ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠨᠢᠩᠴᠧᠩ ᠰᠢᠶᠠᠨ᠎ᠤ ᠪᠢᠰᠡᠷ ᠪᠠᠯᠭ᠋ᠠᠰᠤ᠄ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠵᠤ ᠡᠶ᠎ᠡ ᠨᠠᠶ᠋ᠢᠷᠠᠮᠳᠠᠭᠤ ᠬᠡᠷ ᠣᠷᠣᠨ ᠵᠶ᠋ᠠᠨ ᠬᠠᠮᠲᠤ᠎ᠪᠠᠷ ᠪᠠᠢ᠌ᠭᠤᠯᠵᠤ ᠪᠣᠢ
ᠨᠡᠶ᠋ᠢᠲᠡᠯᠡᠭᠰᠡᠨ ᠴᠠᠭ᠄ 2024-05-31

      ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠨᠢᠩᠴᠧᠩ ᠰᠢᠶᠠᠨ᠎ᠤ ᠪᠢᠰᠠᠷ ᠪᠠᠯᠭ᠋ᠠᠰᠤ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠰᠢᠷᠢᠰ ᠠᠵᠢᠯᠯᠠᠭ᠎ᠠ ᠵᠢ ᠤᠯᠠᠨ ᠲᠠᠯ᠎ᠠ᠎ᠪᠠᠷ ᠬᠦᠴᠦᠯᠡᠨ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠪᠣᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠬᠣᠶᠠᠷ᠎ᠢ ᠠᠭᠤᠰᠤᠯᠴᠠᠭᠤᠯᠤᠨ ᠬᠣᠶᠠᠷ᠎ᠢ ᠠᠬᠢᠭᠤᠯᠬᠤ》 ᠵᠢ ᠪᠠᠷᠢᠮᠲᠠᠯᠠᠵᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠵᠤ ᠰᠡᠳᠬᠢᠯ ᠵᠶ᠋ᠠᠨ ᠨᠢᠭᠡᠳᠬᠡᠵᠦ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》 ᠴᠠᠭ ᠦᠶ᠎ᠡ ᠵᠢᠨ ᠬᠦᠭ ᠠᠶᠠᠰ᠎ᠢ ᠴᠢᠪᠬᠠᠳᠠᠵᠠᠢ᠃ 

      ᠨᠠᠮ᠎ᠤᠨ ᠪᠠᠶ᠋ᠢᠭᠤᠯᠤᠯᠲᠠ᠎ᠪᠠᠷ ᠬᠦᠳᠦᠯᠥᠨ ᠳᠠᠭ᠋ᠠᠭᠤᠯᠵᠤ᠂ ᠴᠢᠭᠯᠡᠯ᠎ᠢ ᠪᠠᠲᠤ ᠡᠵᠡᠮᠳᠡᠵᠦ᠂ ᠤᠯᠠᠭ᠋ᠠᠨ ᠠᠨᠠᠷ᠎ᠤᠨ ᠭᠡᠷ ᠣᠷᠣᠨ᠎ᠢ ᠪᠦᠳᠦᠭᠡᠨ ᠪᠠᠢ᠌ᠭᠤᠯᠪᠠ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠢ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ 《ᠶᠡᠷᠦᠩᠬᠡᠢ ᠭᠠᠷᠳᠠᠴᠠ》 ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠡᠷᠭᠡ ᠠᠵᠢᠯᠯᠠᠭ᠎ᠠ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠨᠠᠮ᠎ᠤᠨ ᠭᠡᠰᠢᠭᠦᠨ᠂ ᠤᠯᠠᠨ ᠲᠦᠮᠡᠨ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠤᠬᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠣᠶ᠋ᠢᠯᠠᠭ᠋ᠠᠭᠳᠠᠬᠤᠨ᠎ᠢ ᠡᠭᠡᠯ ᠠᠷᠠᠳ᠎ᠤᠨ ᠭᠡᠷ᠎ᠲᠤ ᠬᠦᠷᠭᠡᠪᠡ᠃ 《ᠤᠯᠠᠭ᠋ᠠᠨ ᠠᠨᠠᠷ ᠰᠡᠳᠬᠢᠯ᠎ᠢ ᠳᠤᠯᠠᠭ᠋ᠠᠴᠠᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ》 ᠵᠢᠨ ᠨᠠᠷᠠᠲᠤ ᠲᠡᠮᠳᠡᠭ᠎ᠢ ᠪᠣᠶ ᠪᠣᠯᠭ᠋ᠠᠵᠤ᠂ 《ᠰᠡᠳᠬᠢᠯ᠎ᠢ ᠳᠤᠯᠠᠭ᠋ᠠᠴᠠᠭᠤᠯᠤᠨ ᠰᠤᠷᠪᠤᠯᠵᠢᠯᠠᠬᠤ》᠂ 《ᠪᠠᠭᠤᠷᠠᠶ᠋ᠢᠴᠤᠳ᠎ᠢ ᠬᠠᠪᠰᠤᠷᠤᠨ ᠲᠡᠳᠬᠦᠬᠦ》᠂ 《ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ》 ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠵᠦ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠨᠢᠭᠲᠠ ᠠᠩᠬᠠᠷᠴᠤ᠂ ᠣᠯᠠᠨ ᠲᠦᠮᠡᠨ᠎ᠤ ᠬᠦᠴᠢᠷ ᠵᠣᠪᠠᠭᠤᠷᠢ ᠵᠢ ᠰᠢᠢ᠍ᠳᠪᠦᠷᠢᠯᠡᠪᠡ᠃

