ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠤᠷᠠᠳ᠎ᠤᠨ ᠳᠤᠮᠳᠠᠳᠤ ᠬᠣᠰᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠪᠣᠯᠪᠠᠰᠤᠷᠠᠯ ᠡᠷᠬᠢᠯᠡᠵᠦ ᠰᠢᠯᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2024-04-12

      ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠪᠠ ᠪᠠᠶᠠᠨᠨᠠᠭᠤᠷ᠎ᠲᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠬᠣᠰᠢᠭᠤᠨ᠎ᠤ ᠺᠠᠳ᠋ᠷ ᠠᠵᠢᠯᠲᠠᠨ ᠠᠵᠢᠯᠴᠢᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠳᠤᠳᠬᠠᠬᠤ ᠠᠵᠢᠯ᠎ᠤᠨ ᠣᠢ᠌ᠯᠠᠭ᠋ᠠᠨ ᠮᠡᠳᠡᠭᠦᠯᠬᠦ ᠨᠣᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 4 ᠳ᠋ᠤᠬᠡᠷ ᠰᠠᠷ᠎ᠠ ᠵᠢᠨ 7᠎ᠤ ᠡᠳᠦᠷ᠎ᠤᠨ ᠦᠳᠡ ᠵᠢᠨ ᠬᠣᠢ᠌ᠨ᠎ᠠ᠂ ᠬᠣᠰᠢᠭᠤᠨ᠎ᠤ ᠨᠠᠮ᠎ᠤᠨ  ᠬᠤᠷᠢᠶ᠎ᠠ ᠵᠢᠨ ᠠᠯᠪᠠᠨ ᠬᠡᠷ᠂ ᠬᠣᠰᠢᠭᠤᠨ᠎ᠤ ᠦᠨᠳᠦᠰᠦᠲᠡᠨ᠎ᠤ ᠵᠥᠪᠯᠡᠯ᠎ᠠᠴᠠ ᠪᠥᠬᠥ ᠬᠣᠰᠢᠭᠤᠨ᠎ᠤ ᠰᠠᠯᠠᠭ᠋ᠠᠨ ᠲᠠᠰ᠎ᠤᠨ 130 ᠭᠠᠷᠤᠶ ᠺᠠᠳ᠋ᠷ᠎ᠢ ᠵᠣᠬᠢᠶᠠᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠳᠤᠳᠬᠠᠬᠤ ᠣᠨᠣᠯ᠎ᠤᠨ ᠪᠣᠯᠪᠠᠰᠤᠷᠠᠯ ᠡᠷᠬᠢᠯᠡᠵᠦ ᠰᠢᠯᠭ᠋ᠠᠯᠲᠠ ᠬᠢᠵᠡᠢ᠃

W020240408371219339776.jpg     

      ᠲᠣᠰ ᠤᠳᠠᠭ᠋ᠠᠨ᠎ᠤ ᠮᠡᠳᠡᠯᠭᠡ ᠵᠢᠨ ᠰᠢᠯᠭ᠋ᠠᠯᠲᠠ᠎ᠳᠤ ᠣᠨᠣᠯ᠎ᠤᠨ ᠰᠤᠷᠤᠯᠴᠠᠯᠭ᠎ᠠ ᠵᠢ ᠲᠡᠷᠢᠭᠦᠨ᠎ᠳᠤ ᠲᠠᠯᠪᠢᠬᠤ ᠵᠢ ᠪᠠᠷᠢᠮᠳᠠᠯᠠᠪᠠ᠃ ᠰᠢᠯᠭ᠋ᠠᠯᠳᠠ᠎ᠠᠴᠠ ᠡᠮᠦᠨ᠎ᠡ ᠬᠤᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ ᠼᠦᠢ ᠵᠢᠩ ᠰᠢᠶᠠᠩ ᠨᠥᠬᠥᠷ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ》 ᠵᠢ ᠡᠭᠦᠳᠦᠨ ᠪᠠᠢ᠌ᠭᠤᠯᠬᠤ᠎ᠳᠤ ᠵᠠᠪᠠᠯ ᠮᠡᠳᠡᠬᠦ 8 ᠲᠠᠯ᠎ᠠ ᠵᠢᠨ ᠠᠭᠤᠯᠭ᠎ᠠ ᠵᠢᠨ ᠲᠣᠭᠣᠷᠢᠨ᠎ᠳᠤ ᠤᠬᠠᠭᠤᠯᠤᠨ ᠲᠠᠢ᠌ᠯᠪᠤᠷᠢᠯᠠᠵᠤ᠂ ᠪᠥᠬᠥ ᠬᠣᠰᠢᠭᠤᠨ᠎ᠤ ᠺᠠᠳ᠋ᠷᠴᠤᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠶ ᠲᠠᠨᠢᠯᠲᠠ ᠪᠠ ᠣᠢ᠌ᠯᠠᠭ᠋ᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂  ᠳᠠᠷᠠᠭ᠋ᠠᠴᠢ ᠵᠢᠨ ᠮᠡᠳᠡᠯᠭᠡ ᠵᠢᠨ ᠰᠢᠯᠭ᠋ᠠᠯᠲᠠ᠎ᠳᠤ ᠦᠵᠡᠯ ᠰᠠᠨᠠᠭ᠋ᠠᠨ᠎ᠤ ᠰᠠᠭᠤᠷᠢ ᠵᠢ ᠪᠠᠳᠤᠳᠬᠠᠵᠤ᠂ ᠮᠡᠳᠡᠯᠭᠡ ᠵᠢᠨ ᠰᠠᠭᠤᠷᠢ ᠵᠢ ᠲᠠᠯᠪᠢᠪᠠ᠃

W020240408371219378148.jpg     

      ᠬᠣᠰᠢᠭᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠵᠦᠪᠯᠡᠯ᠎ᠤᠨ ᠱᠦᠵᠢ ᠵᠢᠶᠠ ᠶᠦᠩ ᠫᠢᠩ᠎ᠠᠴᠠ᠂ ᠨᠢᠭᠡ᠎ᠳᠤ ᠪᠠᠶᠠᠨᠨᠠᠭᠤᠷ ᠬᠣᠲᠠ ᠵᠢᠨ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ》 ᠵᠢ ᠡᠭᠦᠳᠦᠨ ᠪᠠᠢ᠌ᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠲᠣᠬᠢᠷᠠᠭᠤᠯᠤᠯᠲᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ 《ᠱᠠᠯᠠᠪᠳᠠᠭᠤᠯᠤᠨ ᠪᠠᠢ᠌ᠴᠠᠭ᠋ᠠᠬᠤ ᠵᠠᠷᠯᠠᠯ》᠎ᠤᠨ ᠱᠠᠭ᠋ᠠᠷᠳᠠᠯᠭ᠎ᠠ᠎ᠲᠠᠢ ᠪᠠᠷᠢᠮᠵᠢᠶᠠᠯᠠᠨ ᠬᠠᠷᠭᠤᠭᠤᠯᠵᠤ᠂ ᠬᠣᠰᠢᠭᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠳᠠᠯ᠎ᠠ᠎ᠪᠠᠷ ᠪᠦᠳᠦᠬᠡᠨ ᠪᠠᠢ᠌ᠭᠤᠯᠬᠤ ᠬᠠᠮᠢᠶ᠎ᠠ ᠪᠥᠬᠥᠶ ᠬᠢᠨᠠᠨ ᠰᠢᠯᠭ᠋ᠠᠬᠤ ᠨᠠᠷᠢᠨ ᠲᠦᠷᠢᠮ᠎ᠲᠠᠢ ᠤᠶᠠᠯᠳᠤᠭᠤᠯᠵᠤ᠂ ᠨᠢᠭᠡ᠎ᠠᠴᠠ ᠨᠥᠭᠥᠭᠡ ᠵᠢ ᠵᠦᠢᠴᠢᠯᠡᠨ ᠮᠡᠳᠡᠵᠦ᠂ ᠴᠠᠭ᠎ᠢ ᠠᠮᠵᠢᠨ ᠴᠡᠭᠴᠡᠯᠡᠨ ᠰᠠᠢ᠌ᠵᠢᠷᠠᠭᠤᠯᠵᠤ ᠳᠡᠭᠡᠭᠰᠢᠯᠡᠭᠦᠯᠬᠦ ᠠᠵᠢᠯ᠎ᠢ ᠰᠠᠢ᠌ᠲᠤᠷ ᠬᠢᠵᠦ᠂ ᠪᠥᠬᠥ ᠬᠣᠲᠠ ᠵᠢᠨ ᠡᠭᠦᠳᠦᠨ ᠪᠠᠢ᠌ᠭᠤᠯᠬᠤ ᠠᠵᠢᠯ᠎ᠳᠤ ᠤᠷᠠᠳ᠎ᠤᠨ ᠳᠤᠮᠳᠠᠳᠤ ᠬᠣᠰᠢᠭᠤᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ; ᠬᠣᠶᠠᠷ᠎ᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠡᠭᠦᠳᠦᠨ ᠪᠠᠢ᠌ᠭᠤᠯᠬᠤ᠎ᠳᠤ ᠵᠠᠪᠠᠯ ᠮᠡᠳᠡᠬᠦ 8 ᠲᠠᠯ᠎ᠠ ᠵᠢᠨ ᠠᠭᠤᠯᠭ᠎ᠠ ᠵᠢᠨ ᠲᠣᠭᠣᠷᠢᠨ᠎ᠳᠤ᠂ ᠬᠠᠷᠢᠶ᠎ᠠ ᠣᠷᠣᠨ᠎ᠳᠤ᠎ᠨᠢ ᠬᠠᠮᠢᠶᠠᠷᠤᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠵᠠᠷᠴᠢᠮ ᠶᠣᠰᠣᠭ᠋ᠠᠷ ᠤᠯᠠᠨ ᠶᠠᠩᠵᠤ ᠬᠡᠯᠪᠡᠷᠢ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠦᠳᠲᠡᠷ ᠲᠦᠷᠭᠡᠨ ᠵᠣᠬᠢᠶᠠᠨ ᠪᠠᠢ᠌ᠭᠤᠯᠤᠨ ᠥᠷᠨᠢᠭᠦᠯᠵᠦ᠂ ᠤᠬᠠᠭᠤᠯᠭ᠎ᠠ ᠬᠥᠮᠦᠵᠢᠯ᠎ᠤᠨ ᠠᠵᠢᠯ᠎ᠢ ᠡᠳᠦᠷ ᠳᠤᠳᠤᠮ᠎ᠤᠨ ᠠᠵᠢᠯ᠎ᠳᠤ᠎ᠪᠠᠨ ᠠᠭᠤᠰᠤᠯᠴᠠᠭᠤᠯᠵᠤ᠂ ᠪᠠᠢ᠌ᠩᠭᠤ ᠠᠳᠬᠤᠵᠤ᠂ ᠨᠢᠳᠤᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠠᠵᠢᠯ᠎ᠢ ᠬᠢᠬᠦ᠎ᠪᠠᠷ ᠪᠠᠷᠠᠬᠤ ᠦᠬᠡᠢ᠂ ᠪᠠᠰᠠ ᠶᠡᠬᠡ ᠬᠡᠮᠵᠢᠶᠡᠨ᠎ᠤ 《ᠨᠠᠮᠢᠷᠠᠭ᠎ᠠ ᠬᠤᠷ᠎ᠠ᠎ᠪᠠᠷ ᠲᠦᠮᠡᠨ ᠪᠤᠳᠠᠰ᠎ᠢ ᠤᠮᠳᠠᠯᠠᠬᠤ》 ᠶᠠᠪᠤᠳᠠᠯ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠵᠢᠷᠦᠬᠡ ᠰᠡᠳᠬᠢᠯ᠎ᠳᠤ᠎ᠨᠢ ᠬᠠᠳᠠᠩᠰᠢᠭᠤᠯᠬᠤ ᠬᠡᠷᠡᠭᠲᠡᠢ᠃ ᠭᠤᠷᠪᠠ᠎ᠳᠤ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠳᠠᠯᠠᠵᠤ᠂ 《ᠠᠷᠪᠠᠨ ᠨᠢᠭᠡ》 ᠵᠢ ᠡᠭᠦᠳᠦᠨ ᠪᠠᠢ᠌ᠭᠤᠯᠬᠤ ᠢᠨᠵᠧᠨᠧᠷᠢᠩ᠎ᠢ ᠦᠷᠭᠦᠯᠵᠢᠯᠡᠨ ᠰᠠᠢ᠌ᠲᠤᠷ ᠥᠷᠨᠢᠭᠦᠯᠵᠦ᠂ 《ᠠᠷᠪᠠ ᠪᠠᠢ᠌ᠬᠤ》 ᠪᠠᠷᠢᠮᠵᠢᠶ᠎ᠠ᠎ᠪᠠᠷ ᠭᠠᠷᠳᠠᠴᠠ ᠪᠤᠯᠭ᠋ᠠᠵᠤ᠂ 《ᠨᠠᠢᠮᠠ᠎ᠳᠤ ᠣᠷᠣᠭᠤᠯᠬᠤ + N》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠡᠯ᠎ᠡ ᠲᠦᠷᠦᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠎ᠠ ᠠᠳᠬᠤᠬᠤ ᠵᠢᠨ ᠬᠠᠮᠲᠤ᠂ ᠨᠡᠢ᠌ᠲᠡᠯᠢᠭ ᠲᠤᠷᠰᠢᠯᠭ᠎ᠠ ᠠᠷᠭ᠎ᠠ ᠠᠪᠴᠠᠯ᠎ᠢ ᠲᠠᠰᠤᠷᠠᠯᠲᠠ ᠥᠬᠡᠶ ᠳ᠋ᠦᠩᠨᠡᠵᠦ᠂ ᠠᠵᠢᠯ᠎ᠤᠨ ᠬᠢᠯᠠᠰ ᠴᠡᠭ᠎ᠢ ᠠᠭᠤᠳᠠᠯᠵᠤ᠂ ᠮᠠᠨ᠎ᠤ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ ᠳᠠᠭᠤᠷᠢᠶᠠᠯ᠎ᠤᠨ ᠵᠢᠱ᠌ᠢᠶ᠎ᠡ ᠦᠵᠡᠭᠦᠯᠬᠦ ᠴᠡᠭ᠎ᠢ ᠪᠥᠬᠥ ᠬᠦᠴᠦᠨ ᠵᠶ᠋ᠡᠷ ᠡᠭᠦᠳᠦᠨ ᠪᠠᠢ᠌ᠭᠤᠯᠵᠤ᠂ 《ᠨᠢᠭᠡ ᠵᠢᠱ᠌ᠢᠶ᠎ᠡ ᠦᠵᠡᠭᠦᠯᠬᠦ ᠭᠠᠵᠠᠷ᠎ᠢ ᠰᠣᠩᠭᠣᠨ ᠴᠣᠭᠴᠠᠯᠠᠬᠤ᠂ ᠨᠢᠭᠡ ᠬᠦᠷᠢᠶ᠎ᠡ ᠬᠡᠪᠴᠢᠶ᠎ᠡ ᠵᠢ ᠳᠠᠢ᠌ᠴᠢᠯᠠᠬᠤ᠂ ᠨᠢᠭᠡ ᠭᠠᠵᠠᠷ ᠣᠷᠣᠨ᠎ᠢ ᠬᠥᠲᠥᠯᠦᠨ ᠳᠠᠭ᠋ᠠᠭᠤᠯᠬᠤ》 ᠡᠭᠦᠳᠦᠨ ᠪᠠᠢ᠌ᠭᠤᠯᠬᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠬᠡᠵᠦ ᠴᠢᠬᠤᠯᠠᠴᠢᠯᠠᠪᠠ᠃

W020240408371219403692.jpg     

      ᠮᠡᠳᠡᠯᠭᠡ ᠵᠢᠨ ᠰᠢᠯᠭ᠋ᠠᠯᠲᠠ᠎ᠨᠢ ᠡᠭᠦᠳᠦᠨ ᠪᠠᠢ᠌ᠭᠤᠯᠬᠤ᠎ᠳᠤ ᠵᠠᠪᠠᠯ ᠮᠡᠳᠡᠬᠦ 8 ᠲᠠᠯ᠎ᠠ ᠵᠢᠨ ᠠᠭᠤᠯᠭ᠎ᠠ ᠪᠠ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠤ ᠪᠦᠯᠬᠦᠮᠳᠡᠯ᠎ᠤᠨ ᠮᠡᠳᠡᠬᠦ ᠶᠣᠰᠣᠲᠠᠢ ᠵᠠᠪᠠᠯ ᠴᠢᠳᠠᠬᠤ ᠶᠣᠰᠣᠲᠠᠢ ᠮᠡᠳᠡᠯᠭᠡ ᠵᠢᠨ ᠲᠤᠭᠤᠷᠢᠨ᠎ᠳᠤ᠂ ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠬᠤ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠪᠥᠬᠥ ᠬᠣᠰᠢᠭᠤᠨ᠎ᠤ ᠺᠠᠳ᠋ᠷᠴᠤᠳ᠎ᠤᠨ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠶ ᠣᠢ᠌ᠯᠠᠭ᠋ᠠᠯᠲᠠ ᠪᠠ ᠲᠠᠨᠢᠯᠲᠠ ᠵᠢ ᠴᠢᠩᠭ᠋ᠠᠳᠬᠠᠵᠤ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ ᠬᠠᠮᠢᠶ᠎ᠠ ᠪᠥᠬᠥᠶ ᠣᠨᠣᠯ᠎ᠤᠨ ᠮᠡᠳᠡᠯᠭᠡ ᠵᠢ ᠣᠢ᠌ᠯᠠᠭ᠋ᠠᠨ ᠮᠡᠳᠡᠷᠡᠬᠦ ᠨᠣᠷᠮ᠎ᠠ ᠵᠢ ᠳᠡᠭᠡᠭᠰᠢᠯᠡᠭᠦᠯᠪᠡ᠃

微信图片_20240412155308.jpg     

      ᠲᠣᠰ ᠤᠳᠠᠭ᠋ᠠᠨ᠎ᠤ ᠪᠣᠯᠪᠠᠰᠤᠷᠠᠯ ᠵᠢᠴᠢ ᠰᠢᠯᠭ᠋ᠠᠯᠲᠠ᠎ᠪᠠᠷ ᠳᠠᠮᠵᠢᠵᠤ᠂ ᠪᠥᠬᠥ ᠬᠣᠰᠢᠭᠤᠨ᠎ᠤ ᠺᠠᠳ᠋ᠷᠴᠤᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠵᠢ ᠡᠭᠦᠳᠬᠦ ᠣᠨᠣᠯ᠎ᠢ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠬᠤ᠂ ᠮᠥᠷᠳᠡᠨ ᠰᠤᠷᠤᠯᠴᠠᠬᠤ ᠲᠤᠯᠭ᠋ᠠᠮ ᠰᠡᠳᠬᠢᠯᠭᠡ᠂ ᠬᠠᠷᠢᠭᠤᠴᠠᠯᠭ᠋ᠠᠲᠤ ᠰᠡᠳᠬᠢᠯᠭᠡ ᠵᠢ ᠬᠥᠭᠵᠢᠭᠡᠵᠦ᠂ ᠪᠥᠬᠥ ᠺᠠᠳ᠋ᠷ ᠠᠵᠢᠯᠲᠠᠨ ᠠᠵᠢᠯᠴᠢᠨ᠎ᠤ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠲᠤᠬᠠᠶ ᠲᠠᠨᠢᠨ ᠮᠡᠳᠡᠬᠦᠶ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠬᠤ᠂ ᠰᠢᠯᠭ᠋ᠠᠯᠲᠠ᠎ᠪᠠᠷ ᠤᠬᠠᠮᠰᠠᠷ᠎ᠢ ᠠᠬᠢᠭᠤᠯᠬᠤ᠂ ᠰᠢᠯᠭ᠋ᠠᠯᠲᠠ᠎ᠪᠠᠷ ᠠᠵᠢᠯᠯᠠᠭ᠎ᠠ ᠵᠢ ᠠᠬᠢᠭᠤᠯᠬᠤ》 ᠬᠠᠷᠠᠯᠲᠠ᠎ᠳᠤ ᠬᠦᠷᠴᠦ ᠴᠢᠳᠠᠵᠠᠢ᠃


       ᠣᠷᠴᠢᠭᠤᠯᠤᠭᠴᠢ᠄ ᠣᠶᠤᠨᠰᠡᠴᠡᠨ
       ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
       ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠤᠷᠠᠳ᠎ᠤᠨ ᠳᠤᠮᠳᠠᠳᠤ ᠬᠣᠰᠢᠭᠤᠨ᠎ᠤ ᠦᠨᠳᠦᠰᠦᠲᠡᠨ᠎ᠤ ᠵᠥᠪᠯᠡᠯ