7 ᠳ᠋ᠤᠭ᠋ᠠᠷ ᠰᠠᠷ᠎ᠠ ᠵᠢᠨ 9᠎ᠤ ᠡᠳᠦᠷ᠂ 《ᠲᠠᠯ᠎ᠠ ᠨᠤᠲᠤᠭ᠎ᠲᠤ ᠪᠣᠯᠵᠤᠵᠤ᠂ ᠡᠳᠦᠷ ᠪᠦᠷᠢ ᠨᠠᠭ᠋ᠠᠳᠤᠮ ᠦᠵᠡᠶ᠎ᠡ》 ᠭᠡᠬᠦ 2024 ᠣᠨ᠎ᠤ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠤᠨ ᠤᠯᠠᠷᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ᠃ ᠰᠤᠷᠪᠤᠯᠵᠢᠯᠠᠭᠴᠢ ᠰᠣᠨᠢᠨ ᠮᠡᠳᠡᠭᠡ ᠨᠡᠢ᠍ᠲᠡᠯᠡᠬᠦ ᠬᠤᠷᠠᠯ᠎ᠠᠴᠠ ᠣᠢ᠍ᠯᠠᠭ᠋ᠠᠭᠰᠠᠨ ᠵᠶ᠋ᠠᠷ᠂ 2024 ᠣᠨ᠎ᠤ ᠬᠢᠩᠭ᠋ᠠᠨ ᠠᠢ᠍ᠮᠠᠭ᠎ᠤᠨ ᠨᠠᠭ᠋ᠠᠳᠤᠮ᠎ᠤᠨ ᠤᠯᠠᠷᠢᠯ᠎ᠨᠢ ᠭᠣᠣᠯᠳᠠᠭᠤ 《ᠲᠠᠯ᠎ᠠ ᠨᠤᠲᠤᠭ᠎ᠲᠤ ᠪᠣᠯᠵᠤᠵᠤ᠂ ᠡᠳᠦᠷ ᠪᠦᠷᠢ ᠨᠠᠭ᠋ᠠᠳᠤᠮ ᠦᠵᠡᠶ᠎ᠡ》 ᠭᠡᠬᠦ ᠨᠡᠷᠡᠲᠦ ᠲᠡᠮᠳᠡᠭ ᠵᠶ᠋ᠡᠷ ᠭᠣᠣᠯᠳᠠᠭᠤᠯᠵᠤ᠂ 7 ᠳ᠋ᠤᠭ᠋ᠠᠷ ᠰᠠᠷ᠎ᠠ ᠵᠢᠨ 17᠎ᠤ ᠡᠳᠦᠷ ᠬᠣᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠤᠯᠠᠭ᠋ᠠᠨᠮᠣᠳᠤ ᠰᠤᠮᠤᠨ᠎ᠳᠤ ᠡᠬᠢᠯᠡᠨ᠎ᠡ᠃
2024 ᠣᠨ᠎ᠤ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠤᠨ ᠤᠯᠠᠷᠢᠯ᠎ᠤᠨ ᠰᠢᠷᠢᠰ ᠠᠵᠢᠯᠯᠠᠭ᠎ᠠ ᠵᠢᠨ ᠶᠡᠷᠦᠩᠬᠡᠢ ᠪᠠᠶ᠋ᠢᠳᠠᠯ᠎ᠢ ᠲᠠᠨᠢᠯᠴᠠᠭᠤᠯᠪᠠ᠃
ᠬᠤᠷᠠᠯ ᠳᠡᠭᠡᠷ᠎ᠡ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠤᠨ 《ᠢᠳᠡᠬᠦ᠂ ᠬᠤᠨᠤᠬᠤ᠂ ᠶᠠᠪᠤᠬᠤ᠂ ᠰᠠᠭᠤᠬᠤ᠂ ᠵᠢᠭᠤᠯᠴᠢᠯᠠᠬᠤ᠂ ᠡᠳ᠋ ᠪᠠᠷᠠᠭ᠎ᠠ ᠬᠤᠳᠠᠯᠳᠤᠨ ᠠᠪᠬᠤ᠂ ᠵᠤᠭ᠋ᠠᠯᠠᠨ ᠴᠡᠩᠭᠡᠬᠦ》 ᠵᠡᠷᠭᠡ ᠵᠢᠭᠤᠯᠴᠢᠯᠠᠭᠰᠠᠳ᠎ᠤᠨ ᠠᠩᠬᠠᠷᠤᠯ ᠲᠠᠯᠪᠢᠵᠤ ᠪᠠᠢ᠌ᠭ᠎ᠠ ᠠᠭᠤᠯᠭ᠎ᠠ ᠵᠢ ᠨᠡᠶ᠋ᠢᠲᠡᠯᠡᠪᠡ᠃ ᠡᠭᠦᠨ᠎ᠤ ᠬᠠᠮᠲᠤ᠂ 《ᠡᠨᠡ ᠵᠢᠯ᠎ᠤᠨ ᠨᠠᠭ᠋ᠠᠳᠤᠮ ᠥᠩᠭᠡᠷᠡᠭᠰᠡᠨ ᠵᠢᠯᠤᠳᠬᠢᠲᠠᠢ ᠶᠠᠮᠠᠷ ᠢᠯᠭ᠋ᠠᠭ᠎ᠠ᠎ᠲᠠᠢ᠂ ᠬᠠᠮᠤᠭ᠎ᠤᠨ ᠥᠪᠡᠷᠮᠢᠴᠡ ᠣᠨᠴᠠᠯᠢᠭ᠎ᠲᠠᠢ ᠪᠠ ᠠᠩᠬᠠᠷᠤᠮᠵᠢ᠎ᠲᠠᠢ ᠲᠥᠷᠥᠯ ᠵᠦᠢ᠍ᠯ᠎ᠳᠤ ᠶᠠᠭᠤ ᠶᠠᠭᠤ ᠪᠠᠢ᠌ᠬᠤ》 《ᠬᠢᠩᠭ᠋ᠠᠨ ᠠᠶ᠋ᠢᠮᠠᠭ ᠬᠡᠷᠬᠢᠨ ᠥᠩᠭᠡᠷᠡᠭᠰᠡᠨ᠎ᠤ ᠬᠡᠯᠪᠡᠷᠢ ᠵᠢ ᠬᠡᠷᠬᠢᠨ ᠬᠤᠪᠢᠷᠠᠭᠤᠯᠵᠤ 〈ᠡᠳᠦᠷ ᠪᠦᠷᠢ ᠨᠠᠭ᠋ᠠᠳᠤᠮ᠎ᠲᠠᠢ᠂ ᠰᠥᠨᠢ ᠪᠦᠷᠢ ᠤᠯᠠᠭ᠋ᠠᠨᠮᠥ᠋ᠴᠢᠷ᠎ᠲᠠᠢ ᠪᠣᠯᠭ᠋ᠠᠬᠤ》 《ᠬᠢᠩᠭ᠋ᠠᠨ ᠠᠶ᠋ᠢᠮᠠᠭ ᠨᠠᠭ᠋ᠠᠳᠤᠮ᠎ᠤᠨ ᠲᠠᠪᠴᠠᠩ ᠳᠡᠭᠡᠷ᠎ᠡ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠠᠵᠢᠯ᠎ᠢ ᠬᠡᠷᠬᠢᠨ ᠥᠷᠨᠢᠭᠦᠯᠬᠦ》 ᠵᠡᠷᠭᠡ ᠠᠭᠤᠯᠭ᠎ᠠ ᠵᠢᠨ ᠲᠤᠬᠠᠶ ᠰᠤᠷᠪᠤᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠵᠠᠶ᠃

ᠰᠤᠷᠪᠤᠯᠵᠢᠯᠠᠭᠴᠢ ᠠᠰᠠᠭᠤᠯᠲᠠ ᠠᠰᠠᠭᠤᠵᠤ ᠪᠠᠢ᠌ᠭ᠎ᠠ᠎ᠨᠢ
ᠣᠶ᠋ᠢᠯᠠᠭ᠋ᠠᠭᠰᠠᠨ ᠵᠶ᠋ᠠᠷ ᠲᠣᠰ ᠤᠳᠠᠭ᠋ᠠᠨ᠎ᠤ ᠨᠠᠭ᠋ᠠᠳᠤᠮ᠎ᠤᠨ ᠤᠯᠠᠷᠢᠯ᠎ᠤᠨ ᠰᠢᠷᠢᠰ ᠠᠵᠢᠯᠯᠠᠭ᠎ᠠ᠎ᠨᠢ 7 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯᠠᠬᠢ 33 ᠡᠳᠦᠷ ᠶᠠᠪᠤᠭᠳᠠᠬᠤ ᠪᠣᠯᠣᠨ᠎ᠠ᠂ ᠠᠵᠢᠯᠯᠠᠭ᠎ᠠ᠎ᠨᠢ ᠡᠬᠢᠯᠡᠯᠲᠡ ᠵᠢᠨ ᠶᠣᠰᠣᠯᠠᠯ᠂ ᠰᠣᠶᠣᠯ ᠤᠳᠬ᠎ᠠ ᠤᠷᠠᠯᠢᠭ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠵᠢᠭᠤᠯᠴᠢᠯᠠᠵᠤ ᠪᠡᠶᠡᠴᠢᠯᠡᠨ ᠣᠢ᠌ᠯᠠᠭ᠋ᠠᠬᠤ ᠵᠡᠷᠭᠡ ᠳᠥᠷᠪᠡᠨ ᠶᠡᠭᠡ ᠲᠥᠷᠥᠯ᠎ᠤᠨ 100 ᠭᠠᠷᠤᠶ ᠵᠦᠢ᠍ᠯ᠎ᠤᠨ ᠠᠭᠤᠯᠭ᠎ᠠ᠎ᠲᠠᠢ ᠶᠤᠮ᠂ ᠥᠩᠭᠡᠷᠡᠭᠰᠡᠨ᠎ᠤ᠎ᠬᠢ᠎ᠲᠠᠢ ᠬᠠᠷᠢᠴᠠᠭᠤᠯᠪᠠᠯ ᠴᠠᠭ᠎ᠨᠢ ᠨᠠᠩ ᠣᠷᠳᠣ᠂ ᠠᠭᠤᠯᠭ᠎ᠠ᠎ᠨᠢ ᠨᠠᠩ ᠪᠠᠶᠠᠯᠢᠭ ᠪᠣᠯᠤᠨ᠎ᠠ᠃ ᠨᠠᠭ᠋ᠠᠳᠤᠮ᠎ᠤᠨ ᠤᠯᠠᠷᠢᠯ᠎ᠳᠤ 《ᠡᠳᠦᠷ ᠪᠣᠯᠭ᠋ᠠᠨ ᠨᠠᠭ᠋ᠠᠳᠤᠮ》 ᠲᠣᠬᠢᠷᠠᠭᠤᠯᠵᠤ᠂ ᠤᠯᠠᠮᠵᠢᠯᠠᠯᠳᠤ ᠨᠠᠭ᠋ᠠᠳᠤᠮ᠎ᠢ ᠪᠡᠶᠡᠴᠢᠯᠡᠨ ᠣᠢ᠌ᠯᠠᠭ᠋ᠠᠬᠤ᠂ ᠨᠠᠭ᠋ᠠᠳᠤᠮ᠎ᠲᠠᠢ ᠰᠦᠨᠢ᠂ ᠲᠠᠯ᠎ᠠ ᠨᠤᠳᠤᠭ᠎ᠤᠨ ᠨᠠᠢ᠌ᠷᠲᠠᠢ ᠰᠦᠨᠢ᠂ ᠨᠠᠭ᠋ᠠᠳᠤᠮ᠎ᠤᠨ ᠵᠠᠬ᠎ᠠ᠂ 《ᠬᠢᠯᠢ ᠵᠢᠨ ᠮᠤᠷᠢᠲᠠᠨ》 ᠮᠣᠷᠢᠨ ᠮᠡᠷᠭᠡᠵᠢᠯ᠎ᠤᠨ ᠪᠤᠳᠠᠳᠤ ᠦᠵᠡᠭᠳᠡᠯ᠎ᠳᠤ ᠵᠦᠴᠦᠭᠡ᠂ ᠹᠧᠩ ᠴᠢᠦ ᠬᠤᠸᠠᠩ ᠳ᠋ᠧᠩ᠎ᠤᠨ ᠭᠡᠷᠡᠯ᠎ᠤᠨ ᠦᠵᠡᠭᠦᠯᠭᠡ᠂ ᠲᠠᠯ᠎ᠠ ᠨᠤᠳᠤᠭ᠎ᠤᠨ ᠵᠠᠭᠤᠨ ᠲᠣᠭᠤᠭ᠋ᠠᠨ ᠳᠠᠢ᠌ᠯᠠᠯᠭ᠎ᠠ ᠵᠡᠷᠭᠡ 7 ᠲᠣᠭᠲᠠᠮᠠᠯ ᠠᠭᠤᠯᠭ᠎ᠠ ᠵᠢ ᠡᠳᠦᠷ ᠪᠥᠷᠢ ᠦᠷᠨᠢᠭᠦᠯᠬᠦ ᠪᠤᠯᠤᠨ᠎ᠠ᠃ ᠠᠵᠤ ᠠᠬᠤᠶ᠋ᠢᠯᠠᠯ᠎ᠤᠨ᠎ᠬᠢᠨ ᠨᠠᠭ᠋ᠠᠳᠤᠮ᠎ᠤᠨ ᠲᠠᠪᠴᠠᠩ᠎ᠢ ᠠᠰᠢᠭᠯᠠᠨ ᠪᠦᠯᠬᠦᠮ᠎ᠤᠨ ᠪᠠᠶ᠋ᠢᠭᠤᠯᠤᠯᠲᠠ᠂ ᠲᠠᠸᠠᠷ᠎ᠤᠨ ᠦᠵᠡᠭᠦᠯᠭᠡ᠂ ᠲᠡᠷᠭᠡᠨ ᠦᠵᠡᠭᠦᠯᠭᠡ᠂ ᠠᠮᠲᠠᠲᠤ ᠢᠳᠡᠭᠡᠨ᠎ᠤ ᠦᠵᠡᠭᠦᠯᠭᠡ᠂ ᠠᠵᠤ ᠠᠬᠤᠶ ᠠᠷᠠᠯᠵᠢᠶᠠᠨ᠎ᠤ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ᠂ ᠠᠷᠢᠬᠢᠨ ᠴᠤᠭᠯᠠᠭ᠋ᠠᠨ ᠵᠡᠷᠭᠡ ᠭᠤᠤᠯ ᠰᠡᠳᠦᠪᠲᠦ ᠡᠳᠦᠷ᠎ᠤᠨ ᠠᠵᠢᠯᠯᠠᠭ᠎ᠠ ᠡᠷᠬᠢᠯᠡᠬᠦ ᠵᠢ ᠪᠠᠰᠠ ᠵᠣᠷᠢᠭᠵᠢᠭᠤᠯᠵᠠᠶ᠃