1.png 

      ᠬᠦᠮᠦᠰ᠎ᠢ ᠰᠤᠶᠤᠯᠵᠢᠭᠤᠯᠤᠭᠰᠠᠨ᠂ ᠵᠦᠭᠡᠯᠡᠨ ᠬᠤᠷ᠎ᠠ ᠲᠦᠮᠡᠨ ᠪᠣᠳᠠᠰ᠎ᠢ ᠤᠮᠳᠠᠯᠠᠭᠰᠠᠨ᠂ ᠣᠶᠤᠨ ᠰᠠᠨᠠᠭ᠋ᠠᠨ᠎ᠤ ᠬᠠᠮᠲᠤ ᠵᠢᠨ ᠭᠡᠷ ᠣᠷᠣᠨ᠎ᠢ ᠪᠦᠲᠦᠭᠡᠨ ᠪᠠᠢ᠌ᠭᠤᠯᠪᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠮᠡᠳᠡᠯᠭᠡ ᠵᠢᠨ ᠤᠷᠤᠯᠳᠤᠭ᠋ᠠᠨ᠎ᠢ ᠡᠷᠬᠢᠯᠡᠵᠦ᠂ ᠪᠦᠬᠦ ᠪᠠᠯᠭ᠋ᠠᠰᠤᠨ᠎ᠤ 20 ᠲᠣᠰᠬᠣᠨ᠎ᠤ 60 ᠨᠡᠷᠡᠰ ᠦᠨᠳᠦᠰᠦᠲᠡᠨ᠎ᠨᠦᠭᠦᠳ᠎ᠤᠨ ᠺᠠᠳ᠋ᠷ ᠤᠷᠤᠯᠳᠤᠭ᠋ᠠᠨ᠎ᠳᠤ ᠣᠷᠣᠯᠴᠠᠵᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠴᠤᠭ ᠪᠠᠳᠠᠷᠠᠩᠭᠤᠶ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠡᠷᠡᠰ ᠭᠤᠶ᠋ᠢᠪᠢᠰᠢ ᠦᠭᠡᠢ᠎ᠪᠠᠷ ᠨᠠᠮ ᠵᠶ᠋ᠠᠨ ᠳᠠᠭ᠋ᠠᠬᠤ ᠬᠦᠰᠡᠯᠡᠩ ᠢᠲᠡᠭᠡᠯ ᠵᠣᠷᠢᠭ᠎ᠢ ᠢᠳᠡᠪᠬᠢᠯᠡᠨ ᠪᠠᠳᠠᠷᠠᠭᠤᠯᠪᠠ᠃ ᠳᠡᠷᠭᠡᠳᠡᠬᠢ ᠬᠥᠮᠦᠰ᠎ᠤᠨ ᠵᠶ᠋ᠠᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ᠎ᠢ ᠰᠠᠶ᠋ᠢᠬᠠᠨ ᠶᠠᠷᠢᠵᠤ᠂ ᠯᠦᠸᠧ ᠵᠠᠩ ᠽᠢ ᠲᠣᠰᠬᠣᠨ᠎ᠤ ᠡᠮᠴᠢ ᠮᠦ᠍ ᠢᠦᠢ ᠰᠢᠶᠠᠨ᠂ ᠮᠠ ᠵᠠᠩ ᠽᠢ ᠲᠣᠰᠬᠣᠨ᠎ᠤ ᠠᠵᠢᠯ᠎ᠠᠴᠠ᠎ᠪᠠᠨ ᠠᠮᠠᠷᠠᠭᠰᠠᠨ ᠪᠠᠭᠰᠢ ᠵᠠᠩ ᠰᠤ᠌ ᠷᠦᠩ ᠵᠡᠷᠭᠡ ᠤᠯᠠᠨ ᠲᠦᠮᠡᠨ᠎ᠤ ᠳᠡᠷᠭᠡᠳᠡᠬᠢ ᠬᠥᠮᠦᠰ ᠵᠶ᠋ᠠᠷ ᠳᠠᠭᠤᠷᠢᠶᠠᠯ ᠪᠣᠯᠭ᠋ᠠᠬᠤ ᠵᠢᠨ ᠬᠠᠮᠲᠤ ᠦᠢ᠍ᠯᠡ ᠠᠵᠢᠯᠯᠠᠭ᠎ᠠ ᠵᠢ᠎ᠨᠢ ᠲᠣᠰᠬᠣᠨ᠎ᠤ ᠠᠷᠠᠳ᠎ᠤᠨ ᠳᠤᠭᠤᠶ᠋ᠢᠯᠠᠩ᠎ᠤᠨ ᠸᠢᠴᠠᠲ᠎ᠤᠨ ᠴᠤᠭᠯᠠᠷᠠᠯ᠎ᠲᠤ ᠳᠠᠮᠵᠢᠭᠤᠯᠪᠠ᠃ ᠲᠣᠰᠬᠣᠨ ᠪᠦᠬᠦᠨ᠎ᠤ ᠨᠡᠪᠲᠡᠷᠡᠭᠦᠯᠭᠡ᠎ᠪᠠᠷ ᠳᠠᠮᠵᠢᠭᠤᠯᠵᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠤᠬᠠᠭᠤᠯᠵᠤ᠂ ᠡᠷᠦᠬᠡ᠎ᠳᠤ ᠬᠦᠷᠴᠦ 《ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠲᠦ ᠳᠤᠲᠤᠨᠤ》 ᠭᠡᠬᠦ ᠤᠬᠠᠭᠤᠯᠭ᠎ᠠ ᠵᠢᠨ ᠭᠠᠷ ᠳᠡᠪᠲᠡᠷ᠎ᠢ 500 ᠭᠠᠷᠤᠶ ᠬᠤᠪᠢ ᠲᠠᠷᠬᠠᠭ᠋ᠠᠵᠤ᠂ 50 ᠬᠠᠭᠤᠳᠠᠰᠤ ᠤᠬᠠᠭᠤᠯᠭ᠎ᠠ ᠵᠢᠨ ᠪᠤᠳᠤᠭᠲᠤ ᠵᠢᠷᠤᠭ ᠨᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠤᠷᠠᠨ ᠰᠠᠶ᠋ᠢᠬᠠᠨ᠎ᠤ ᠬᠠᠮᠲᠤᠷᠠᠭᠰᠠᠨ ᠲᠣᠭᠯᠠᠯᠲᠠ ᠵᠢᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠵᠦ᠂ ᠬᠤᠪᠢᠰᠬᠠᠯ᠎ᠤᠨ ᠺᠢᠨᠣ᠋ ᠵᠢ ᠨᠡᠪᠲᠡᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠢ ᠮᠡᠳᠡᠷᠡᠬᠦ ᠰᠡᠳᠬᠢᠯᠭᠡ ᠵᠢ ᠲᠠᠰᠤᠷᠠᠯᠳᠠ ᠦᠭᠡᠢ ᠨᠡᠮᠡᠭᠳᠡᠭᠦᠯᠪᠡ᠃

