ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ᠄ ᠬᠢᠯᠢ ᠬᠢᠵᠠᠭ᠋ᠠᠷ᠎ᠤᠨ ᠲᠠᠯ᠎ᠠ ᠨᠤᠲᠤᠭ᠎ᠲᠤ 《ᠠᠨᠠᠷ᠎ᠤᠨ ᠴᠡᠴᠡᠭ》 ᠮᠢᠷᠠᠯᠵᠠᠨ ᠳᠡᠯᠭᠡᠷᠡᠨᠡᠮ
ᠨᠡᠶ᠋ᠢᠲᠡᠯᠡᠭᠰᠡᠨ ᠴᠠᠭ᠄ 2024-06-13

      ᠦᠨᠢᠷ ᠳᠠᠩᠰᠤᠭ ᠳᠠᠷᠬᠠᠨ ᠮᠤᠤᠮᠢᠩᠭ᠋ᠠᠨ᠎ᠤ ᠲᠠᠯ᠎ᠠ ᠨᠤᠲᠤᠭ᠎ᠨᠢ ᠥᠷᠭᠡᠨ ᠠᠭᠤᠳᠠᠮ᠂ ᠡᠳ᠋  ᠪᠠᠶᠠᠯᠢᠭ᠂ ᠦᠵᠡᠮᠵᠢ ᠰᠠᠢ᠌ᠬᠠᠨ ᠪᠠᠢ᠌ᠳᠠᠭ ᠪᠦᠭᠡᠳ ᠤᠮᠠᠷᠠᠰᠢ ᠨᠡᠭᠡᠭᠡᠯᠲᠡ ᠬᠢᠬᠦ ᠬᠥᠭᠥᠷᠭᠡᠨ ᠪᠡᠬᠢᠯᠡᠯᠲᠡ ᠪᠠ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠤ ᠬᠦᠴᠦᠨ ᠨᠡᠮᠡᠷᠢᠯᠡᠬᠦ ᠬᠦᠨᠳᠦ ᠡᠭᠦᠷᠭᠡ ᠵᠢ ᠡᠭᠦᠷᠭᠡᠯᠡᠭᠰᠡᠨ ᠮᠠᠨᠳᠤᠯ᠎ᠠ ᠪᠣᠭᠣᠮᠲᠠ᠎ᠲᠠᠢ᠂ ᠪᠠᠰᠠ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ》᠂ 《ᠰᠡᠳᠬᠢᠯ ᠵᠶ᠋ᠡᠨ ᠨᠢᠭᠡᠳᠬᠡᠵᠦ ᠬᠦᠴᠦ᠎ᠪᠠᠨ ᠬᠠᠮᠳᠤᠳᠬᠠᠨ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢ ᠪᠦᠳᠦᠭᠡᠨ ᠪᠠᠢ᠌ᠭᠤᠯᠤᠭᠰᠠᠨ》 ᠵᠡᠷᠭᠡ ᠬᠤᠪᠢᠰᠬᠠᠯᠳᠤ ᠦᠯᠢᠭᠡᠷ᠎ᠲᠠᠢ ᠪᠢᠯᠡ᠃
      ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠡᠯ᠎ᠡ ᠭᠠᠵᠠᠷ ᠵᠶ᠋ᠠᠷ ᠬᠦᠷᠬᠦ᠎ᠳᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠳᠦᠰᠦᠲᠡᠨ᠎ᠤ ᠪᠦᠯᠬᠦᠮᠳᠡᠯ᠎ᠤᠨ 《ᠠᠨᠠᠷ᠎ᠤᠨ ᠴᠡᠴᠡᠭ》 ᠨᠡᠯᠦᠭᠡᠷ ᠠᠭᠤᠳᠠᠮ ᠲᠠᠯ᠎ᠠ ᠨᠤᠲᠤᠭ᠎ᠲᠤ ᠪᠠᠳᠠᠷᠠᠨ ᠳᠡᠯᠭᠡᠷᠡᠭᠰᠡᠨ ᠪᠠᠢ᠌ᠳᠠᠭ᠃ ᠣᠯᠠᠨ ᠵᠢᠯ᠎ᠤᠨ ᠲᠤᠷᠰᠢ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠠᠬ᠎ᠠ ᠳᠡᠭᠦᠦ ᠮᠡᠳᠦ ᠲᠤᠳᠤᠨᠤ ᠶᠠᠪᠤᠯᠴᠠᠵᠤ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ᠎ᠨᠦᠭᠦᠳ ᠡᠶ᠎ᠡ ᠨᠠᠢ᠌ᠷᠲᠠᠢ᠎ᠪᠠᠷ ᠬᠠᠮᠲᠤ ᠣᠷᠣᠰᠢᠵᠤ᠂ ᠰᠡᠳᠬᠢᠯ ᠵᠶ᠋ᠠᠨ ᠨᠢᠭᠡᠳᠭᠡᠨ ᠬᠦᠴᠦ᠎ᠪᠠᠨ ᠬᠠᠮᠲᠤᠳᠬᠠᠵᠤ᠂ ᠡᠶ᠎ᠡ ᠵᠤᠬᠢᠴᠠᠩᠭᠤᠢ᠎ᠪᠠᠷ ᠬᠥᠭᠵᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠠᠭᠤᠷ ᠠᠮᠢᠰᠬᠤᠯ᠎ᠢ ᠤᠯᠠᠮ ᠭᠦᠨ ᠵᠤᠵᠠᠭ᠋ᠠᠨ ᠪᠣᠯᠭ᠋ᠠᠵᠠᠢ᠃ 
      ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠴᠠᠭ᠋ᠠᠨ ᠬᠠᠳᠠ ᠰᠤᠮᠤᠨ᠎ᠳᠤ ᠡᠬᠡ ᠤᠯᠤᠰ᠎ᠤᠨ ᠬᠢᠯᠢ ᠳᠡᠭᠡᠷ᠎ᠡ ᠰᠢᠭᠢᠳᠬᠡᠭᠰᠡᠨ ᠨᠢᠭᠡᠨ 《ᠠᠨᠠᠷ᠎ᠤᠨ ᠦᠷ᠎ᠡ》 ᠵᠢᠨ ᠡᠩᠨᠡᠭᠡ ᠪᠤᠢ᠂ ᠳᠡᠳᠡᠨᠠᠷ ᠪᠣᠯ ᠬᠠᠷᠢᠶᠠᠳᠤ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠ᠎ᠠᠴᠠ  12 ᠨᠠᠮ᠎ᠤᠨ ᠭᠡᠰᠢᠭᠦᠨ ᠪᠠ 29 ᠨᠠᠷᠡᠰ ᠡᠭᠡᠯ ᠠᠷᠠᠳ᠎ᠢ ᠰᠢᠯᠢᠨ ᠰᠣᠩᠭᠣᠵᠤ᠂ ᠪᠤᠯᠪᠠᠰᠤᠷᠠᠯ ᠬᠦᠷᠳᠡᠭᠡᠭᠰᠡᠨ 《ᠠᠨᠠᠷ᠎ᠤᠨ ᠦᠷ᠎ᠡ ᠬᠢᠯᠢ ᠬᠠᠮᠠᠭ᠋ᠠᠯᠠᠭᠴᠢ》 ᠵᠢᠨ ᠡᠩᠨᠡᠭᠡ ᠪᠤᠯᠤᠨ᠎ᠠ᠃ ᠲᠡᠳᠡ ᠬᠢᠯᠢ ᠬᠢᠵᠠᠭ᠋ᠠᠷ᠎ᠢ ᠪᠠᠢ᠌ᠴᠠᠭ᠋ᠠᠬᠤ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠵᠢᠭᠤᠷᠠᠯᠳᠤᠭ᠋ᠠᠨ᠎ᠢ ᠰᠢᠢ᠍ᠳᠪᠦᠷᠢᠯᠡᠵᠦ᠂ ᠬᠡᠷᠡᠭᠴᠡᠭᠡ᠎ᠲᠠᠢ ᠭᠠᠵᠠᠷ ᠪᠣᠯᠭ᠋ᠠᠨ᠎ᠳᠤ ᠲᠡᠳᠡᠨ᠎ᠤ ᠪᠠᠷ᠎ᠠ ᠵᠢ ᠬᠡᠵᠢᠶᠡᠳᠡ ᠣᠯᠵᠤ ᠬᠠᠷᠠᠳᠠᠭ᠃ ᠡᠨᠡ ᠵᠢᠯ 50 ᠨᠠᠰᠤᠲᠠᠢ ᠰᠠᠷᠠᠨᠲᠤᠶᠠᠭ᠎ᠠ ᠴᠦ᠍ ᠬᠢᠯᠢ ᠬᠠᠮᠠᠭ᠋ᠠᠯᠠᠭᠴᠢ ᠡᠩᠨᠡᠭᠡ ᠵᠢᠨ ᠨᠢᠭᠡ ᠭᠡᠰᠢᠭᠦᠨ ᠶᠤᠮ᠂ ᠬᠢᠯᠢ ᠬᠠᠮᠠᠭ᠋ᠠᠯᠠᠭᠴᠢ ᠡᠩᠨᠡᠭᠡ᠎ᠳᠤ ᠤᠷᠤᠯᠴᠠᠭᠰᠠᠨ ᠬᠣᠷᠢ ᠭᠠᠷᠤᠢ ᠵᠢᠯ᠎ᠤᠨ ᠲᠤᠷᠰᠢ᠂ ᠬᠠᠬᠢᠷ ᠬᠦᠢ᠍ᠲᠡᠨ ᠠᠭ᠋ᠠᠭᠢᠮ᠎ᠠ ᠬᠠᠯᠠᠭᠤᠨ᠎ᠢ ᠬᠠᠢ᠌ᠬᠤᠷᠤᠯ ᠦᠭᠡᠢ᠂ ᠬᠢᠯᠢ᠎ᠪᠠᠷ ᠲᠡᠭᠦᠨ᠎ᠤ ᠪᠠᠷ᠎ᠠ ᠵᠢ ᠬᠡᠵᠢᠶᠡᠳᠡ ᠣᠯᠵᠤ ᠬᠠᠷᠠᠳᠠᠭ᠃ ᠬᠢᠯᠢ ᠬᠢᠵᠠᠭ᠋ᠠᠷ ᠣᠷᠣᠨ᠎ᠢ ᠬᠠᠮᠠᠭ᠋ᠠᠯᠠᠬᠤ ᠤᠭ ᠰᠠᠨᠠᠭ᠎ᠠ ᠵᠢᠨ ᠲᠤᠬᠠᠢ ᠶᠠᠷᠢᠬᠤ᠎ᠳᠤ᠎ᠪᠠᠨ ᠲᠡᠷᠡ᠄ 《ᠬᠢᠯᠢ ᠬᠢᠵᠠᠭ᠋ᠠᠷ ᠣᠷᠣᠨ᠎ᠢ ᠬᠠᠮᠠᠭ᠋ᠠᠯᠠᠬᠤ ᠪᠣᠯ ᠤᠯᠤᠰ᠎ᠤᠨ ᠶᠠᠪᠤᠳᠠᠯ᠂ ᠮᠦᠨ ᠴᠦ᠍ ᠮᠠᠯᠴᠢᠳ᠎ᠤᠨ ᠶᠠᠪᠤᠳᠠᠯ᠂ ᠤᠯᠤᠰ᠎ᠤᠨ ᠬᠢᠯᠢ ᠬᠢᠵᠠᠭ᠋ᠠᠷ ᠡᠩᠬᠡ ᠲᠠᠢ᠌ᠪᠤᠩ ᠦᠭᠡᠢ ᠪᠣᠯ ᠮᠠᠨ᠎ᠤ ᠮᠠᠯᠴᠢᠳ᠎ᠤᠨ ᠵᠣᠯ ᠵᠢᠷᠭ᠋ᠠᠯᠲᠤ ᠠᠮᠢᠳᠤᠷᠠᠯ ᠪᠠᠢ᠌ᠵᠤ ᠴᠢᠳᠠᠬᠤ ᠦᠭᠡᠢ᠂ ᠲᠠᠯ᠎ᠠ ᠨᠤᠲᠤᠭ᠎ᠤᠨ ᠬᠡᠦᠬᠡᠳ ᠪᠣᠯᠤᠭᠰᠠᠨ᠎ᠤ ᠬᠤᠪᠢ᠎ᠳᠤ᠂ ᠪᠢ ᠪᠠᠰᠠ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠤ ᠲᠥᠯᠥᠭᠡ ᠥᠪᠡᠷ᠎ᠤᠨ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ》 ᠭᠡᠪᠡ᠃

