ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
【ᠦᠨᠳᠦᠰᠦᠨ ᠱᠠᠲᠤᠨ᠎ᠤ ᠪᠠᠢ᠌ᠳᠠᠯ】 ᠡᠷᠭᠦᠨ᠎ᠡ ᠬᠣᠲᠠ ᠵᠢᠨ ᠡᠩᠬᠡ ᠣᠷᠣᠰ ᠦᠨᠳᠦᠰᠦᠲᠡᠨ᠎ᠤ ᠰᠢᠶᠠᠩ᠄ 《3531》 ᠠᠵᠢᠯ᠎ᠤᠨ ᠬᠡᠪ ᠵᠠᠭᠪᠤᠷ ᠵᠶ᠋ᠠᠷ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2024-06-26

      2023 ᠣᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠭᠦᠨ᠎ᠡ ᠬᠣᠲᠠ ᠵᠢᠨ ᠡᠩᠬᠡ ᠣᠷᠣᠰ ᠦᠨᠳᠦᠰᠦᠲᠡᠨ᠎ᠤ ᠰᠢᠶᠠᠩ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠠᠵᠢᠯ᠎ᠤᠨ ᠬᠡᠪ ᠵᠠᠭᠪᠤᠷ ᠵᠶ᠋ᠠᠨ ᠲᠠᠰᠤᠷᠠᠯᠲᠠ ᠥᠬᠡᠶ ᠰᠢᠨᠡᠴᠢᠯᠡᠵᠦ᠂ 《ᠭᠤᠷᠪᠠᠨ ᠵᠢᠱ᠌ᠢᠶ᠎ᠡ ᠦᠵᠡᠭᠦᠯᠬᠦ ᠤᠷᠤᠨ ᠪᠦᠰᠡ ᠵᠢ ᠰᠢᠯᠢᠳᠡᠭᠵᠢᠭᠦᠯᠦᠨ ᠰᠠᠭᠤᠷᠢ ᠵᠢ ᠪᠡᠬᠢᠵᠢᠭᠦᠯᠬᠦ᠂ ᠲᠠᠪᠤᠨ ᠴᠠᠷᠠᠭ᠎ᠠ ᠬᠦᠷᠢᠶ᠎ᠡ ᠵᠢ ᠨᠢᠭᠡᠳᠦᠯᠲᠡᠶ ᠲᠥᠯᠥᠪᠵᠢᠭᠦᠯᠦᠨ ᠠᠭᠤᠰᠤᠯᠴᠠᠯ᠎ᠢ ᠠᠬᠢᠭᠤᠯᠬᠤ᠂ ᠭᠤᠷᠪᠠᠨ ᠰᠠᠭᠤᠷᠢᠨ ᠭᠠᠵᠠᠷ᠎ᠢ ᠰᠠᠢ᠌ᠲᠤᠷ ᠪᠥᠲᠥᠭᠡᠨ ᠪᠠᠢ᠌ᠭᠤᠯᠬᠤ᠂ ᠨᠢᠭᠡ ᠥᠯᠢᠭᠡᠷ᠎ᠢ ᠰᠠᠢ᠌ᠲᠤᠷ ᠶᠠᠷᠢᠵᠤ ᠪᠦᠯᠬᠦᠮᠳᠡᠯ᠎ᠢ ᠠᠬᠢᠭᠤᠯᠬᠤ》 《3531》 ᠠᠵᠢᠯ᠎ᠤᠨ ᠬᠡᠪ ᠵᠠᠭᠪᠤᠷ᠎ᠢ ᠰᠦᠪᠡᠭᠴᠢᠯᠡᠵᠦ᠂ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠡᠳᠬᠢᠯ ᠵᠢᠡᠷ ᠨᠠᠮ ᠵᠢᠡᠨ ᠳᠠᠭ᠋ᠠᠬᠤ· ᠦᠨᠳᠦᠰᠦᠳᠡᠨ᠎ᠤ ᠪᠦᠯᠬᠦᠮᠳᠡᠯ ᠵᠢᠡᠷ ᠤᠮᠠᠷᠠᠲᠤ ᠬᠢᠵᠠᠭ᠋ᠠᠷ᠎ᠢ ᠪᠡᠬᠢᠵᠢᠭᠦᠯᠬᠦ》 ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠲᠥᠷᠥᠯ ᠲᠡᠮᠳᠡᠭ᠎ᠢ ᠡᠭᠦᠳᠴᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠭᠰᠠᠨ ᠪᠠᠢ᠌ᠨ᠎ᠠ᠃


8.jpg

      ᠬᠢᠯᠢ ᠬᠢᠵᠠᠭ᠋ᠠᠷ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠦᠵᠡᠭᠦᠯᠬᠦ ᠤᠷᠤᠨ ᠪᠦᠰᠡ ᠵᠢ ᠰᠢᠯᠢᠳᠡᠭᠵᠢᠬᠦᠯᠪᠠ᠃ ᠨᠠᠮ᠎ᠤᠨ ᠪᠠᠢ᠌ᠭᠤᠯᠤᠯᠲᠠ᠎ᠪᠠᠷ ᠲᠥᠪᠯᠡᠷᠡᠭᠦᠯᠦᠨ ᠬᠥᠲᠥᠯᠥᠨ ᠳᠠᠭ᠋ᠠᠭᠤᠯᠬᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠤᠭᠰᠠᠨ ᠦᠷ᠎ᠡ ᠪᠦᠲᠦᠭᠡᠯ᠎ᠢ ᠳᠡᠯᠭᠡᠨ ᠦᠵᠡᠬᠦᠯᠬᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠂ ᠠᠮᠢ ᠠᠬᠤᠶ ᠵᠢᠨ ᠪᠣᠯᠪᠠᠰᠤᠨ᠎ᠤ ᠬᠥᠮᠦᠵᠢᠯ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠵᠢ ᠨᠢᠭᠡ ᠴᠣᠭᠴᠠᠵᠢᠭᠤᠯᠤᠭᠰᠠᠨ ᠬᠢᠯᠢ ᠬᠢᠵᠠᠭ᠋ᠠᠷ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠣᠩᠭᠢᠯ᠎ᠢ ᠬᠦᠴᠦᠯᠡᠨ ᠪᠠᠢ᠌ᠭᠤᠯᠬᠤ ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠵᠤᠭ᠋ᠠᠴᠠᠭᠰᠠᠳ᠎ᠲᠤ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠲᠤᠶᠠᠭ᠋ᠠᠯᠠᠯ ᠵᠢᠡᠷ ᠦᠨᠳᠦᠰᠦᠲᠡᠨ᠎ᠤ ᠰᠢᠶᠠᠩ᠎ᠳᠤ ᠭᠠᠷᠤᠭᠰᠠᠨ ᠯᠤᠳᠤ ᠶᠡᠬᠡ ᠬᠤᠪᠢᠷᠠᠯᠲᠠ ᠵᠢ ᠬᠠᠷᠠᠭᠤᠯᠵᠤ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠦᠨᠳᠦᠰᠦᠨ ᠱᠠᠲᠤᠨ᠎ᠳᠠᠬᠢ ᠭᠠᠷᠮᠠᠭ᠋ᠠᠶ ᠦᠢᠯᠡᠳᠦᠯᠭᠡ᠂ ᠨᠠᠮ᠎ᠤᠨ ᠭᠡᠰᠢᠭᠦᠨ ᠺᠠᠳ᠋ᠷᠴᠤᠳ ᠪᠤᠯᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠵᠡᠵᠦ ᠰᠤᠨᠤᠰᠬᠤ ᠲᠤᠷᠠᠳᠠᠢ ᠬᠡᠯᠪᠡᠷᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠬᠢᠵᠦ᠂ ᠳᠡᠳᠡ ᠨᠠᠷ᠎ᠢ ᠤᠬᠠᠮᠰᠠᠷ᠎ᠠᠴᠠ᠎ᠪᠠᠨ ᠬᠦᠯᠢᠶᠡᠨ ᠠᠪᠬᠤ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ 《ᠳᠠᠪᠤᠨ ᠮᠡᠳᠡᠷᠡᠬᠦᠢ》 ᠵᠢ ᠳᠡᠭᠡᠳᠦ ᠬᠡᠮᠵᠢᠶ᠎ᠡ᠎ᠪᠠᠷ ᠮᠡᠳᠡᠷᠡᠬᠦ ᠵᠢ ᠪᠠᠳᠤᠳᠬᠠᠪᠠ᠃ ᠵᠢᠭᠤᠯᠴᠢᠯᠠᠯ᠎ᠢ ᠰᠢᠯᠢᠳᠡᠭᠵᠢᠭᠦᠯᠵᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠵᠢᠱ᠌ᠢᠶ᠎ᠡ ᠦᠵᠡᠭᠦᠯᠬᠦ ᠤᠷᠤᠨ ᠪᠦᠰᠡ ᠵᠢ ᠰᠢᠯᠢᠳᠡᠭᠵᠢᠬᠦᠯᠪᠠ᠃ ᠵᠢᠭᠤᠯᠴᠢᠯᠠᠯ + ᠰᠣᠶᠣᠯ ᠵᠡᠷᠭᠡ ᠰᠢᠷᠢᠰ ᠡᠵᠡᠩᠨᠡᠯᠲᠡ ᠵᠢᠨ ᠬᠡᠯᠪᠡᠷᠢ ᠵᠢ ᠢᠳᠡᠪᠬᠢᠲᠡᠢ ᠪᠣᠢ᠌ᠵᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠰᠤᠳᠤᠨ ᠰᠠᠢ᠌ᠬᠠᠨ ᠠᠷᠠᠳ᠎ᠤᠨ ᠰᠠᠭᠤᠴᠠ ᠵᠢᠨ ᠲᠦᠷᠦᠯ ᠲᠡᠮᠳᠡᠭ᠂ ᠭᠡᠷ ᠪᠦᠯᠢ ᠵᠢᠨ ᠵᠢᠭᠤᠯᠴᠢᠯᠠᠯ᠎ᠤᠨ ᠣᠳᠣᠨ ᠲᠡᠰ᠎ᠤᠨ ᠵᠢᠱ᠌ᠢᠶ᠎ᠡ ᠦᠵᠡᠭᠦᠯᠬᠦ ᠡᠷᠦᠬᠡ ᠵᠢ ᠦᠷᠭᠦᠯᠵᠢᠯᠡᠨ ᠴᠣᠭᠴᠠᠯᠠᠵᠤ᠂ ᠥᠩᠭᠡᠲᠦ ᠥᠨᠳᠡᠭᠡ᠂ ᠬᠡᠦᠬᠡᠯᠳᠡᠢ᠂ ᠣᠷᠣᠰ ᠮᠢᠶᠠᠨᠪᠤᠤ ᠦᠢ᠍ᠯᠡᠳᠬᠦ ᠵᠢᠴᠢ ᠣᠷᠣᠰ ᠦᠨᠳᠦᠰᠦᠲᠡᠨ᠎ᠤ ᠳᠠᠭᠤᠤ ᠪᠥᠵᠢᠭ ᠵᠡᠷᠭᠡ ᠠᠷᠠᠳ᠎ᠤᠨ ᠵᠠᠩ ᠦᠢ᠍ᠯᠡ ᠵᠢ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠵᠢ ᠥᠷᠨᠢᠭᠦᠯᠵᠦ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠳᠡᠬᠡᠭᠰᠢᠯᠡᠬᠦᠯᠪᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠤᠨ ᠦᠨᠳᠦᠰᠦᠨ ᠱᠠᠲᠤᠨ᠎ᠤ ᠦᠢᠯᠡᠳᠦᠯᠭᠡ ᠵᠢᠨ ᠵᠢᠱ᠌ᠢᠶ᠎ᠡ ᠦᠵᠡᠭᠦᠯᠬᠦ ᠪᠦᠰᠡ ᠵᠢ ᠰᠢᠯᠢᠳᠡᠭᠵᠢᠬᠦᠯᠪᠠ᠃ ᠦᠨᠳᠦᠰᠦᠲᠡᠨ᠎ᠤ ᠬᠦᠴᠦᠨ ᠵᠦᠢᠯ᠎ᠳᠤ ᠬᠣᠯᠪᠣᠭᠳᠠᠭᠰᠠᠨ ᠵᠥᠷᠢᠴᠡᠯ ᠵᠢᠭᠤᠷᠠᠯᠳᠤᠭ᠋ᠠᠨ ᠪᠠ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠠᠶᠤᠯ ᠲᠦᠭᠰᠢᠭᠦᠷᠢ ᠬᠡᠮ ᠰᠣᠭᠤᠭ᠎ᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠪᠠ᠃ ᠬᠢᠯᠢ ᠵᠢᠨ ᠰᠠᠭᠤᠭ᠋ᠠᠯᠢ ᠠᠷᠠᠳ᠂ ᠬᠢᠯᠢ ᠬᠠᠮᠠᠭ᠋ᠠᠯᠠᠭᠴᠢᠳ᠎ᠤᠨ ᠠᠮᠢᠳᠤᠷᠠᠯ᠎ᠳᠤ ᠨᠥᠬᠥᠪᠥᠷᠢ ᠥᠭᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠬᠢᠯᠢ ᠵᠢᠨ ᠣᠯᠠᠨ ᠲᠦᠮᠡᠨ᠎ᠤ ᠬᠠᠮᠠᠭ᠋ᠠᠯᠠᠯᠲᠠ ᠵᠢᠨ ᠬᠦᠴᠦᠨ᠎ᠢ ᠪᠡᠬᠢᠵᠢᠭᠦᠯᠦᠨ ᠪᠤᠵᠠᠭ᠋ᠠᠢ᠌ᠷᠠᠭᠤᠯᠪᠠ᠃ 《ᠬᠢᠯᠢ ᠵᠢᠨ ᠳ᠋ᠢᠬᠢᠲ ᠬᠠᠮᠠᠭ᠋ᠠᠯᠠᠯᠲᠠ》᠂ 《ᠬᠢᠯᠢ ᠵᠢᠨ ᠣᠶᠤᠨᠴᠢ ᠬᠠᠮᠠᠭ᠋ᠠᠯᠠᠯᠲᠠ》 ᠵᠢᠨ ᠪᠠᠢ᠌ᠭᠤᠯᠤᠯᠲᠠ ᠵᠢ ᠠᠬᠢᠭᠤᠯᠵᠤ᠂ ᠬᠥᠮᠦᠨ ᠵᠶ᠋ᠡᠷ ᠰᠡᠷᠭᠡᠢ᠌ᠯᠡᠬᠦ ᠪᠣᠳᠠᠰ ᠵᠶ᠋ᠠᠷ ᠰᠡᠷᠭᠡᠢ᠌ᠯᠡᠬᠦ ᠮᠡᠷᠭᠡᠵᠢᠯ ᠵᠶ᠋ᠡᠷ ᠰᠡᠷᠭᠡᠢ᠌ᠯᠡᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠬᠦᠯᠪᠠ᠃ ᠰᠢᠶᠠᠩ᠎ᠤᠨ ᠡᠷᠦᠬᠡ ᠵᠢᠨ ᠴᠡᠷᠢᠭ᠂ ᠬᠢᠯᠢ ᠵᠢᠨ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ᠂ ᠰᠠᠭᠤᠭ᠎ᠠ ᠭᠠᠵᠠᠷ᠎ᠤᠨ ᠴᠡᠷᠢᠭ ᠠᠩᠭᠢ᠎ᠲᠠᠢ ᠬᠣᠯᠪᠣᠭ᠋ᠠᠯᠠᠨ ᠬᠢᠯᠢ ᠵᠢ ᠴᠠᠭᠳᠠᠨ ᠪᠠᠢ᠌ᠴᠠᠭ᠋ᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠴᠡᠷᠢᠭ ᠠᠷᠠᠳ᠎ᠤᠨ ᠤᠯᠤᠰ ᠬᠡᠷ᠎ᠤᠨ ᠤᠬᠠᠮᠰᠠᠷ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠤᠬᠠᠮᠰᠠᠷ᠂ ᠤᠯᠤᠰ᠎ᠤᠨ ᠨᠤᠲᠤᠭ ᠳᠡᠪᠢᠰᠬᠡᠷ᠎ᠤᠨ ᠤᠬᠠᠮᠰᠠᠷ᠎ᠢ ᠳᠡᠬᠡᠭᠰᠢᠯᠡᠬᠦᠯᠪᠠ᠃

9.png     