2024 ᠣᠨ᠎ᠤ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠤᠨ ᠤᠯᠠᠷᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠠᠬᠤᠢ ᠲᠠᠯᠠᠪᠠᠢ
2024 ᠣᠨ᠎ᠤ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠤᠨ ᠤᠯᠠᠷᠢᠯ ᠪᠣᠯ ᠬᠡᠷᠡᠭᠯᠡᠭᠡ ᠵᠢ ᠦᠷᠭᠦᠯᠵᠢᠯᠡᠨ ᠥᠷᠭᠡᠳᠬᠡᠬᠦ ᠵᠢ ᠠᠬᠢᠭᠤᠯᠬᠤ᠂ ᠰᠣᠶᠣᠯ ᠵᠤᠭ᠎ᠠ ᠴᠡᠩᠭᠡᠯ᠎ᠤᠨ ᠵᠢᠭᠤᠯᠴᠢᠯᠠᠯ ᠵᠡᠷᠭᠡ ᠰᠢᠨ᠎ᠡ ᠬᠡᠷᠡᠭᠯᠡᠭᠡᠨ᠎ᠤ ᠨᠡᠮᠡᠭᠳᠡᠯ᠎ᠤᠨ ᠴᠡᠭ᠎ᠢ ᠢᠳᠡᠪᠬᠢᠲᠡᠶ ᠬᠦᠭᠵᠢᠭᠦᠯᠬᠦ᠂ 2024 ᠣᠨ᠎ᠤ ᠪᠥᠬᠦ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠬᠦ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠮᠥᠨ᠂ ᠪᠥᠬᠦ ᠤᠯᠤᠰ᠂ ᠪᠥᠬᠦ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠠᠶ᠋ᠢᠲᠤᠷ ᠨᠠᠶ᠋ᠢᠳᠠᠪᠤᠷᠢᠵᠢᠭᠤᠯᠬᠤ ᠴᠢᠬᠤᠯᠠ ᠰᠣᠶᠣᠯ ᠵᠢᠭᠤᠯᠴᠢᠯᠠᠯ᠎ᠤᠨ ᠠᠵᠢᠯᠯᠠᠭ᠎ᠠ ᠮᠥᠨ᠃ ᠣᠯᠠᠨ ᠵᠢᠯ᠎ᠤᠨ ᠲᠤᠷᠰᠢ᠂ ᠬᠢᠩᠭ᠋ᠠᠨ ᠠᠶ᠋ᠢᠮᠠᠭ ᠢᠮᠠᠭᠲᠠ ᠨᠠᠭ᠋ᠠᠳᠤᠮ᠎ᠤᠨ ᠶᠡᠭᠡ ᠬᠤᠷᠠᠯ᠎ᠢ ᠵᠢᠭᠤᠯᠴᠢᠯᠠᠯ᠎ᠤᠨ ᠠᠵᠤ ᠠᠬᠤᠶ ᠵᠢ ᠳᠠᠶ᠋ᠢᠴᠢᠯᠠᠬᠤ᠂ ᠭᠠᠵᠠᠷ ᠣᠷᠣᠨ᠎ᠤ ᠠᠯᠳᠠᠷᠰᠢᠯ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠴᠢᠬᠤᠯᠠ ᠠᠴᠢᠶᠠᠯᠠᠭᠴᠢ ᠪᠣᠯᠭ᠋ᠠᠵᠤ᠂ ᠨᠠᠭ᠋ᠠᠳᠤᠮ᠎ᠤᠨ ᠶᠡᠭᠡ ᠬᠤᠷᠠᠯ᠎ᠤᠨ ᠠᠭᠤᠯᠭ᠎ᠠ ᠵᠢ ᠲᠠᠰᠤᠷᠠᠯᠲᠠ ᠥᠬᠡᠶ ᠪᠠᠶᠠᠯᠢᠭᠵᠢᠭᠤᠯᠤᠨ ᠲᠡᠭᠦᠯᠳᠡᠷᠵᠢᠭᠦᠯᠪᠡ᠃ 2022 ᠣᠨ᠎ᠤ ᠶᠢᠰᠦᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠶ᠋ᠢᠷ᠎ᠤᠨ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠠᠴᠠ 2023 ᠣᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠶᠡᠭᠡ ᠬᠤᠷᠠᠯ ᠬᠢᠩᠭ᠋ᠠᠨ ᠠᠶ᠋ᠢᠮᠠᠭ᠎ᠤᠨ ᠨᠠᠭ᠋ᠠᠳᠤᠮ ᠬᠦᠷᠲᠡᠯ᠎ᠡ᠂ 《ᠨᠠᠭ᠋ᠠᠳᠤᠮ +》 ᠠᠮᠵᠢᠯᠲᠠ᠎ᠲᠠᠢ ᠲᠤᠷᠰᠢᠯᠭ᠎ᠠ ᠵᠢ ᠰᠦᠪᠡᠭᠴᠢᠯᠡᠨ ᠭᠠᠷᠭ᠋ᠠᠵᠤ᠂ ᠨᠠᠭ᠋ᠠᠳᠤᠮ᠎ᠤᠨ ᠬᠤᠷᠠᠯ᠎ᠢ ᠨᠡᠩ ᠢᠯᠡᠭᠦᠦ ᠠᠩᠬᠠᠷᠤᠮᠵᠢ᠎ᠲᠠᠢ ᠪᠣᠯᠭ᠋ᠠᠵᠤ᠂ ᠬᠢᠩᠭ᠋ᠠᠨ ᠠᠶ᠋ᠢᠮᠠᠭ᠎ᠤᠨ ᠨᠠᠭ᠋ᠠᠳᠤᠮ᠎ᠢ ᠲᠦᠷᠭᠡᠳᠬᠡᠨ ᠠᠯᠳᠠᠷᠰᠢᠭᠤᠯᠪᠠ᠂ ᠵᠢᠭᠤᠯᠴᠢᠯᠠᠭᠰᠠᠳ᠎ᠤᠨ 《ᠤᠷᠤᠰᠴᠠ ᠵᠢᠨ ᠨᠢᠭᠤᠴᠠ ᠨᠣᠮᠧᠷ》᠎ᠢ ᠬᠠᠮᠤᠭ᠎ᠤᠨ ᠶᠡᠭᠡ ᠬᠡᠮᠵᠢᠶ᠎ᠡ᠎ᠪᠠᠷ ᠬᠦᠴᠦᠷᠬᠡᠭᠵᠢᠭᠦᠯᠵᠦ᠂ ᠵᠢᠭᠤᠯᠴᠢᠯᠠᠯ᠎ᠤᠨ ᠠᠵᠤ ᠦᠢ᠍ᠯᠡᠰ᠎ᠢ ᠪᠦᠬᠦ ᠠᠶ᠋ᠢᠮᠠᠭ᠎ᠤᠨ ᠠᠵᠤ ᠠᠬᠤᠢ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯᠭ᠋ᠠᠬᠤ ᠵᠢ ᠠᠬᠢᠭᠤᠯᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