2.png

   3.png 

      ᠠᠵᠤ ᠦᠢ᠍ᠯᠡᠰ᠎ᠢ ᠬᠦᠭᠵᠢᠭᠦᠯᠬᠦ᠎ᠳᠤ᠂ ᠡᠬᠢ ᠰᠤᠷᠪᠤᠯᠵᠢ ᠵᠢ᠎ᠨᠢ ᠠᠮᠢᠯᠠᠭᠤᠯᠵᠤ᠂ ᠵᠣᠯ ᠵᠢᠷᠭ᠋ᠠᠯᠲᠤ ᠰᠠᠢ᠍ᠢ᠍ᠨ ᠰᠠᠶ᠋ᠢᠬᠠᠨ ᠭᠡᠷ ᠣᠷᠣᠨ᠎ᠢ ᠪᠦᠳᠦᠭᠡᠨ ᠪᠠᠢ᠌ᠭᠤᠯᠪᠠ᠃ 《ᠴᠠᠳᠬᠠᠬᠤ ᠵᠢ ᠬᠠᠮᠢᠶᠠᠷᠬᠤ》᠂ 《ᠤᠶᠤᠨ ᠤᠬᠠᠭ᠋ᠠᠨ᠎ᠢ ᠬᠠᠮᠢᠶᠠᠷᠬᠤ》 ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ 《ᠵᠣᠭᠣᠰ ᠵᠶ᠋ᠠᠷ ᠪᠠᠶᠠᠵᠢᠭᠤᠯᠬᠤ》 《ᠤᠬᠠᠭ᠋ᠠᠨ ᠵᠶ᠋ᠠᠷ ᠪᠠᠶᠠᠵᠢᠭᠤᠯᠬᠤ》 ᠵᠢ ᠵᠡᠷᠭᠡ᠎ᠪᠠᠷ ᠴᠢᠬᠤᠯᠠᠴᠢᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠪᠠ᠃ ᠠᠵᠤ ᠦᠢ᠍ᠯᠡᠰ ᠵᠶ᠋ᠠᠷ ᠬᠥᠳᠡᠯᠭᠡᠭᠦᠷ ᠪᠣᠯᠭ᠋ᠠᠬᠤ ᠵᠢ ᠪᠠᠷᠢᠮᠳᠠᠯᠠᠵᠤ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠵᠤ᠂ ᠮᠢᠩᠭ᠋ᠠᠨ ᠮᠥ᠍ ᠢᠳᠡᠭᠡᠨ᠎ᠤ ᠮᠥᠭᠥ ᠵᠢᠨ ᠬᠦᠢ᠍ᠲᠡᠨ ᠰᠠᠷᠠᠪᠴᠢ᠂ ᠮᠠᠭᠤᠳᠠᠭᠰᠠᠨ ᠣᠶ ᠵᠢᠨ ᠬᠡᠰᠡᠭᠯᠡᠯ᠎ᠤᠨ ᠥᠭᠡᠷᠡᠴᠢᠯᠡᠯᠲᠡ᠂ ᠪᠠᠷᠠᠭᠤᠨ ᠬᠠᠷᠨᠤᠳ ᠵᠢᠨ ᠶᠠᠳᠠᠭᠤ ᠵᠢ ᠲᠡᠳᠬᠦᠬᠦ ᠦᠢ᠍ᠯᠡᠳᠪᠦᠷᠢ ᠵᠢᠨ ᠲᠠᠰᠤᠭ ᠵᠡᠷᠭᠡ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ ᠲᠣᠰᠬᠣᠨ᠎ᠤ ᠠᠷᠠᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ᠎ᠢ ᠲᠠᠰᠤᠷᠠᠯᠲᠠ ᠥᠬᠡᠶ ᠦᠷᠭᠡᠳᠬᠡᠪᠡ᠃ ᠨᠤᠲᠤᠭ᠎ᠤᠨ ᠵᠤᠭ᠋ᠠᠴᠠᠯ᠎ᠤᠨ ᠡᠬᠢ ᠪᠠᠶᠠᠯᠢᠭ᠎ᠢ ᠭᠦᠢ᠍ᠴᠡᠳ ᠠᠭᠤᠳᠠᠯᠵᠤ᠂ 《ᠭᠤᠤᠯᠳᠤ ᠪᠣᠷᠤ ᠴᠡᠴᠡᠭ᠎ᠤᠨ ᠰᠣᠶᠣᠯ᠎ᠤᠨ ᠨᠠᠶ᠋ᠢᠷ᠂ ᠳᠤᠭᠤᠯᠠᠭᠲᠤ ᠵᠢᠨ ᠠᠭᠤᠢ ᠵᠢᠨ ᠰᠦᠮ᠎ᠡ ᠵᠢᠨ ᠬᠤᠷᠠᠯ》᠎ᠢ ᠡᠷᠬᠢᠯᠡᠵᠦ᠂ ᠳᠤᠭᠤᠯᠠᠭᠲᠤ ᠵᠢᠨ ᠠᠭᠤᠢ ᠵᠢᠨ ᠰᠦᠮ᠎ᠡ ᠵᠢᠨ ᠵᠠᠭᠤᠨ ᠬᠥᠮᠦᠨ᠎ᠤ ᠵᠤᠭ᠋ᠠᠴᠠᠯ᠎ᠤᠨ ᠠᠵᠢᠯᠯᠠᠭ᠎ᠠ ᠥᠷᠨᠢᠭᠦᠯᠵᠦ᠂ ᠰᠣᠶᠣᠯ ᠵᠤᠭ᠋ᠠᠴᠠᠯ ᠵᠶ᠋ᠠᠷ ᠬᠥᠭᠵᠢᠯᠲᠡ ᠵᠢ ᠠᠬᠢᠭᠤᠯᠪᠠ᠃ 《ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠥᠬᠡᠶ》 ᠭᠡᠳᠡᠭ᠎ᠢ ᠪᠠᠷᠢᠮᠲᠠᠯᠠᠵᠤ᠂ 《ᠨᠠᠮ᠎ᠤᠨ ᠡᠭᠦᠷ ᠲᠥᠷᠥᠭᠦᠯᠬᠦ᠂ ᠨᠠᠮ᠎ᠤᠨ ᠭᠡᠰᠢᠭᠦᠨ ᠵᠢᠱ᠌ᠢᠶ᠎ᠡ ᠦᠵᠡᠭᠦᠯᠬᠦ᠂ ᠣᠯᠠᠨ ᠲᠦᠮᠡᠨ ᠣᠷᠣᠯᠴᠠᠬᠤ》 ᠠᠵᠤ ᠦᠢ᠍ᠯᠡᠰ᠎ᠤᠨ ᠬᠥᠭᠵᠢᠯᠲᠡ ᠵᠢᠨ ᠵᠠᠭᠪᠤᠷ᠎ᠢ ᠬᠠᠶ᠋ᠢᠨ ᠰᠦᠪᠡᠭᠴᠢᠯᠡᠵᠦ᠂ 《ᠲᠣᠰᠬᠣᠨ᠎ᠤ ᠠᠷᠠᠳ ᠲᠣᠰᠬᠣᠨ᠎ᠠᠴᠠ᠎ᠪᠠᠨ ᠭᠠᠷᠬᠤ ᠥᠬᠡᠶ᠎ᠪᠠᠷ ᠪᠠᠶᠠᠵᠢᠵᠤ ᠳᠡᠶ᠋ᠢᠯᠬᠦ》 ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠭᠢᠳᠦᠭᠰᠡᠨ ᠮᠠᠶᠢᠭ᠎ᠤᠨ ᠬᠥᠭᠵᠢᠯᠲᠡ ᠵᠢ ᠠᠬᠢᠭᠤᠯᠵᠤ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ ᠨᠡᠶ᠋ᠢᠯᠡᠮᠡᠯ ᠬᠦᠴᠦᠨ᠎ᠢ ᠨᠢᠭᠲᠠᠷᠠᠭᠤᠯᠪᠠ᠃