      ᠡᠭᠦᠳᠦᠨ ᠪᠠᠢ᠌ᠭᠤᠯᠬᠤ ᠠᠵᠢᠯ᠎ᠢ ᠨᠠᠮ᠎ᠤᠨ ᠪᠠᠢ᠌ᠭᠤᠯᠤᠯᠲᠠ᠎ᠲᠠᠢ ᠭᠦᠨᠵᠡᠭᠡᠶ ᠠᠭᠤᠰᠤᠯᠴᠠᠭᠤᠯᠪᠠ᠃ ᠬᠢᠯᠢ ᠬᠢᠵᠠᠭ᠋ᠠᠷ᠎ᠤᠨ ᠨᠠᠮ᠎ᠤᠨ ᠪᠠᠢ᠌ᠭᠤᠯᠤᠯᠲᠠ ᠵᠢᠨ 《ᠬᠢᠯᠢ ᠵᠢᠨ ᠲᠠᠪᠤᠨ ᠠᠵᠢᠯᠯᠠᠭ᠎ᠠ》 ᠵᠢ ᠭᠦᠨᠵᠡᠭᠡᠢ᠌ᠷᠡᠭᠦᠯᠦᠨ ᠥᠷᠭᠡᠳᠬᠡᠵᠦ᠂ 《ᠬᠤᠪᠢᠰᠬᠠᠯᠲᠤ ᠨᠠᠮ᠎ᠤᠨ ᠪᠠᠢ᠌ᠭᠤᠯᠤᠯᠲᠠ᠎ᠪᠠᠷ ᠵᠢᠭᠤᠯᠴᠢᠯᠠᠯ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ》 ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠨᠠᠮ᠎ᠤᠨ ᠪᠠᠢ᠌ᠭᠤᠯᠤᠯᠲᠠ ᠵᠢᠨ ᠰᠢᠨ᠎ᠠ ᠬᠡᠪ ᠵᠠᠭᠪᠤᠷ᠎ᠢ ᠡᠭᠦᠳᠴᠦ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠪᠦᠯᠬᠦᠮᠳᠡᠯ᠎ᠢ ᠭᠠᠵᠠᠷ ᠣᠷᠣᠨ᠎ᠤ ᠣᠨᠴᠠᠯᠢᠭᠲᠤ ᠵᠢᠭᠤᠯᠴᠢᠯᠠᠯ᠎ᠤᠨ ᠨᠠᠮ᠎ᠤᠨ ᠪᠠᠢ᠌ᠭᠤᠯᠤᠯᠲᠠ᠂ ᠨᠡᠢ᠌ᠭᠡᠮ ᠲᠣᠭᠣᠷᠢᠭ᠎ᠤᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠲᠠᠢ ᠠᠭᠤᠰᠤᠯᠴᠠᠭᠤᠯᠵᠤ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠷᠡᠰ ᠪᠠᠲᠤ ᠴᠤᠭᠴᠠᠯᠠᠪᠠ᠃ ᠡᠭᠦᠳᠦᠨ ᠪᠠᠢ᠌ᠭᠤᠯᠬᠤ ᠠᠵᠢᠯ ᠪᠣᠯᠤᠨ ᠠᠵᠤ ᠠᠬᠤᠶ ᠵᠢᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠰᠢᠨ᠎ᠡ ᠴᠠᠭ ᠦᠶ᠎ᠡ ᠵᠢᠨ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠬᠢᠯᠢ ᠵᠢᠨ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠣᠨᠴᠠᠯᠢᠭ᠎ᠲᠠᠢ ᠨᠢᠭᠲᠠ ᠤᠶᠠᠯᠳᠤᠭᠤᠯᠵᠤ᠂ ᠰᠠᠭᠤᠷᠢ ᠪᠡᠯᠡᠳᠬᠡᠮᠵᠢ ᠵᠢᠨ ᠲᠠᠰ ᠳᠡᠪᠰᠢᠭᠦᠯᠬᠦ᠎ᠪᠠᠷ ᠭᠣᠤᠯᠳᠠᠯᠭ᠎ᠠ ᠪᠣᠯᠭ᠋ᠠᠵᠤ᠂ ᠡᠩᠬᠡ ᠰᠢᠶᠠᠩ᠎ᠤᠨ ᠣᠲᠣ ᠵᠢᠨ ᠪᠠᠢ᠌ᠭ᠎ᠠ ᠵᠠᠮ᠂ ᠲᠣᠤᠷ ᠬᠣᠭᠣᠯᠠᠶ᠂ ᠵᠠᠮ᠎ᠤᠨ ᠳ᠋ᠧᠩ᠎ᠢ ᠥᠭᠡᠷᠡᠴᠢᠯᠡᠨ ᠲᠠᠰ ᠳᠡᠪᠰᠢᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠲᠦᠭᠡᠮᠡᠯ ᠬᠠᠷᠠᠭ᠋ᠠᠯᠵᠠᠬᠤ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠰᠠᠭᠤᠭ᠋ᠠᠯᠢ ᠠᠷᠠᠳ ᠪᠠ ᠵᠢᠭᠤᠯᠴᠢᠯᠠᠭᠰᠠᠳ᠎ᠲᠤ ᠶᠠᠪᠤᠵᠤ ᠰᠠᠭᠤᠬᠤ ᠨᠠᠩ ᠰᠠᠢ᠌ᠨ ᠨᠥᠬᠥᠴᠡᠯ ᠪᠠ ᠵᠢᠭᠤᠯᠴᠢᠯᠠᠯ᠎ᠤᠨ ᠣᠢ᠌ᠯᠠᠭ᠋ᠠᠯᠲᠠ ᠵᠢ ᠬᠠᠩᠭ᠋ᠠᠪᠠ᠃ ᠬᠥᠳᠡᠭᠡ ᠲᠣᠰᠬᠣᠨ᠎ᠤ ᠠᠮᠢᠳᠤᠷᠠᠯ᠎ᠤᠨ ᠬᠣᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠳᠠᠯᠳᠤᠭ᠋ᠠᠨ᠎ᠤ ᠡᠷᠦᠬᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠣᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠰᠢᠰᠲ᠋ᠧᠮ᠎ᠤᠨ ᠪᠦᠷᠬᠦᠴᠡ ᠵᠢᠨ ᠨᠤᠷᠮ᠎ᠠ ᠵᠢ 90% ᠢᠯᠡᠭᠦᠦ ᠪᠤᠯᠭ᠋ᠠᠪᠠ᠃ ᠡᠭᠦᠳᠦᠨ ᠪᠠᠢ᠌ᠭᠤᠯᠬᠤ ᠠᠵᠢᠯ᠎ᠢ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ᠎ᠳᠤ ᠠᠭᠤᠰᠤᠯᠴᠠᠭᠤᠯᠪᠠ᠃ ᠰᠢᠶᠠᠩ᠎ᠤᠨ 《ᠠᠨᠠᠷ᠎ᠤᠨ ᠦᠷ᠎ᠡ ᠵᠢᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠩᠭᠢ》 ᠵᠢ ᠪᠠᠢ᠌ᠭᠤᠯᠵᠤ᠂ ᠡᠩᠨᠡᠭᠡ ᠵᠢ ᠬᠥᠲᠥᠯᠥᠨ ᠵᠢᠯᠣᠭᠣᠳᠴᠤ ᠪᠠᠢ᠌ᠭ᠋ᠠᠳ ᠡᠭᠦᠳᠦᠨ ᠪᠠᠢ᠌ᠭᠤᠯᠬᠤ ᠠᠵᠢᠯ᠎ᠤᠨ ᠡᠭᠦᠷᠭᠡ ᠵᠢ ᠡᠭᠦᠷᠭᠡᠯᠡᠭᠦᠯᠵᠦ᠂ ᠬᠦᠴᠢᠷᠳᠡᠯᠲᠡᠶ ᠣᠯᠠᠨ ᠲᠦᠮᠡᠨ᠎ᠢ ᠲᠣᠬᠣᠨᠢᠭᠤᠯᠬᠤ᠂ 《ᠦᠨᠳᠦᠰᠦᠲᠡᠨ᠎ᠤ ᠪᠦᠯᠬᠦᠮᠳᠡᠯ᠎ᠤᠨ ᠵᠢᠱ᠌ᠢᠶ᠎ᠡ ᠦᠵᠡᠭᠦᠯᠬᠦ ᠬᠠᠮᠳᠤᠷᠠᠯ》᠎ᠤᠨ ᠠᠯᠪᠠᠨ ᠵᠢᠷᠤᠮ᠎ᠤᠨ ᠮᠣᠳᠣ ᠳᠠᠷᠢᠬᠤ ᠵᠡᠷᠭᠡ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠡᠭᠦᠳᠦᠨ ᠪᠠᠢ᠌ᠭᠤᠯᠬᠤ ᠠᠵᠢᠯ᠎ᠤᠨ ᠰᠠᠢ᠌ᠨ ᠬᠠᠪᠰᠤᠷᠤᠭᠴᠢ ᠪᠤᠯᠭ᠋ᠠᠪᠠ᠃ ᠡᠭᠦᠳᠦᠨ ᠪᠠᠢ᠌ᠭᠤᠯᠬᠤ ᠠᠵᠢᠯ᠎ᠢ ᠣᠯᠠᠨ ᠨᠡᠢ᠌ᠲᠡ ᠵᠢᠨ ᠦᠢᠯᠡᠴᠢᠯᠡᠭᠡᠨ᠎ᠤ ᠠᠵᠢᠯ᠎ᠳᠤ ᠤᠷᠤᠭᠤᠯᠪᠠ᠃ ᠠᠷᠠᠳ᠎ᠲᠤ ᠠᠰᠢᠭ ᠬᠦᠷᠲᠡᠭᠡᠬᠦ ᠦᠢᠯᠡᠴᠢᠯᠡᠭᠡ ᠬᠢᠬᠦ᠂ ᠣᠯᠠᠨ ᠨᠡᠢ᠌ᠲᠡ ᠵᠢᠨ ᠦᠢᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠳᠤᠳᠬᠠᠬᠤ ᠵᠡᠷᠭᠡ ᠭᠤᠷᠪᠠᠨ ᠲᠠᠯ᠎ᠠ᠎ᠠᠴᠠ ᠭᠠᠷᠳᠠᠵᠤ᠂ ᠨᠠᠰᠤᠵᠢᠯ᠎ᠤᠨ ᠠᠰᠠᠷᠠᠮᠵᠢ᠂ ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠳᠤ᠎ᠪᠠᠨ ᠲᠦᠭᠡᠮᠡᠯ  ᠬᠠᠷᠠᠭ᠋ᠠᠯᠵᠠᠭ᠋ᠠᠲᠦ ᠴᠢᠨᠠᠷ ᠪᠠ ᠲᠥᠪ ᠭᠣᠤᠯᠴᠢ ᠴᠢᠨᠠᠷ᠎ᠢ ᠴᠢᠬᠤᠯᠠᠴᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠠᠳᠠᠯᠢ ᠲᠡᠭᠰᠢ᠂ ᠴᠢᠨᠠᠷ ᠰᠠᠢ᠌ᠲᠠᠶ ᠣᠯᠠᠨ ᠨᠡᠢ᠌ᠲᠡ ᠵᠢᠨ ᠦᠢᠯᠡᠴᠢᠯᠡᠭᠡ ᠬᠦᠷᠲᠡᠭᠡᠪᠡ᠃ ᠡᠭᠦᠳᠦᠨ ᠪᠠᠢ᠌ᠭᠤᠯᠬᠤ ᠠᠵᠢᠯ᠎ᠢ ᠰᠣᠶᠣᠯ ᠰᠤᠷᠭ᠋ᠠᠨ ᠬᠥᠮᠦᠵᠢᠯ᠎ᠤᠨ ᠦᠢᠯᠡᠰ᠎ᠯᠦᠭᠡ ᠬᠠᠷᠢᠯᠴᠠᠨ ᠤᠶᠠᠯᠳᠤᠭᠤᠯᠪᠠ᠃ ᠨᠡᠢ᠌ᠭᠡᠮ᠎ᠤᠨ ᠬᠥᠮᠦᠵᠢᠯ ᠪᠠ ᠭᠡᠷ ᠪᠦᠯᠢ ᠵᠢᠨ ᠬᠥᠮᠦᠵᠢᠯ᠎ᠤᠨ ᠦᠢ᠍ᠯᠡᠳᠦᠯ᠎ᠢ ᠪᠠᠳᠠᠷᠠᠭᠤᠯᠵᠤ᠂ ᠰᠤᠷᠤᠭᠴᠢ᠂ ᠭᠡᠷ᠎ᠤᠨ ᠠᠬᠠᠮᠠᠳ᠎ᠢ ᠵᠣᠬᠢᠶᠠᠨ ᠪᠠᠢ᠌ᠭᠤᠯᠵᠤ 《ᠡᠩᠬᠡ ᠵᠠᠯᠠᠭᠤᠴᠤᠳ ᠪᠠᠭ᠋ᠠᠴᠤᠳ᠎ᠤᠨ ᠦᠢ᠍ᠯᠡᠳᠦᠯᠭᠡ ᠬᠥᠮᠦᠵᠢᠯ᠎ᠤᠨ ᠰᠠᠭᠤᠷᠢᠨ ᠭᠠᠵᠠᠷ》 ᠵᠡᠷᠭᠡ ᠰᠤᠷᠭ᠋ᠠᠭᠤᠯᠢ ᠵᠢᠨ ᠭᠠᠳᠠᠨᠠᠬᠢ ᠲᠠᠯᠠᠪᠤᠷ᠎ᠲᠤ ᠣᠴᠢᠭᠤᠯᠤᠨ ᠬᠢᠴᠢᠶᠡᠯ᠎ᠤᠨ ᠭᠠᠳᠠᠨᠠᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠎ᠠ ᠵᠢ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠰᠡᠳᠬᠢᠯ  ᠵᠢᠷᠦᠬᠡᠨ᠎ᠳᠤ ᠬᠠᠳᠠᠩᠰᠢᠭᠤᠯᠪᠠ᠃

