ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠵᠥᠪᠯᠡᠯ ᠪᠤᠯᠤᠨ ᠬᠤᠳᠠ ᠵᠢᠨ ᠬᠠᠮ ᠵᠠᠭᠤᠴᠢᠯᠠᠭᠤᠷ᠎ᠤᠨ ᠲᠥᠪ ᠬᠠᠮᠲᠤᠷᠠᠨ 《ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠲᠤᠬᠠᠢ ᠨᠡᠪᠲᠡᠷᠡᠭᠦᠯᠦᠭᠴᠢ ᠬᠡᠯᠡᠬᠦᠢ》 ᠲᠤᠰᠬᠠᠶ ᠪᠤᠯᠤᠩ ᠭᠠᠷᠭ᠋ᠠᠪᠠ
ᠨᠡᠶ᠋ᠢᠲᠡᠯᠡᠭᠰᠡᠨ ᠴᠠᠭ᠄ 2024-05-16

      《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠴᠢ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠤᠨ ᠬᠥᠮᠦᠵᠢᠭᠦᠯᠬᠦ ᠬᠡᠯᠪᠡᠷᠢ ᠵᠢ ᠪᠠᠶᠠᠯᠢᠭᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠣᠯᠠᠨ ᠲᠠᠯ᠎ᠠ᠎ᠪᠠᠷ ᠴᠢᠩᠭ᠋ᠠᠳᠬᠠᠵᠤ᠂ ᠤᠯᠠᠮᠵᠢᠯᠠᠯᠲᠤ ᠲᠧᠯᠸᠢᠰ ᠵᠠᠭᠤᠴᠢᠯᠠᠭᠤᠷ᠎ᠢ ᠪᠦᠲᠦᠮᠵᠢᠲᠡᠶ ᠠᠰᠢᠭᠯᠠᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠶ ᠳᠡᠯᠭᠡᠷᠡᠭᠦᠯᠵᠦ᠂ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠭᠦᠯᠬᠦ ᠬᠡᠮᠵᠢᠶ᠎ᠡ ᠪᠠ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠬᠦ ᠵᠢᠨ ᠲᠤᠰᠠᠳᠠ᠂ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠵᠥᠪᠯᠡᠯ᠎ᠤᠨ᠎ᠬᠢᠨ ᠬᠣᠲᠠ ᠵᠢᠨ ᠬᠠᠮ ᠵᠠᠭᠤᠴᠢᠯᠠᠭᠤᠷ᠎ᠤᠨ ᠲᠥᠪ᠎ᠲᠠᠢ ᠬᠠᠮᠲᠤᠷᠠᠨ 《ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠲᠤᠬᠠᠢ ᠨᠡᠪᠲᠡᠷᠡᠭᠦᠯᠦᠭᠴᠢ ᠬᠡᠯᠡᠬᠦᠢ 》 ᠲᠤᠰᠬᠠᠶ ᠰᠡᠳᠦᠪᠲᠦ ᠪᠤᠯᠤᠩ ᠭᠠᠷᠭ᠋ᠠᠪᠠ᠃
      《ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠲᠤᠬᠠᠢ ᠨᠡᠪᠲᠡᠷᠡᠭᠦᠯᠦᠭᠴᠢ ᠬᠡᠯᠡᠬᠦᠢ》 ᠲᠤᠰᠬᠠᠶ ᠰᠡᠳᠦᠪᠲᠦ ᠪᠤᠯᠤᠩ᠎ᠤᠨ ᠠᠭᠤᠯᠭ᠎ᠠ᠎ᠨᠢ ᠭᠣᠤᠯᠳᠠᠭᠤ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ ᠵᠢᠴᠢ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠦᠢ᠍ᠮᠤ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠡᠷᠭᠡ᠎ᠠᠴᠠ ᠢᠷᠡᠯᠲᠡ᠎ᠲᠠᠢ ᠶᠤᠮ᠃