4.png    

      ᠬᠠᠤᠯᠢ ᠵᠢᠨ ᠵᠠᠰᠠᠯᠲᠠ᠎ᠪᠠᠷ ᠠᠶᠠᠯᠠᠯ᠎ᠢ ᠬᠠᠮᠠᠭ᠋ᠠᠯᠠᠵᠤ᠂ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠵᠤ᠂ ᠠᠮᠤᠷ ᠠᠮᠤᠭᠤᠯᠠᠩ ᠡᠶ᠎ᠡ ᠵᠣᠬᠢᠴᠠᠩᠭᠤᠢ ᠭᠡᠷ ᠣᠷᠣᠨ᠎ᠢ ᠪᠦᠳᠦᠭᠡᠨ ᠪᠠᠢ᠌ᠭᠤᠯᠪᠠ᠃ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢ ᠰᠢᠯᠢᠳᠡᠭᠵᠢᠭᠦᠯᠵᠦ᠂ ᠲᠣᠣᠷᠵᠢᠯ᠎ᠤᠨ ᠦᠨᠳᠦᠰᠦᠨ ᠱᠠᠲᠤᠨ᠎ᠤ ᠵᠠᠰᠠᠯᠲᠠ᠎ᠳᠠᠬᠢ 《ᠬᠠᠮᠤᠭ᠎ᠤᠨ ᠪᠠᠭ᠎ᠠ ᠨᠢᠭᠡᠴᠢ》 ᠵᠢᠨ ᠰᠠᠭᠤᠷᠢ ᠦᠢ᠍ᠯᠡᠳᠦᠯ᠎ᠢ ᠪᠠᠳᠠᠷᠠᠭᠤᠯᠵᠤ᠂ ᠲᠣᠣᠷᠵᠢᠯ᠎ᠤᠨ ᠠᠵᠢᠯᠳᠠᠨ᠎ᠢ ᠴᠢᠩᠭ᠎ᠠ ᠰᠣᠩᠭᠣᠨ ᠲᠤᠬᠢᠷᠠᠭᠤᠯᠵᠤ᠂ ᠨᠠᠮ᠎ᠤᠨ ᠭᠡᠰᠢᠭᠦᠨ᠂ ᠵᠢᠱ᠌ᠢᠶᠡᠴᠢ ᠬᠤᠪᠢ ᠬᠥᠮᠦᠨ᠂ ᠨᠤᠲᠤᠭ᠎ᠤᠨ ᠮᠡᠷᠭᠡᠳ᠎ᠢ ᠡᠯᠰᠡᠨ ᠲᠣᠣᠷᠵᠢᠯ᠎ᠤᠨ ᠠᠵᠢᠯᠳᠠᠨ᠎ᠤ ᠲᠤᠰᠢᠶᠠᠯ᠎ᠢ ᠡᠭᠦᠷᠭᠡᠯᠡᠭᠦᠯᠵᠦ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠢ  ᠠᠬᠢᠭᠤᠯᠪᠠ᠃ ᠶᠣᠰᠣ ᠰᠤᠷᠲᠠᠬᠤᠨ ᠵᠶ᠋ᠠᠷ ᠵᠠᠰᠠᠬᠤ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠲᠣᠰᠬᠣᠨ᠎ᠤ ᠲᠦᠷᠢᠮ ᠠᠷᠠᠳ᠎ᠤᠨ ᠭᠡᠷ᠎ᠡ᠎ᠳᠤ ᠣᠷᠤᠭᠤᠯᠪᠠ᠃ ᠬᠠᠤᠯᠢ᠎ᠪᠠᠷ ᠵᠠᠰᠠᠬᠤ ᠪᠠᠲᠤᠯᠠᠭ᠎ᠠ ᠵᠢ ᠰᠢᠯᠢᠳᠡᠭᠵᠢᠭᠦᠯᠵᠦ᠂ ᠪᠠᠯᠭ᠋ᠠᠰᠤᠨ᠎ᠤ ᠬᠠᠤᠯᠢ ᠴᠠᠭ᠋ᠠᠵᠠ ᠵᠢᠨ ᠭᠠᠵᠠᠷ ᠵᠶ᠋ᠠᠷ ᠲᠦᠷᠦᠭᠦᠯᠡᠭᠦᠯᠵᠦ᠂ ᠲᠠᠷᠢᠶᠠᠯᠠᠩ᠎ᠤᠨ ᠠᠵᠤ ᠠᠬᠤᠢ ᠵᠢᠨ ᠦᠷᠳᠡᠬᠡ᠎ᠪᠠᠷ ᠬᠠᠪᠰᠤᠷᠤᠭᠤᠯᠵᠤ᠂ ᠬᠠᠪᠤᠷ᠎ᠤᠨ ᠲᠠᠷᠢᠶᠠᠯᠠᠭ᠎ᠠ ᠵᠢᠨ ᠴᠠᠭ ᠦᠶ᠎ᠡ᠎ᠳᠤ ᠲᠠᠷᠢᠶᠠᠨ ᠭᠠᠵᠠᠷ᠎ᠲᠤ ᠭᠦᠨᠵᠡᠭᠡᠶ᠋ᠢᠷᠡᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠬᠠᠤᠯᠢ᠎ᠪᠠᠷ ᠵᠠᠰᠠᠬᠤ ᠵᠢ ᠬᠥᠳᠡᠭᠡ ᠲᠣᠰᠬᠣᠨ᠎ᠳᠤ ᠬᠦᠷᠭᠡᠬᠦ ᠠᠵᠢᠯᠯᠠᠭ᠎ᠠ ᠵᠢ ᠥᠷᠨᠢᠭᠦᠯᠵᠦ᠂ 50 ᠭᠠᠷᠤᠢ ᠲᠠᠷᠢᠶᠠᠨ ᠭᠠᠵᠠᠷ᠎ᠤᠨ ᠵᠢᠭᠤᠷᠠᠯᠳᠤᠭ᠋ᠠᠨ᠎ᠢ ᠨᠠᠮᠳᠠᠭᠤᠯᠵᠤ᠂ ᠲᠣᠰᠬᠣᠨ᠎ᠤ ᠠᠷᠠᠳ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠪᠦᠯᠬᠦᠮᠳᠡᠨ ᠨᠢᠭᠡᠳᠴᠦ᠂ ᠬᠠᠷᠢᠯᠴᠠᠨ ᠬᠦᠨᠳᠦᠳᠬᠡᠵᠦ ᠬᠠᠷᠢᠯᠴᠠᠨ ᠬᠠᠶ᠋ᠢᠷᠠᠯᠠᠵᠤ᠂ ᠤᠬᠠᠮᠰᠠᠷ᠎ᠠᠴᠠ᠎ᠪᠠᠨ ᠬᠠᠤᠯᠢ ᠵᠢ ᠰᠠᠬᠢᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠵᠦ᠂ ᠬᠠᠤᠯᠢ ᠵᠢᠨ ᠵᠠᠰᠠᠯᠲᠠ᠎ᠪᠠᠷ ᠦᠨᠳᠦᠰᠦᠲᠡᠨ᠎ᠤ ᠪᠦᠯᠬᠦᠮᠳᠡᠯ᠎ᠢ ᠪᠠᠲᠤᠯᠠᠪᠠ᠃ 
   

 

 

 

            ᠣᠷᠴᠢᠭᠤᠯᠤᠭᠴᠢ᠄ ᠤᠶᠤᠨᠲᠠᠨ᠎ᠠ
           ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

 

 

 

 

ᠢᠷᠡᠯᠲᠡ᠄ ᠤᠯᠠᠭ᠋ᠠᠨᠬᠠᠳᠠ ᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