ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
《ᠬᠠᠮᠲᠤ ᠵᠢᠨ ᠴᠣᠭᠴᠠ ᠵᠢ ᠪᠠᠲᠤᠳᠬᠠᠵᠤ ᠳᠤᠮᠳᠠᠲᠤ ᠵᠢᠨ ᠬᠦᠮᠦᠰ ᠨᠢᠭᠡ ᠭᠡᠷ ᠪᠦᠯᠢ ᠵᠢᠨ᠎ᠬᠢᠨ ᠮᠡᠲᠦ ᠳᠣᠲᠤᠨᠤ》 ᠭᠡᠬᠦ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠰᠤᠷᠪᠤᠯᠵᠢᠯᠠᠬᠤ ᠪᠦᠯᠬᠦᠮ ᠤᠷᠳᠤᠰ᠎ᠲᠤ ᠬᠦᠷᠴᠦ᠂ ᠳ᠋ᠦ᠋ ᠾᠦᠢ ᠯᠢᠶᠠᠩ ᠠᠭᠤᠯᠵᠠᠯᠲᠠ ᠵᠢᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2024-07-09

      6 ᠳ᠋ᠤᠭ᠋ᠠᠷ ᠰᠠᠷ᠎ᠠ ᠵᠢᠨ 28᠎ᠤ ᠡᠳᠦᠷ᠂ ᠲᠥᠪ᠎ᠤᠨ ᠤᠬᠠᠭᠤᠯᠬᠤ ᠬᠡᠯᠲᠡᠰ᠎ᠠᠴᠠ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠲᠠᠢ ᠬᠠᠮᠲᠤᠷᠠᠨ ᠡᠷᠭᠢᠯᠡᠭᠰᠡᠨ 《ᠬᠠᠮᠲᠤ ᠵᠢᠨ ᠴᠣᠭᠴᠠ ᠵᠢ ᠪᠠᠲᠤᠳᠬᠠᠵᠤ ᠳᠤᠮᠳᠠᠳᠤ ᠵᠢᠨ ᠬᠦᠮᠦᠰ ᠨᠢᠭᠡ ᠬᠡᠷ ᠪᠦᠯᠢ ᠵᠢᠨ᠎ᠬᠢᠨ ᠮᠡᠲᠦ ᠲᠣᠳᠤᠨᠤ》 ᠭᠡᠬᠦ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠰᠤᠷᠪᠤᠯᠵᠢᠯᠠᠬᠤ ᠪᠦᠯᠬᠦᠮ ᠣᠷᠳᠣᠰ᠎ᠲᠤ ᠬᠦᠷᠪᠡ᠃ ᠬᠤᠲᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ ᠵᠢᠨ ᠳᠠᠷᠤᠭ᠎ᠠ ᠳ᠋ᠦ᠋ ᠾᠦᠢ ᠯᠢᠶᠠᠩ ᠠᠭᠤᠯᠵᠠᠯᠲᠠ ᠵᠢᠨ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠵᠢᠨ ᠳᠡᠳ᠋ ᠳᠠᠷᠤᠭ᠎ᠠ ᠮᠢᠶᠣᠣ ᠴᠧᠩ ᠢᠦᠶ ᠬᠤᠷᠠᠯ᠎ᠳᠤ ᠣᠷᠣᠯᠴᠠᠪᠠ᠃

1.jpg 

2.jpg 

      ᠳ᠋ᠦ᠋ ᠾᠦᠢ ᠯᠢᠶᠠᠩ ᠡᠯ᠎ᠡ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠤ ᠤᠷᠳᠤᠰ ᠬᠤᠳᠠ ᠵᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠤᠷᠳᠤᠰ ᠬᠣᠲᠠ ᠶᠡᠷᠦᠩᠭᠡᠢ ᠱᠦᠵᠢ ᠰᠢ ᠵᠢᠨ ᠫᠢᠡᠭ᠎ᠤᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠤᠮᠳᠠᠳᠤ ᠵᠢᠨ ᠦᠨᠳᠤᠰᠦᠳᠡᠨ᠎ᠤ ᠬᠠᠮᠳᠤ ᠵᠢᠨ ᠴᠤᠬ᠍ᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠠ ᠲᠦᠷᠦᠯ᠎ᠤᠨ ᠠᠵᠢᠯ᠎ᠤᠨ ᠭᠤᠤᠯ  ᠰᠢᠵᠢᠮ ᠪᠤᠯᠭ᠋ᠠᠬᠤ ᠵᠢ ᠪᠠᠷᠢᠮᠳᠠᠯᠠᠵᠤ᠂ ᠴᠢᠨᠠᠷ ᠰᠠᠶ᠋ᠢᠳᠠᠢ ᠭᠦᠭᠵᠢᠯᠳᠠ ᠵᠢ ᠠᠭᠢᠭᠤᠯᠬᠤ ᠲᠡᠷᠢᠭᠦᠨ ᠴᠢᠬᠤᠯᠠ ᠡᠭᠦᠷᠭᠡ᠂ ᠦᠨᠳᠤᠰᠦᠳᠡᠨ᠎ᠤ ᠪᠦᠯᠭᠦᠮᠳᠠᠯ ᠲᠠᠪᠰᠢᠯᠳᠠ ᠵᠢ ᠠᠬᠢᠭᠤᠯᠬᠤ ᠭᠤᠤᠯ ᠬᠦᠭ ᠠᠶᠠᠰ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠭᠦᠭᠵᠢᠯᠳᠠ ᠵᠢᠨ ᠦᠵᠠᠯ ᠰᠠᠨᠠᠭ᠎ᠠ᠂ ᠦᠨᠳᠤᠰᠦᠳᠡᠨ᠎ᠤ ᠭᠠᠵᠠᠷ ᠤᠷᠤᠨ᠎ᠤ ᠠᠮᠤᠷ ᠲᠤᠬᠳᠠᠭᠤᠨ ᠪᠠᠶ᠋ᠢᠳᠠᠯ᠎ᠢ ᠬᠠᠮᠠᠭ᠋ᠠᠯᠠᠬᠤ ᠬᠤᠷᠢᠭ᠎ᠠ ᠱᠤᠭᠤᠮ᠎ᠤᠨ ᠱᠠᠭ᠋ᠠᠷᠳᠠᠯᠭ᠎ᠠ ᠵᠡᠷᠭᠡ ᠵᠢ ᠪᠠᠲᠤ ᠡᠵᠡᠮᠲᠡᠵᠦ᠂ 《ᠵᠢᠱ᠌ᠢᠶᠠᠴᠢ ᠦᠪᠡᠷᠳᠡᠭᠡᠨ ᠵᠠᠰᠠᠬᠤ ᠤᠷᠤᠨ》᠎ᠤ ᠡᠷᠬᠢᠮ ᠲᠡᠭᠡᠳᠤ ᠢᠷᠠᠭᠤ ᠠᠯᠳᠠᠷ᠎ᠢ ᠬᠠᠮᠠᠭ᠋ᠠᠯᠠᠬᠤ ᠲᠠᠯ᠎ᠠ᠎ᠪᠠᠷ ᠤᠷᠳᠤᠰ᠎ᠤᠨ ᠭᠦᠴᠦᠨ ᠴᠢᠳᠠᠯ ᠵᠶ᠋ᠠᠨ ᠡᠷᠭᠦᠭᠦ᠎ᠪᠠᠷ ᠴᠢᠷᠮᠠᠢ᠌ᠨ᠎ᠠ᠃ ᠡᠯ᠎ᠡ ᠲᠣᠮᠣ ᠵᠠᠭᠤᠴᠢᠯᠠᠭᠤᠷ᠎ᠤᠨ᠎ᠬᠢᠨ ᠣᠷᠳᠣᠰ ᠬᠤᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠥᠪᠡᠷᠮᠢᠴᠡ ᠬᠢᠯᠠᠰ ᠴᠡᠭ᠎ᠢ ᠭᠦᠨᠵᠡᠭᠡᠶ ᠠᠭᠤᠳᠠᠯᠵᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠪᠦᠯᠬᠦᠮᠳᠡᠨ ᠲᠡᠮᠡᠴᠡᠭᠰᠡᠨ ᠠᠮᠢᠳᠤᠯᠢᠭ ᠥᠯᠢᠭᠡᠷ᠎ᠢ ᠰᠠᠶ᠋ᠢᠲᠤᠷ ᠶᠠᠷᠢᠵᠤ᠂ ᠬᠠᠯᠠᠭᠤᠨ ᠳᠣᠲᠤᠨᠤᠰᠤᠭ ᠣᠷᠳᠣᠰ᠎ᠤᠨ ᠪᠤᠲᠠᠲᠤ ᠳᠦᠷᠢ ᠲᠥᠷᠬᠦ ᠵᠢ ᠪᠥᠬᠦ ᠲᠠᠯ᠎ᠠ᠎ᠪᠠᠷ ᠢᠯᠡᠷᠡᠭᠦᠯᠬᠦ ᠵᠢ ᠬᠦᠰᠡᠪᠡ᠃
      ᠣᠶ᠋ᠢᠯᠠᠭ᠋ᠠᠭᠰᠠᠨ ᠵᠶ᠋ᠠᠷ ᠲᠣᠰ ᠤᠳᠠᠭ᠋ᠠᠨ᠎ᠤ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠬᠤᠭᠤᠴᠠᠭ᠋ᠠᠨ᠎ᠳᠤ ᠠᠷᠠᠳ᠎ᠤᠨ ᠡᠳᠦᠷ᠎ᠤᠨ ᠰᠣᠨᠢᠨ᠎ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠡᠷᠭᠡ 21 ᠵᠠᠭᠤᠴᠢᠯᠠᠭᠤᠷ᠎ᠤᠨ 59 ᠰᠤᠷᠪᠤᠯᠵᠢᠯᠠᠭᠴᠢ 《ᠪᠣᠭᠤᠮᠲᠠ ᠵᠢᠨ ᠭᠠᠳᠠᠨᠠᠬᠢ ᠲᠠᠯ᠎ᠠ ᠨᠤᠲᠤᠭ᠎ᠤᠨ ᠰᠢᠨ᠎ᠡ ᠠᠶ᠎ᠠ》 ᠭᠡᠬᠦ ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠠᠬᠤᠶ᠋ᠢᠯᠠᠯ᠂ ᠰᠤᠷᠭ᠋ᠠᠭᠤᠯᠢ᠂ ᠨᠡᠶ᠋ᠢᠭᠡᠮ ᠲᠣᠭᠤᠷᠢᠭ᠂ ᠭᠠᠴᠠᠭ᠎ᠠ ᠲᠣᠰᠬᠤᠨ ᠵᠡᠷᠭᠡ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠵᠦ᠂ ᠣᠷᠳᠣᠰ ᠬᠤᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠤᠭᠰᠠᠨ᠂ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠪᠠ ᠠᠮᠢ ᠠᠬᠤᠶ ᠵᠢᠨ ᠵᠠᠰᠠᠯᠲᠠ ᠵᠢ ᠠᠬᠢᠭᠤᠯᠤᠭᠰᠠᠨ ᠵᠡᠷᠭᠡ ᠠᠵᠢᠯ᠎ᠤᠨ ᠦᠷ᠎ᠡ ᠪᠦᠲᠦᠮᠵᠢ ᠲᠤᠷᠰᠢᠯᠭ᠎ᠠ ᠵᠢ ᠭᠣᠣᠯᠳᠠᠭᠤ ᠰᠤᠷᠪᠤᠯᠵᠢᠯᠠᠨ ᠮᠡᠳᠡᠭᠡᠯᠡᠬᠦ ᠪᠣᠯᠤᠨ᠎ᠠ᠃



          ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠣᠷᠳᠣᠰ ᠬᠤᠲᠠ ᠵᠢᠨ ᠦᠨᠳᠦᠰᠦᠲᠡᠨ᠎ᠤ ᠵᠥᠪᠯᠡᠯ