       ᠨᠡᠪᠲᠡᠷᠡᠭᠦᠯᠦᠭᠴᠢ ᠵᠢᠨ ᠬᠡᠯᠡᠨ᠎ᠤ ᠨᠥᠯᠥᠭᠡᠯᠡᠬᠦ ᠬᠦᠴᠦᠨ ᠵᠶ᠋ᠡᠷ ᠳᠠᠮᠵᠢᠭᠤᠯᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ  ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠴᠢᠬᠤᠯᠠ ᠴᠢᠨᠠᠷ᠎ᠢ ᠢᠯᠡᠷᠡᠭᠦᠯᠬᠦ ᠵᠢᠨ ᠲᠥᠯᠥᠭᠡ᠂ ᠬᠣᠲᠠ ᠵᠢᠨ ᠬᠠᠮ ᠵᠠᠭᠤᠴᠢᠯᠠᠭᠤᠷ᠎ᠤᠨ ᠲᠥᠪ᠎ᠤᠨ ᠨᠡᠪᠲᠡᠷᠡᠭᠦᠯᠦᠭᠴᠢᠳ ᠴᠤᠭᠭ᠋ᠠᠷ ᠰᠢᠩᠭᠡᠭᠡᠨ ᠦᠢᠯᠡᠳᠬᠦ ᠠᠵᠢᠯ᠎ᠳᠤ ᠣᠷᠣᠯᠴᠠᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ᠂ ᠤᠯᠠᠭ᠋ᠠᠨᠴᠠᠪ ᠬᠣᠲᠠ ᠵᠢᠨ ᠷᠠᠳᠢᠣ᠋ ᠲᠧᠯᠸᠢᠰ ᠬᠣᠷᠢᠶ᠎ᠠ ᠵᠢᠨ 《ᠰᠣᠨᠢᠨ ᠮᠡᠳᠡᠭᠡᠨ᠎ᠤ ᠬᠠᠮᠲᠤᠷᠠᠭᠰᠠᠨ ᠨᠡᠪᠲᠡᠷᠡᠭᠦᠯᠭᠡ》 ᠵᠢᠨ ᠫᠷᠤᠭ᠌ᠷᠠᠮ᠎ᠤᠨ ᠰᠢᠵᠢᠷ ᠠᠯᠲᠠᠨ ᠴᠠᠭ᠎ᠲᠤ 10 ᠬᠤᠭᠤᠴᠠᠭ᠋ᠠᠨ᠎ᠤ 《ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ ᠲᠤᠬᠠᠢ ᠨᠡᠪᠲᠡᠷᠡᠭᠦᠯᠦᠭᠴᠢ ᠬᠡᠯᠡᠬᠦᠢ》 ᠲᠤᠰᠬᠠᠶ ᠰᠡᠳᠦᠪᠲᠦ ᠪᠤᠯᠤᠩ᠎ᠢ ᠨᠡᠬᠡᠬᠡᠪᠠ᠃ ᠲᠡᠷᠡᠴᠢᠯᠡᠨ ᠬᠤᠭᠤᠴᠠᠭ᠎ᠠ ᠪᠦᠷᠢ ᠵᠢᠨ ᠠᠭᠤᠯᠭ᠎ᠠ ᠵᠢ ᠡᠯ᠎ᠡ ᠣᠬᠣᠷ ᠸᠢᠳᠢᠣ᠋ ᠵᠢᠨ ᠲᠠᠪᠴᠠᠩ᠎ᠳᠤ ᠵᠡᠷᠭᠡ᠎ᠪᠠᠷ ᠨᠡᠪᠲᠡᠷᠡᠭᠦᠯᠵᠦ᠂ ᠤᠯᠠᠮᠵᠢᠯᠠᠯᠲᠤ ᠲᠧᠯᠸᠢᠰ ᠵᠠᠭᠤᠴᠢᠯᠠᠭᠤᠷ ᠪᠠ ᠣᠬᠣᠷ ᠸᠢᠳᠢᠣ᠋ ᠰᠢᠨ᠎ᠡ ᠵᠠᠭᠤᠴᠢᠯᠠᠭᠤᠷ᠎ᠤᠨ ᠬᠡᠷᠡᠭᠯᠡᠭᠴᠢᠳ᠎ᠲᠤ᠎ᠬᠢ ᠠᠳᠠᠯᠢ ᠳᠠᠪᠲᠠᠮᠵᠢᠲᠤ ᠤᠬᠠᠭᠤᠯᠭ᠎ᠠ ᠵᠢ ᠴᠢᠩᠭ᠋ᠠᠳᠬᠠᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ  ᠬᠣᠲᠠ ᠵᠢᠨ ᠪᠤᠰᠤᠳ ᠤᠬᠠᠭᠤᠯᠭ᠎ᠠ ᠬᠥᠮᠦᠵᠢᠯ᠎ᠢ ᠳᠡᠯᠭᠡᠷᠡᠭᠦᠯᠬᠦ ᠠᠵᠢᠯᠯᠠᠭ᠎ᠠ᠎ᠲᠠᠢ ᠵᠡᠷᠭᠡ᠎ᠪᠠᠷ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠥᠬᠥ ᠲᠠᠯ᠎ᠠ᠎ᠪᠠᠷ ᠪᠠᠳᠤᠳᠬᠠᠵᠤ᠂ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ᠃


   ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ

   ᠶᠡᠷᠤᠩᠬᠡᠢ ᠬᠢᠨᠠᠨ ᠣᠷᠴᠢᠭᠤᠯᠤᠭᠴᠢ᠄ ᠸᠠᠩ ᠰᠢᠤᠸᠠᠢ ᠳ᠋ᠦᠩ

ᠢᠷᠡᠯᠲᠡ᠄ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