1.jpg     

       ᠰᠠᠷᠠᠨᠳᠤᠶᠠᠭ᠎ᠠ ᠪᠣᠯᠣᠨ ᠠᠷᠠᠳ᠎ᠤᠨ ᠴᠠᠭᠳᠠᠭ᠎ᠠ ᠬᠢᠯᠢ᠎ᠪᠠᠷ ᠪᠠᠢ᠌ᠴᠠᠭ᠋ᠠᠵᠦ ᠪᠠᠢ᠌ᠭ᠎ᠠ᠎ᠨᠢ
       ᠴᠠᠭᠳᠠᠭ᠎ᠠ ᠵᠢᠨ ᠬᠦᠴᠦᠨ ᠬᠢᠵᠠᠭ᠋ᠠᠷ᠎ᠲᠠᠢ ᠴᠦ᠍ ᠭᠡᠰᠡᠨ᠂ ᠠᠷᠠᠳ᠎ᠤᠨ ᠬᠦᠴᠦᠨ ᠬᠢᠵᠠᠭ᠋ᠠᠯᠠᠰᠢ ᠦᠭᠡᠢ ᠶᠤᠮ᠂ ᠲᠠᠳᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠢᠯᠢ ᠬᠢᠵᠠᠭ᠋ᠠᠷ᠎ᠢ ᠰᠠᠬᠢᠵᠤ  ᠰᠡᠷᠭᠡᠢ᠌ᠯᠡᠯᠳᠡ᠎ᠪᠠᠨ ᠪᠡᠬᠢᠵᠢᠭᠦᠯᠬᠦ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠨᠢᠭᠲᠠᠷᠠᠭᠤᠯᠤᠭᠰᠠᠨ ᠪᠥᠭᠡᠳ ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠴᠦ᠍ ᠬᠢᠯᠢ ᠬᠢᠵᠠᠭ᠋ᠠᠷ ᠤᠷᠤᠨ᠎ᠳᠤ ᠥᠨᠢᠳᠡ ᠪᠠᠳᠠᠷᠠᠭᠤᠯᠤᠨ ᠳᠡᠯᠭᠡᠷᠡᠭᠦᠯᠵᠡᠢ᠃ ᠬᠢᠯᠢ ᠬᠢᠵᠠᠭ᠋ᠠᠷ᠎ᠤᠨ ᠲᠠᠯ᠎ᠠ ᠨᠤᠲᠤᠭ᠎ᠤᠨ ᠬᠥᠭᠵᠢᠯᠲᠡ ᠵᠢᠨ ᠦᠢ᠍ᠯᠡᠳᠦᠯᠭᠡ ᠳᠤᠮᠳᠠ᠂ ᠦᠵᠡᠰᠬᠦᠯᠡᠩᠲᠦ ᠰᠠᠢ᠌ᠬᠠᠨ ᠭᠡᠷ ᠣᠷᠣᠨ ᠵᠶ᠋ᠠᠨ ᠰᠠᠢ᠌ᠲᠤᠷ ᠪᠦᠲᠦᠭᠡᠨ ᠪᠠᠢ᠌ᠭᠤᠯᠵᠦ᠂ ᠦᠨᠳᠦᠰᠦᠲᠡᠨ᠎ᠤ ᠪᠦᠯᠬᠦᠮᠳᠡᠯ᠎ᠢ ᠰᠠᠢ᠌ᠲᠤᠷ ᠬᠠᠮᠠᠭ᠋ᠠᠯᠠᠵᠤ᠂ ᠠᠷᠢᠭᠤᠨ ᠲᠠᠷᠬᠠᠨ ᠨᠤᠲᠤᠭ ᠳᠡᠪᠢᠰᠬᠡᠷ ᠵᠶ᠋ᠡᠨ ᠰᠠᠢ᠌ᠲᠤᠷ ᠰᠠᠬᠢᠨ ᠬᠠᠮᠠᠭ᠋ᠠᠯᠠᠬᠤ᠎ᠨᠢ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠬᠠᠮᠲᠤ ᠵᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠤᠭᠰᠠᠨ ᠪᠠᠢ᠌ᠨ᠎ᠠ᠃ 
      ᠬᠠᠪᠤᠷ ᠴᠠᠭ᠎ᠤᠨ ᠳᠠᠷᠬᠠᠨ ᠮᠤᠤᠮᠢᠩᠭ᠋ᠠᠨ᠎ᠤ ᠲᠠᠯ᠎ᠠ ᠨᠤᠲᠤᠭ᠎ᠲᠤ ᠲᠦᠮᠡᠨ ᠪᠣᠳᠠᠰ ᠠᠮᠢᠯᠠᠨ ᠰᠡᠷᠬᠦᠵᠦ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ᠂ ᠮᠠᠯᠴᠢᠳ ᠴᠤ᠌ ᠬᠠᠮᠤᠭ᠎ᠤᠨ ᠶᠠᠭ᠋ᠠᠷᠠᠯᠲᠠᠢ ᠴᠠᠭ ᠦᠶ᠎ᠡ᠎ᠪᠠᠨ ᠤᠭᠲᠤᠨ ᠠᠪᠴᠢᠷᠠᠯ᠎ᠠ᠃ ᠥᠷᠯᠥᠭᠡ ᠡᠷᠲᠡ᠂ ᠴᠠᠭ᠋ᠠᠨ ᠬᠠᠳᠠ ᠬᠢᠯᠢ ᠵᠢᠨ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠨᠠᠷ ᠬᠠᠷᠢᠶᠠᠲᠤ ᠣᠷᠣᠨ᠎ᠤ ᠮᠠᠯᠴᠢᠨ ᠯᠢᠶᠠᠩ ᠪᠦᠦ ᠯᠦᠩ᠎ᠤᠨ ᠭᠡᠷ᠎ᠲᠤ ᠢᠷᠡᠵᠦ᠂ ᠬᠤᠨᠢᠨ᠎ᠤ ᠬᠣᠷᠢᠶ᠎ᠠ ᠵᠢ᠎ᠨᠢ ᠱᠦᠭᠦᠷᠳᠡᠵᠦ ᠬᠦᠷᠵᠡᠩ᠎ᠢ᠎ᠨᠢ  ᠣᠪᠤᠭ᠋ᠠᠯᠠᠨ ᠬᠤᠷᠢᠶᠠᠵᠡᠢ᠃ ᠬᠢᠯᠢ ᠵᠢᠨ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠲᠠᠩ ᠽᠢ ᠬᠤᠸᠠ᠄ 《ᠯᠢᠶᠠᠩ ᠪᠦᠦ ᠯᠦᠩ᠎ᠤᠨ ᠭᠡᠷ᠎ᠲᠤ ᠢᠳᠡᠷ ᠵᠠᠯᠠᠭᠤ ᠬᠥᠳᠡᠯᠮᠦᠷᠢ ᠵᠢᠨ ᠬᠦᠴᠦᠨ ᠪᠠᠢ᠌ᠬᠤ ᠦᠭᠡᠢ᠂ ᠦᠢ᠍ᠯᠡᠳᠪᠦᠷᠢᠯᠡᠯ ᠠᠮᠢᠳᠤᠷᠠᠯ᠎ᠳᠤ ᠰᠠᠨᠠᠭ᠎ᠠ ᠪᠠᠢ᠌ᠭ᠋ᠠᠳ ᠤᠨᠤᠭ᠎ᠠ ᠬᠦᠷᠳᠡᠭ ᠦᠭᠡᠢ ᠪᠠᠢ᠌ᠳᠠᠯ᠎ᠢ ᠣᠢ᠌ᠯᠠᠭ᠋ᠠᠭᠰᠠᠨ᠎ᠤ ᠳᠠᠷᠠᠭ᠎ᠠ᠂ ᠪᠢᠳᠡ ᠣᠲᠣ ᠪᠣᠯᠲᠠᠯ᠎ᠠ ᠬᠠᠪᠰᠤᠷᠤᠨ ᠳᠡᠳᠬᠦᠭᠰᠡᠭᠡᠷ ᠪᠣᠢ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠴᠡᠴᠡᠭ᠎ᠢ ᠴᠠᠭ ᠢᠮᠠᠭᠲᠠ ᠤᠰᠤᠯᠠᠵᠤ᠂ ᠦᠨᠡᠨ ᠰᠡᠳᠬᠢᠯ᠎ᠠᠴᠠ᠎ᠪᠠᠨ ᠤᠯᠠᠨ ᠲᠦᠮᠡᠨ᠎ᠳᠤ ᠦᠢ᠍ᠯᠡᠴᠢᠯᠡᠵᠦ᠂ ᠬᠠᠷᠢᠶᠠᠲᠤ ᠣᠷᠣᠨ᠎ᠤ ᠦᠨᠳᠦᠰᠦᠲᠡᠨ᠎ᠨᠦᠭᠦᠳ᠎ᠢ ᠨᠡᠩ ᠢᠯᠡᠭᠦᠤ  ᠪᠦᠯᠬᠦᠮᠳᠡᠭᠦᠯᠬᠦ᠎ᠪᠠᠷ ᠪᠠᠷᠠᠬᠤ ᠦᠭᠡᠢ ᠪᠠᠰᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠨᠡᠩ ᠢᠯᠡᠭᠦᠤ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ ᠪᠣᠯᠭ᠋ᠠᠬᠤ ᠬᠡᠷᠡᠭᠲᠡᠢ》  ᠶᠤᠮ ᠭᠡᠵᠠᠢ᠃ 

2.jpg       

      ᠠᠷᠠᠳ᠎ᠤᠨ ᠴᠠᠭᠳᠠᠭ᠎ᠠ ᠮᠠᠯᠴᠢᠳ᠎ᠢ ᠬᠠᠪᠰᠤᠷᠤᠨ ᠬᠦᠷᠵᠡᠩ ᠎ᠤᠨ ᠬᠡᠷᠡᠮ ᠪᠣᠰᠬᠠᠵᠦ ᠪᠠᠢ᠌ᠭ᠎ᠠ᠎ᠨᠢ

3.jpg       

      ᠠᠷᠠᠳ᠎ᠤᠨ ᠴᠠᠭᠳᠠᠭ᠎ᠠ ᠮᠠᠯᠴᠢᠳ᠎ᠢ ᠬᠠᠪᠰᠤᠷᠤᠨ ᠬᠣᠨᠢ ᠬᠠᠢ᠌ᠴᠢᠯᠠᠵᠦ ᠪᠠᠢ᠌ᠭ᠎ᠠ᠎ᠨᠢ
       ᠴᠠᠭ᠋ᠠᠨ ᠬᠠᠳᠠ ᠬᠢᠯᠢ ᠵᠢᠨ ᠲᠣᠮᠢᠯᠠᠭᠰᠠᠨ ᠰᠠᠯᠪᠤᠷᠢ ᠢᠮᠠᠭᠲᠠ ᠬᠠᠷᠢᠶᠠᠲᠦ ᠣᠷᠣᠨ᠎ᠤ ᠣᠯᠠᠨ ᠲᠦᠮᠡᠨ᠎ᠲᠠᠢ ᠰᠡᠳᠬᠢᠯ ᠵᠢᠷᠦᠬᠡ᠎ᠪᠠᠨ ᠬᠣᠯᠪᠣᠵᠤ᠂ ᠭᠠᠷ ᠭᠠᠷ ᠵᠶ᠋ᠠᠨ ᠬᠦᠳᠦᠯᠦᠯᠴᠡᠨ ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠮᠥᠨ ᠴᠦ᠍ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠣᠯ ᠰᠢᠵᠢᠮ ᠮᠥᠨ》 ᠭᠡᠬᠦ ᠴᠢᠬᠤᠯᠠ ᠵᠢᠭ᠋ᠠᠪᠤᠷᠢ ᠵᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠲᠦᠷᠦᠯ᠎ᠤᠨ ᠠᠵᠢᠯ᠎ᠳᠤ᠎ᠪᠠᠨ ᠢᠯᠡᠷᠡᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠮᠤᠳᠤ ᠵᠢ ᠨᠠᠩ ᠭᠦᠨ ᠦᠨᠳᠦᠰᠦᠯᠡᠭᠦᠯᠵᠦ᠂ ᠨᠠᠪᠴᠢ ᠵᠢ ᠨᠠᠩ ᠢᠭᠴᠤ ᠰᠠᠬᠤᠯᠢᠭ  ᠤᠷᠭᠤᠭᠤᠯᠵᠦ ᠪᠤᠢ᠃ 
       ᠣᠳᠣᠬᠠᠨ᠎ᠳᠤ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠳᠤ ᠦᠨᠳᠦᠰᠦᠲᠡᠨ᠎ᠤ ᠪᠦᠯᠬᠦᠮᠳᠡᠯ᠎ᠨᠢ ᠨᠡᠷᠡᠨ᠎ᠤ ᠭᠡᠷᠡᠯ ᠪᠣᠯᠣᠨ ᠠᠭ᠋ᠠᠷ ᠠᠮᠢᠰᠬᠤᠯ ᠰᠢᠭ᠋ ᠵᠶ᠋ᠡᠷ ᠣᠯᠠᠨ ᠲᠦᠮᠡᠨ᠎ᠤ ᠰᠡᠳᠬᠢᠯ᠎ᠳᠤ᠎ᠨᠢ  ᠬᠠᠳᠠᠩᠰᠢᠭᠤᠯᠵᠦ᠂ ᠠᠵᠢᠯᠯᠠᠭ᠎ᠠ᠎ᠳᠤ᠎ᠨᠢ ᠤᠢ᠌ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠨᠢ ᠨᠢᠭᠡᠨᠳᠡ ᠦᠨᠳᠦᠰᠦᠲᠡᠨ᠎ᠨᠦᠭᠦᠳ᠎ᠤᠨ ᠴᠢᠰᠦ ᠮᠢᠬᠠᠨ᠎ᠳᠤ ᠭᠦᠨ ᠠᠭᠤᠰᠴᠤ᠂ ᠦᠨᠳᠦᠰᠦᠲᠡᠨ᠎ᠤ ᠪᠦᠯᠬᠦᠮᠳᠡᠯ᠎ᠤᠨ ᠦᠵᠡᠰᠬᠦᠯᠡᠩᠲᠦ ᠰᠠᠢ᠌ᠬᠠᠨ ᠡᠪᠬᠡᠮᠡᠯ  ᠵᠢᠷᠤᠭ ᠴᠦ᠍ ᠬᠢᠯᠢ ᠬᠢᠵᠠᠭ᠋ᠠᠷ᠎ᠤᠨ ᠲᠠᠯ᠎ᠠ ᠨᠤᠲᠤᠭ᠎ᠲᠤ ᠤᠯᠠᠮ᠎ᠠᠴᠠ ᠤᠯᠠᠮ ᠭᠤᠶᠤ ᠰᠠᠢ᠌ᠬᠠᠨ ᠳᠡᠯᠭᠡᠭᠳᠡᠬᠦ ᠶᠤᠮ᠃





        ᠣᠷᠴᠢᠭᠤᠯᠤᠭᠴᠢ᠄ ᠤᠷᠢᠬᠠᠨ
         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ 《ᠡᠷᠡᠯᠬᠡᠭ ᠳᠠᠷᠬᠠᠨ ᠮᠤᠤᠮᠢᠩᠭ᠋ᠠᠨ》 ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