10.png     

      ᠬᠢᠯᠢ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠤᠷᠲᠤ ᠬᠣᠩᠭᠢᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠪᠠ᠃ ᠳᠡᠷᠬᠡᠳᠡᠬᠢ ᠦᠨᠳᠦᠰᠦᠲᠡᠨ᠎ᠤ ᠪᠦᠯᠬᠦᠮᠳᠡᠯ᠎ᠤᠨ ᠨᠡᠢ᠌ᠲᠡᠯᠢᠭ ᠵᠢᠱ᠌ᠢᠶ᠎ᠡ ᠵᠢ ᠨᠡᠢ᠌ᠭᠡᠮ ᠲᠣᠭᠣᠷᠢᠭ᠎ᠲᠤ ᠤᠷᠤᠭᠤᠯᠵᠤ ᠤᠬᠠᠭᠤᠯᠤᠨ ᠲᠠᠢ᠌ᠯᠪᠤᠷᠢᠯᠠᠬᠤ᠂ ᠨᠣᠮ ᠤᠩᠰᠢᠯᠭ᠎ᠠ ᠵᠢᠨ ᠬᠠᠮᠲᠤ᠎ᠪᠠᠷ ᠡᠳ᠋ᠯᠡᠬᠦ ᠬᠤᠷᠠᠯ ᠡᠷᠬᠢᠯᠡᠬᠦ᠂ ᠦᠨᠳᠦᠰᠦᠲᠡᠨ᠎ᠤ ᠪᠦᠯᠬᠦᠮᠳᠡᠯ᠎ᠤᠨ ᠮᠡᠳᠡᠯᠭᠡ ᠵᠢᠨ ᠤᠷᠤᠯᠳᠤᠭ᠋ᠠᠨ ᠶᠠᠪᠤᠭᠳᠠᠭᠤᠯᠬᠤ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠷᠦᠬᠡ ᠪᠣᠯᠭ᠋ᠠᠨ᠂ ᠬᠥᠮᠦᠨ ᠪᠦᠬᠦᠨ᠎ᠳᠤ ᠮᠡᠳᠡᠬᠦᠯᠪᠠ᠃ 《ᠢᠨᠲ᠋ᠧᠷ ᠰᠦᠯᠵᠢᠶ᠎ᠡ + ᠦᠨᠳᠦᠰᠦᠲᠡᠨ᠎ᠤ ᠪᠦᠯᠬᠦᠮᠳᠡᠯ》᠎ᠤᠨ ᠠᠵᠢᠯᠯᠠᠭ᠎ᠠ ᠵᠢ ᠢᠳᠡᠪᠬᠢᠲᠡᠢ ᠠᠬᠢᠭᠤᠯᠵᠤ᠂ 《ᠰᠢᠳᠢᠳᠤ ᠡᠩᠬᠡ》 ᠣᠯᠠᠨ ᠨᠡᠢ᠌ᠲᠡ ᠵᠢᠨ ᠳ᠋ᠤᠭ᠋ᠠᠷ᠎ᠢ ᠭᠦᠢ᠍ᠴᠡᠳ ᠠᠰᠢᠭᠯᠠ 《ᠠᠨᠠᠷ᠎ᠤᠨ ᠦᠷ᠎ᠡ ᠵᠢᠨ ᠬᠢᠴᠢᠶᠡᠯ᠎ᠤᠨ ᠲᠠᠩᠬᠢᠮ》 ᠵᠡᠷᠭᠡ ᠲᠤᠰᠬᠠᠢ ᠰᠡᠳᠦᠪᠲᠦ ᠲᠤᠰᠬᠠᠢ ᠪᠤᠯᠤᠩ ᠭᠠᠷᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠠᠬᠢᠭᠤᠯᠪᠠ᠃ ᠪᠣᠳᠠᠰ᠎ᠤᠨ ᠪᠤᠰᠤ ᠰᠣᠶᠣᠯ᠎ᠤᠨ ᠦᠵᠡᠭᠦᠯᠭᠡ ᠵᠢᠨ ᠲᠥᠪ᠎ᠤᠨ ᠰᠠᠭᠤᠷᠢᠨ ᠭᠠᠵᠠᠷ᠎ᠢ ᠪᠥᠲᠥᠭᠡᠨ ᠪᠠᠢ᠌ᠭᠤᠯᠪᠠ᠃ 《ᠡᠩᠬᠡ ᠤᠯᠠᠮᠵᠢᠯᠠᠯᠲᠤ ᠠᠢ᠌ᠯ ᠲᠣᠰᠬᠣᠨ》᠎ᠢ ᠲᠥᠪᠯᠡᠷᠡᠭᠦᠯᠦᠨ ᠬᠠᠮᠠᠭ᠋ᠠᠯᠠᠬᠤ᠎ᠪᠠᠷ ᠠᠵᠠ ᠲᠣᠬᠢᠶᠠᠯ ᠪᠣᠯᠭ᠋ᠠᠵᠤ᠂ ᠣᠷᠣᠰ ᠦᠨᠳᠦᠰᠦᠲᠡᠨ᠎ᠤ ᠠᠷᠠᠳ᠎ᠤᠨ ᠳᠠᠭᠤᠤ ᠪᠥᠵᠢᠭ᠂ ᠨᠡᠬᠡᠮᠡᠯ᠎ᠤᠨ ᠮᠡᠷᠭᠡᠵᠢᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠲᠤ ᠠᠭᠤᠯᠤᠭᠳᠠᠵᠤ ᠪᠠᠢ᠌ᠭ᠎ᠠ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠬᠤ ᠪᠠ ᠳᠡᠯᠭᠡᠨ ᠦᠵᠡᠭᠦᠯᠵᠦ᠂ 《ᠤᠯᠠᠮᠵᠢᠯᠠᠯᠲᠤ ᠠᠢ᠌ᠯ ᠲᠣᠰᠬᠣᠨ᠎ᠢ ᠲᠥᠪᠯᠡᠷᠡᠭᠦᠯᠦᠨ ᠬᠠᠮᠠᠭ᠋ᠠᠯᠠᠬᠤ + ᠦᠨᠳᠦᠰᠦᠲᠡᠨ᠎ᠤ ᠪᠦᠯᠬᠦᠮᠳᠡᠯ》᠎ᠢ ᠠᠭᠤᠰᠤᠯᠴᠠᠭᠤᠯᠤᠭᠰᠠᠨ ᠬᠥᠭᠵᠢᠭᠦᠯᠬᠦ ᠵᠠᠮ᠎ᠢ ᠰᠦᠪᠡᠭᠴᠢᠯᠡᠪᠡ᠃ 《ᠠᠮᠲᠠᠲᠤ ᠢᠳᠡᠭᠡᠨ ᠵᠶ᠋ᠡᠷ ᠬᠥᠳᠡᠯᠭᠡᠭᠦᠷ ᠪᠣᠯᠭ᠋ᠠᠬᠤ》 ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠠᠮᠲᠠᠲᠤ ᠢᠳᠡᠭᠡᠨ ᠵᠶ᠋ᠡᠷ ᠵᠢᠭᠤᠯᠴᠢᠯᠠᠯ᠎ᠢ ᠳᠠᠢ᠌ᠴᠢᠯᠠᠬᠤ᠂ ᠵᠢᠭᠤᠯᠴᠢᠯᠠᠯ ᠵᠶ᠋ᠠᠷ ᠠᠮᠲᠠᠲᠤ ᠢᠳᠡᠭᠡᠨ᠎ᠤ ᠬᠥᠭᠵᠢᠯᠲᠡ ᠵᠢ ᠠᠬᠢᠭᠤᠯᠬᠤ ᠰᠠᠢ᠌ᠨ ᠰᠠᠢ᠌ᠬᠠᠨ ᠪᠠᠢ᠌ᠳᠠᠯ᠎ᠢ ᠪᠣᠶ ᠪᠤᠯᠭ᠋ᠠᠪᠠ᠃ ᠲᠣᠰᠣᠨ ᠪᠤᠳᠤᠭ᠎ᠤᠨ ᠵᠢᠷᠤᠭ ᠵᠢᠷᠤᠬᠤ ᠰᠠᠭᠤᠷᠢᠨ ᠭᠠᠵᠠᠷ᠎ᠢ ᠪᠥᠲᠥᠭᠡᠨ ᠪᠠᠢ᠌ᠭᠤᠯᠪᠠ᠃ 《ᠡᠩᠬᠡ ᠳᠤᠰᠤᠨ ᠪᠤᠳᠤᠭ᠎ᠤᠨ ᠵᠢᠷᠤᠭ᠎ᠤᠨ ᠵᠢᠵᠢᠭ ᠪᠠᠯᠭ᠋ᠠᠰᠤ》 ᠵᠢ ᠬᠦᠴᠦᠯᠡᠨ ᠪᠠᠢ᠌ᠭᠤᠯᠵᠤ᠂ ᠵᠢᠯ ᠪᠦᠷᠢ ᠳᠤᠮᠳᠠᠳᠤ ᠤᠯᠤᠰ᠎ᠤᠨ ᠤᠷᠠᠨ ᠵᠢᠷᠤᠭᠴᠢᠳ᠎ᠤᠨ ᠨᠡᠢ᠌ᠭᠡᠮᠯᠢᠭ᠎ᠤᠨ ᠲᠡᠷᠢᠭᠦᠯᠡᠭᠴᠢ ᠹᠠᠨ ᠳ᠋ᠢ ᠠᠨ ᠵᠡᠷᠭᠡ ᠮᠢᠩᠭ᠎ᠠ ᠰᠢᠬᠠᠮ ᠳᠤᠰᠤᠨ ᠪᠤᠳᠤᠭ᠎ᠤᠨ ᠨᠡᠷᠡᠳᠤ ᠬᠥᠮᠦᠰ᠂ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ ᠵᠢᠨ ᠫᠷᠦᠹᠸᠰᠰᠤᠷ ᠪᠣᠯᠤᠨ ᠰᠤᠷᠤᠭᠴᠢᠳ᠎ᠢ ᠤᠷᠢᠵᠤ ᠤᠷᠠᠯᠢᠭ᠎ᠤᠨ ᠰᠣᠯᠢᠯᠴᠠᠭ᠎ᠠ᠂ ᠮᠠᠲ᠋ᠧᠷᠢᠶᠠᠯ ᠴᠤᠭᠯᠠᠭᠤᠯᠬᠤ᠂ ᠬᠠᠭᠤᠯᠤᠨ ᠵᠢᠷᠤᠬᠤ ᠵᠣᠬᠢᠶᠠᠨ ᠪᠦᠲᠦᠭᠡᠯᠭᠡ ᠵᠢᠨ ᠠᠵᠢᠯᠯᠠᠭ᠎ᠠ  ᠦᠷᠨᠢᠭᠦᠯᠬᠦ᠎ᠪᠠᠷ ᠳᠠᠮᠵᠢᠭᠤᠯᠤᠨ 《ᠡᠩᠬᠡ  ᠳᠤᠰᠤᠨ ᠪᠤᠳᠤᠭ᠎ᠤᠨ ᠵᠢᠷᠤᠭ᠎ᠤᠨ ᠵᠢᠵᠢᠭ ᠪᠠᠯᠭ᠋ᠠᠰᠤ》 ᠵᠢᠨ ᠨᠡᠷ᠎ᠡ ᠵᠢ ᠲᠠᠰᠤᠷᠠᠯᠳᠠ ᠦᠬᠡᠢ ᠠᠯᠳᠠᠷᠰᠢᠭᠤᠯᠪᠠ᠃
      ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠨᠢ ᠡᠴᠦᠰ᠎ᠤᠨ ᠡᠴᠦᠰ᠎ᠲᠤ᠎ᠪᠠᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠢᠯ᠎ᠢ ᠰᠠᠢ᠌ᠲᠤᠷ ᠬᠢᠬᠦ᠎ᠳᠤ ᠪᠤᠢ᠃ ᠳᠠᠷᠤᠢ ᠶᠠᠷᠢᠬᠤ ᠡᠷᠬᠡ ᠵᠢ ᠣᠯᠠᠨ ᠲᠦᠮᠡᠨ᠎ᠳᠤ ᠲᠤᠰᠢᠶᠠᠨ ᠥᠭᠴᠦ᠂ ᠣᠯᠠᠨ ᠲᠦᠮᠡᠨ ᠵᠶ᠋ᠡᠷ 《ᠥᠪᠡᠷ᠎ᠤᠨ ᠥᠯᠢᠭᠡᠷ ᠵᠶ᠋ᠡᠨ ᠶᠠᠷᠢᠬᠤ᠂ ᠥᠪᠡᠷ᠎ᠤᠨ ᠬᠠᠢ᠌ᠷ᠎ᠠ ᠰᠡᠳᠬᠢᠯᠭᠡ᠎ᠪᠠᠨ ᠠᠭᠤᠳᠠᠯᠬᠤ》 ᠠᠵᠢᠯᠯᠠᠭ᠎ᠠ ᠦᠷᠨᠢᠬᠦᠯᠵᠦ᠂ ᠣᠷᠣᠰ ᠦᠨᠳᠦᠰᠦᠲᠡᠨ᠎ᠤ ᠰᠢᠶᠠᠩ᠎ᠤᠨ ᠦᠨᠳᠦᠰᠦᠲᠡᠨ᠎ᠨᠦᠭᠦᠳ᠎ᠲᠠᠢ ᠢᠳᠡᠬᠡᠰᠢᠨ ᠳᠠᠰᠤᠯᠴᠠᠭᠰᠠᠨ ᠥᠯᠢᠭᠡᠷ ᠵᠶ᠋ᠡᠨ ᠶᠠᠷᠢᠵᠤ᠂ ᠬᠢᠯᠢ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠠᠢ᠌ᠨ ᠰᠠᠢ᠌ᠬᠠᠨ ᠲᠠᠭᠤᠨ᠎ᠢ  ᠳᠠᠮᠵᠢᠭᠤᠯᠬᠤ ᠶᠠᠪᠤᠳᠠᠯ ᠪᠣᠯᠤᠨ᠎ᠠ᠃ ᠲᠤᠬᠠᠶ ᠵᠢᠨ ᠭᠠᠵᠠᠷ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠨᠡᠢ᠌ᠲᠡᠯᠢᠭ ᠵᠢᠱ᠌ᠢᠶᠡᠴᠢ ᠬᠥᠮᠦᠰ᠎ᠢ ᠭᠦᠢᠴᠡᠳ ᠢᠯᠡᠷᠡᠭᠦᠯᠵᠦ᠂ 《ᠵᠢᠷᠤᠭ ᠪᠢᠴᠢᠭ + ᠸᠢᠳᠢᠣ᠋》 ᠵᠢᠨ ᠬᠡᠯᠪᠡᠷᠢ᠎ᠪᠠᠷ ᠬᠢᠯᠢ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠵᠤ᠂ ᠨᠡᠢ᠌ᠭᠡᠮ ᠳᠠᠶᠠᠭ᠋ᠠᠷ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ᠎ᠳᠤ ᠬᠠᠮᠲᠤ᠎ᠪᠠᠷ ᠣᠷᠣᠯᠴᠠᠬᠤ ᠢᠳᠡᠪᠬᠢᠵᠢᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠰᠢᠶᠠᠩ ᠪᠠᠯᠭ᠋ᠠᠰᠤ ᠵᠢ ᠪᠥᠬᠥ ᠲᠠᠯ᠎ᠠ᠎ᠪᠠᠷ ᠪᠠᠢ᠌ᠭᠤᠯᠪᠠ᠃

11.png     

      ᠵᠠᠯᠭ᠋ᠠᠭ᠋ᠠᠳ᠂ ᠡᠩᠬᠡ ᠣᠷᠣᠰ ᠦᠨᠳᠦᠰᠦᠲᠡᠨ᠎ᠤ ᠰᠢᠶᠠᠩ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠤᠯ ᠰᠢᠵᠢᠮ᠎ᠤᠨ ᠲᠣᠭᠣᠷᠢᠨ᠎ᠳᠤ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠥᠬᠥ ᠲᠠᠯ᠎ᠠ᠎ᠪᠠᠷ ᠰᠠᠢ᠌ᠲᠤᠷ ᠪᠡᠶᠡᠯᠡᠬᠦᠯᠵᠦ᠂ ᠦᠨᠳᠦᠰᠦᠲᠡᠨ᠎ᠤ ᠪᠦᠯᠬᠦᠮᠳᠡᠯ᠎ᠢ ᠪᠡᠬᠢᠵᠢᠭᠦᠯᠬᠦ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ᠂ ᠬᠢᠯᠢ ᠬᠢᠵᠠᠭ᠋ᠠᠷ᠎ᠤᠨ ᠠᠮᠤᠷ ᠲᠦᠪᠰᠢᠨ ᠪᠠ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ ᠭᠣᠤᠯᠳᠠᠯᠭ᠎ᠠ᠎ᠲᠠᠢ ᠡᠭᠦᠷᠭᠡ᠂ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠡᠳᠬᠢᠯ ᠵᠢᠡᠷ ᠨᠠᠮ ᠵᠶ᠋ᠠᠨ ᠳᠠᠭ᠋ᠠᠵᠤ᠂ ᠦᠨᠳᠦᠰᠦᠲᠡᠨ᠎ᠤ ᠪᠦᠯᠬᠦᠮᠳᠡᠯ ᠵᠶ᠋ᠡᠷ ᠤᠮᠠᠷᠠᠲᠤ ᠬᠢᠵᠠᠭ᠋ᠠᠷ ᠵᠢᠡᠨ ᠪᠡᠬᠢᠵᠢᠭᠦᠯᠬᠦ》 ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠲᠦᠷᠦᠯ ᠲᠡᠮᠳᠡᠭ᠎ᠢ ᠦᠷᠭᠦᠯᠵᠢᠯᠡᠨ ᠪᠣᠶ ᠪᠤᠯᠭ᠋ᠠᠵᠤ᠂ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠢ᠌ᠲᠤᠷ ᠶᠠᠷᠢᠵᠤ᠂ ᠬᠢᠯᠢ ᠬᠢᠵᠠᠭ᠋ᠠᠷ ᠣᠷᠣᠨ᠎ᠤ ᠠᠮᠤᠷ ᠲᠦᠪᠰᠢᠨ᠂ ᠡᠪ ᠨᠠᠢ᠌ᠷᠠᠮᠳᠠᠭᠤ᠂ ᠠᠮᠤᠷ ᠲᠣᠭᠲᠠᠭᠤᠨ᠎ᠤ ᠲᠦᠯᠦᠬᠡ ᠨᠡᠩ ᠶᠡᠬᠡ ᠬᠤᠪᠢ ᠨᠡᠮᠡᠷᠢ ᠦᠵᠡᠬᠦᠯᠬᠦ ᠪᠤᠯᠤᠨ᠎ᠠ᠃



          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄ ᠬᠥᠯᠥᠨ ᠪᠣᠢ᠌ᠷ ᠬᠣᠲᠠ ᠵᠢᠨ ᠦᠨᠳᠦᠰᠦᠲᠡᠨ᠎ᠤ ᠵᠥᠪᠯᠡᠯ