠᠪᠤᠷᠢ᠎ᠪᠠᠨ ᠨᠡᠮᠡᠷᠢᠯᠡᠨ᠎ᠡ᠃
      ᠭᠡᠰᠢᠭᠦᠳ ᠤᠷᠢᠳ ᠬᠣᠵᠢᠳ ᠬᠣᠲᠠ ᠵᠢᠨ ᠬᠠᠮ ᠵᠠᠭᠤᠴᠢᠯᠠᠭᠤᠷ᠎ᠤᠨ ᠲᠥᠪ᠂ ᠠᠷᠪᠠᠨ ᠬᠣᠶᠠᠳᠤᠭ᠋ᠠᠷ ᠰᠤᠷᠭ᠋ᠠᠭᠤᠯᠢ᠂ ᠬᠣᠢ᠌ᠲᠤ ᠲᠣᠭᠣᠷᠢᠭ᠎ᠤᠨ ᠬᠡᠦᠬᠡᠳ᠎ᠤᠨ ᠴᠡᠴᠡᠷᠯᠢᠭ᠂ ᠳ᠋ᠦᠩ ᠱᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠯᠦ᠍ ᠪᠢᠨ ᠨᠡᠢ᠌ᠭᠡᠮ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 4 ᠠᠢ᠌ᠯ᠂ ᠬᠥᠯᠥᠨ ᠪᠣᠢ᠌ᠷ ᠬᠣᠲᠠ ᠵᠢᠨ ᠬᠤᠳᠠ ᠵᠢᠨ ᠲᠠᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ ᠵᠡᠷᠬᠡ᠎ᠳᠤ ᠭᠦᠨᠵᠡᠭᠡᠢ᠌ᠷᠡᠨ ᠪᠠᠢ᠌ᠴᠠᠭ᠋ᠠᠨ  ᠰᠣᠳᠤᠯᠵᠦ ᠲᠣᠭᠣᠷᠢᠨ ᠦᠵᠡᠪᠡ᠃ ᠯᠦ᠍ ᠪᠢᠨ ᠨᠡᠢ᠌ᠭᠡᠮ ᠲᠣᠭᠣᠷᠢᠭ᠎ᠲᠤ ᠵᠣᠬᠢᠶᠠᠨ ᠪᠠᠢ᠌ᠭᠤᠯᠵᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠣᠶᠠᠷ ᠬᠤᠭᠤᠴᠠᠭ᠋ᠠᠨ᠎ᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ ᠲᠤᠰᠢᠶᠠᠯ᠎ᠢ ᠡᠭᠦᠷᠭᠡᠯᠡᠵᠦ ᠥᠩᠭᠡᠷᠡᠭᠰᠡᠨ ᠣᠲᠣ ᠵᠢᠨ ᠬᠣᠲᠠ ᠵᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ ᠸᠠᠩ ᠰᠢᠨ 《ᠭᠣᠤᠯ ᠰᠢᠵᠢᠮ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠬᠣᠲᠠ ᠬᠦᠴᠦᠨ ᠵᠢᠡᠨ ᠲᠥᠪᠯᠡᠷᠡᠭᠦᠯᠦᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠵᠤ᠂ ᠪᠥᠬᠥ ᠬᠣᠲᠠ᠎ᠪᠠᠷ ᠵᠢᠡᠨ ᠣᠶᠤᠨ ᠤᠬᠠᠭ᠋ᠠᠨ ᠵᠶ᠋ᠠᠨ ᠲᠥᠪᠯᠡᠷᠡᠭᠦᠯᠦᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠠᠴᠠ ᠭᠠᠷᠳᠠᠵᠤ᠂ 9 ᠲᠠᠯ᠎ᠠ ᠵᠢᠨ ᠠᠵᠢᠯ᠎ᠢ ᠰᠠᠢ᠌ᠲᠤᠷ ᠬᠢᠬᠦ ᠵᠢᠨ ᠲᠣᠭᠣᠷᠢᠨ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠪᠣᠳᠠᠲᠠᠢ ᠲᠦᠷᠦᠭᠳᠡᠯ᠎ᠲᠠᠢ ᠪᠦᠲᠦᠮᠵᠢᠲᠡᠶ᠎ᠪᠠᠷ ᠭᠦᠨᠵᠡᠭᠡᠶ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠢ ᠡᠯ᠎ᠡ ᠲᠦᠷᠦᠯ᠎ᠤᠨ ᠠᠵᠢᠯ᠎ᠤᠨ ᠳᠤᠮᠳᠠ ᠪᠥᠬᠥ ᠲᠠᠯ᠎ᠠ᠎ᠪᠠᠷ ᠭᠦᠨᠵᠡᠭᠡᠶ ᠪᠣᠳᠠᠲᠠᠶ ᠲᠤᠭᠤᠰᠢᠯᠠᠭᠤᠯᠬᠤ ᠲᠤᠬᠠᠢ ᠭᠣᠤᠯ ᠰᠡᠳᠦᠪᠲᠦ ᠶᠠᠷᠢᠶ᠎ᠠ ᠲᠠᠯᠪᠢᠪᠠ᠂ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠬᠣᠶᠠᠷ ᠬᠤᠭᠤᠴᠠᠭ᠋ᠠᠨ᠎ᠤ ᠭᠡᠰᠢᠭᠦᠨ᠎ᠤ ᠲᠤᠰᠢᠶᠠᠯ᠎ᠢ ᠡᠬᠦᠷᠬᠡᠯᠡᠵᠦ ᠦᠩᠬᠡᠷᠡᠭᠰᠡᠨ ᠣᠳᠣ ᠵᠢᠨ ᠬᠣᠲᠠ ᠵᠢᠨ ᠳᠠᠩᠰᠠ ᠡᠪᠬᠡᠮᠡᠯ ᠲᠡᠦᠬᠡ ᠣᠢ᠌ᠯᠠᠯᠭ᠎ᠠ ᠵᠢᠨ ᠣᠷᠳᠣᠨ᠎ᠤ ᠳᠡᠳ᠋ ᠳᠠᠷᠤᠭ᠎ᠠ ᠺᠠᠩ ᠯᠢ᠂ ᠮᠠᠨᠵᠤᠤᠷ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠡᠷᠬᠢᠴᠡᠬᠦᠯᠦᠨ ᠳ᠋ᠦᠩᠨᠡᠵᠦ᠂ ᠠᠮᠢᠳᠤᠯᠢᠭ ᠵᠢᠱ᠌ᠢᠶ᠎ᠡ᠂ ᠨᠠᠷᠢᠨ ᠪᠣᠳᠠᠲᠠᠶ ᠲᠣᠭ᠎ᠠ ᠪᠠᠷᠢᠮᠲᠠ᠎ᠪᠠᠷ 《ᠭᠤᠷᠪᠠᠨ ᠰᠠᠯᠵᠤ ᠪᠣᠯᠤᠰᠢ ᠦᠭᠡᠢ》᠂ 《ᠲᠦᠷᠪᠡᠨ ᠬᠠᠮᠳᠤ᠎ᠪᠠᠷ》᠂ 《ᠲᠠᠪᠤᠨ ᠮᠡᠳᠡᠷᠡᠬᠦᠢ》 ᠵᠢᠨ ᠣᠢ᠌ᠯᠠᠭ᠋ᠠᠭᠳᠠᠬᠤᠨ᠎ᠢ ᠠᠮᠢᠳᠤᠯᠢᠭ ᠵᠶ᠋ᠠᠷ ᠲᠠᠢ᠌ᠯᠪᠤᠷᠢᠯᠠᠪᠠ; ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠯᠦ᠍ ᠪᠢᠨ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ᠂ ᠡᠷᠬᠢᠯᠡᠭᠴᠢ ᠯᠢᠶᠠᠩ ᠶᠢᠩ ᠯᠦ᠍ ᠪᠢᠨ ᠨᠡᠢ᠌ᠭᠡᠮ ᠲᠣᠭᠣᠷᠢᠭ᠎ᠤᠨ 《ᠲᠠᠪᠤᠨ ᠰᠡᠳᠬᠢᠯ ᠲᠠᠯᠪᠢᠬᠤ》 ᠦᠨᠳᠦᠰᠦᠲᠡᠨ᠎ᠤ ᠠᠵᠢᠯ᠎ᠤᠨ ᠬᠠᠤᠯᠢ ᠵᠢ ᠪᠥᠬᠥ ᠬᠣᠲᠠ ᠵᠢᠨ ᠨᠡᠢ᠌ᠭᠡᠮ ᠲᠣᠭᠣᠷᠢᠭ᠎ᠲᠤ ᠬᠡᠷᠬᠢᠨ ᠳᠡᠯᠭᠡᠷᠡᠭᠦᠯᠬᠦ ᠲᠤᠬᠠᠶ ᠶᠠᠷᠢᠶ᠎ᠠ ᠲᠠᠯᠪᠢᠪᠠ᠃
      ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠠᠩ ᠴᠦᠨ ᠫᠧᠩ ᠳ᠋ᠦᠩᠨᠡᠯᠲᠡ ᠵᠢᠨ ᠶᠠᠷᠢᠶᠠᠨ᠎ᠳᠤ᠎ᠪᠠᠨ᠂ ᠪᠦᠬᠦ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠪᠠᠲᠤ ᠴᠡᠬᠡᠵᠢᠯᠡᠵᠦ᠂ 《ᠬᠣᠶᠠᠷ᠎ᠢ ᠲᠤᠭᠳᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠰᠠᠢ᠌ᠳᠤᠷ ᠪᠡᠶᠡᠯᠡᠭᠦᠯᠬᠦ ᠥᠨᠳᠥᠷᠴᠡ᠎ᠠᠴᠠ᠂ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ᠂ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠨᠠᠮ᠎ᠤᠨ ᠲᠥᠪ ᠬᠣᠷᠢᠶᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠣᠷᠢᠭ ᠰᠠᠨᠠᠭ᠎ᠠ ᠵᠢ ᠨᠡᠢ᠌ᠭᠡᠮ᠎ᠤᠨ ᠬᠠᠮᠲᠤ ᠵᠢᠨ ᠲᠠᠨᠢᠯᠲᠠ ᠪᠣᠯᠭ᠋ᠠᠨ ᠤᠯᠠᠷᠢᠭᠤᠯᠵᠦ᠂ ᠢᠳᠡᠪᠬᠢᠲᠡᠶ᠎ᠪᠠᠷ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠦ᠂ ᠬᠠᠮᠲᠤ ᠵᠢᠨ ᠲᠠᠨᠢᠯᠲᠠ ᠵᠢ ᠥᠷᠭᠡᠨ ᠵᠶ᠋ᠡᠷ ᠨᠢᠭᠲᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠠᠢ᠌ᠲᠤᠷ ᠪᠡᠶᠡᠯᠡᠬᠦᠯᠵᠦ᠂ ᠰᠢᠨ᠎ᠡ ᠴᠠᠭ ᠦᠶ᠎ᠡ ᠵᠢᠨ ᠮᠠᠨᠵᠤᠤᠷ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠰᠢᠨ᠎ᠡ ᠪᠠᠢ᠌ᠳᠠᠯ᠎ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠬᠡᠵᠦ ᠵᠢᠭ᠋ᠠᠨ ᠭᠠᠷᠭ᠋ᠠᠪᠠ᠃

ᠢᠷᠡᠯᠲᠡ᠄ ᠮᠠᠨᠵᠤᠤᠷ ᠬᠣᠲᠠ ᠵᠢᠨ ᠦᠨᠳᠦᠰᠦᠲᠡᠨ᠎ᠤ ᠵᠥᠪᠯᠡᠯ