ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠲᠦᠩᠯᠢᠶᠣᠣ ᠬᠣᠲᠠ ᠵᠢᠨ ᠺᠠᠢ᠌ᠯᠤ ᠰᠢᠶᠠᠨ᠄ ᠦᠨᠳᠦᠰᠦᠲᠡᠨ᠎ᠨᠦᠭᠦᠳ ᠪᠦᠯᠬᠦᠮᠳᠡᠨ ᠲᠠᠪᠰᠢᠵᠦ ᠠᠨᠠᠷ ᠦᠷ᠎ᠡ ᠰᠢᠭ ᠨᠢᠭᠲᠠᠷᠠᠨ᠎ᠠ
ᠨᠡᠶ᠋ᠢᠲᠡᠯᠡᠭᠰᠡᠨ ᠴᠠᠭ᠄ 2024-08-16

      ᠣᠢ᠌ᠷ᠎ᠠ ᠵᠢᠨ ᠵᠢᠯ᠎ᠠᠴᠠ ᠺᠠᠢ᠌ᠯᠤ ᠰᠢᠶᠠᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠦᠴᠦᠨ᠎ᠢ ᠨᠢᠭᠲᠠᠷᠠᠭᠤᠯᠬᠤ᠎ᠪᠠᠷ ᠭᠠᠷᠳᠠᠴᠠ ᠪᠣᠯᠭ᠋ᠠᠵᠤ᠂ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠠᠷ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠤᠳᠴᠦ 《ᠲᠠᠪᠤᠨ ᠮᠡᠳᠡᠷᠡᠬᠦᠢ》 ᠵᠢ᠎ᠨᠢ ᠴᠢᠩᠭ᠋ᠠᠳᠬᠠᠵᠤ᠂ ᠪᠤᠳᠠᠳᠠᠢ ᠲᠥᠷᠥᠭᠳᠡᠯ᠎ᠲᠠᠢ ᠪᠦᠳᠦᠮᠵᠢ᠎ᠲᠠᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠦᠨᠳᠦᠰᠦᠲᠡᠨ᠎ᠤ ᠪᠦᠯᠬᠦᠮᠳᠡᠯ᠎ᠤᠨ ᠺᠠᠢ᠌ᠯᠤ ᠵᠢᠨ ᠦᠯᠢᠭᠡᠷ᠎ᠢ ᠰᠠᠢ᠌ᠲᠤᠷ ᠶᠠᠷᠢᠵᠠᠢ᠃
      ᠳ᠋ᠠ ᠢᠦᠢ ᠱᠤ᠌ ᠪᠠᠯᠭ᠋ᠠᠰᠤᠨ᠎ᠤ ᠭᠣᠣᠯ ᠬᠡᠦᠬᠡᠳ᠎ᠤᠨ ᠴᠡᠴᠡᠷᠯᠢᠭ᠎ᠲᠤ ᠪᠠᠭᠰᠢ ᠰᠤᠷᠤᠭᠴᠢᠳ ᠥᠪᠡᠷ᠎ᠤᠨ ᠨᠠᠢ᠌ᠷᠠᠭᠤᠯᠵᠤ ᠤᠳᠤᠷᠢᠳᠤᠭᠰᠠᠨ 《ᠳᠤᠮᠳᠠᠳᠤ ᠵᠢᠨ ᠦᠨᠳᠦᠰᠦᠲᠡᠨ ᠨᠢᠭᠡ ᠭᠡᠷ ᠪᠥᠯᠢ ᠵᠢᠨ᠎ᠬᠢᠨ ᠮᠡᠳᠦ ᠲᠤᠳᠤᠨᠤ》 ᠭᠡᠬᠦ ᠬᠡᠦᠬᠡᠳ᠎ᠤᠨ ᠵᠦᠴᠦᠭᠡ ᠵᠶ᠋ᠡᠨ ᠲᠣᠭᠯᠠᠵᠤ ᠪᠠᠢ᠌ᠯ᠎ᠠ᠃ ᠬᠡᠦᠬᠡᠳ ᠡᠯ᠎ᠡ ᠦᠨᠳᠦᠰᠦᠲᠡᠨ᠎ᠤ ᠬᠤᠪᠴᠠᠰᠤ᠎ᠪᠠᠷ ᠭᠤᠶᠤᠯᠠᠵᠦ ᠨᠠᠢ᠌ᠵᠠ ᠡᠷᠢᠬᠦ ᠬᠥᠭᠵᠢᠮ᠎ᠤᠨ ᠠᠶᠠᠰ ᠳᠤᠮᠳᠠ ᠭᠦᠨ ᠰᠡᠳᠬᠢᠯᠭᠡ᠎ᠪᠠᠷ ᠲᠤᠭᠯᠠᠵᠤ᠂ ᠴᠤᠪᠤᠭᠤ ᠲᠡᠭᠵᠢᠨ ᠬᠥᠳᠡᠯᠦᠯ ᠪᠠᠷᠢᠯ ᠵᠶ᠋ᠡᠷ ᠵᠶ᠋ᠡᠨ ᠮᠠᠨ᠎ᠤ ᠤᠯᠤᠰ᠎ᠤᠨ ᠦᠨᠳᠦᠰᠦᠲᠡᠨ᠎ᠤ ᠰᠣᠶᠣᠯ᠎ᠤᠨ ᠣᠯᠠᠨ ᠶᠠᠩᠵᠤᠲᠤ ᠴᠢᠨᠠᠷ᠎ᠢ ᠠᠮᠢᠳᠤᠯᠢᠭ ᠵᠶ᠋ᠠᠷ ᠢᠯᠡᠷᠡᠭᠦᠯᠵᠦ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ ᠪᠥᠯᠢ ᠵᠢᠨ᠎ᠬᠢᠨ ᠮᠡᠳᠦ ᠲᠤᠳᠤᠨᠤ ᠪᠠᠢ᠌ᠬᠤ ᠪᠠᠶᠠᠯᠢᠭ ᠠᠭᠤᠯᠤᠭᠳᠠᠬᠤᠨ᠎ᠢ ᠲᠠᠢ᠌ᠯᠪᠤᠷᠢᠯᠠᠵᠤ᠂ ᠬᠡᠦᠬᠡᠳ᠎ᠤᠨ ᠠᠪᠢᠶᠠᠰ ᠴᠢᠳᠠᠪᠤᠷᠢ᠎ᠢ ᠢᠯᠡᠷᠡᠭᠦᠯᠦᠭᠡᠳ᠂ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠴᠢᠩᠭ᠋ᠠᠳᠬᠠᠭᠰᠠᠨ ᠪᠠᠢ᠌ᠨ᠎ᠠ᠃
      ᠭᠣᠸ᠋ ᠸᠠᠨ ᠴᠢᠩ ᠵᠦᠴᠦᠭᠡ᠎ᠳᠤ᠎ᠪᠠᠨ ᠮᠣᠩᠭᠣᠯ ᠪᠢᠴᠢᠬᠠᠨ ᠨᠠᠢ᠌ᠵᠠ ᠭᠤᠸ᠎ᠠ ᠵᠢ ᠲᠣᠭᠯᠠᠪᠠ᠂ ᠡᠨᠡ ᠤᠳᠠᠭ᠋ᠠᠨ᠎ᠤ ᠲᠣᠭᠯᠠᠯᠲᠠ᠎ᠨᠢ ᠲᠡᠭᠦᠨ᠎ᠳᠤ ᠡᠬᠡ ᠤᠯᠤᠰ᠎ᠤᠨ ᠣᠯᠠᠨ ᠡᠰᠢᠲᠦ ᠰᠣᠶᠣᠯ᠎ᠢ ᠭᠦᠨᠵᠡᠭᠡᠢ ᠣᠢ᠌ᠯᠠᠭ᠋ᠠᠭᠤᠯᠤᠭᠰᠠᠨ ᠵᠶ᠋ᠠᠷ ᠪᠠᠷᠠᠬᠤ ᠦᠭᠡᠢ᠂ ᠪᠠᠰᠠ ᠦᠨᠳᠦᠰᠦᠲᠡᠨ᠎ᠤ ᠪᠦᠯᠬᠦᠮᠳᠡᠯ᠎ᠤᠨ ᠴᠢᠬᠤᠯᠠ ᠴᠢᠨᠠᠷ᠎ᠢ ᠮᠡᠳᠡᠷᠡᠭᠦᠯᠦᠭᠰᠡᠨ ᠪᠠᠢ᠌ᠨ᠎ᠠ᠃ 《ᠡᠨᠡ ᠬᠦ᠌ ᠬᠡᠦᠬᠡᠳ᠎ᠤᠨ ᠵᠦᠴᠦᠭᠡ᠎ᠪᠠᠷ ᠲᠠᠮᠵᠢᠵᠦ᠂ ᠮᠠᠨ᠎ᠤ ᠤᠯᠤᠰ᠎ᠲᠤ 56 ᠦᠨᠳᠦᠰᠦᠲᠡᠨ᠎ᠲᠠᠢ᠂ ᠠᠯᠢ ᠴᠤ᠌ ᠦᠨᠳᠦᠰᠦᠲᠡᠨ ᠭᠡᠰᠡᠨ ᠦᠭᠡᠢ᠂ ᠪᠢᠳᠡ ᠪᠣᠯ ᠴᠥᠮ ᠰᠠᠢ᠌ᠨ ᠨᠠᠢ᠌ᠵᠠ ᠮᠥᠨ᠂ ᠪᠢᠳᠡ ᠠᠨᠠᠷ᠎ᠤᠨ ᠦᠷ᠎ᠡ ᠮᠡᠲᠦ ᠨᠢᠭᠳᠠᠷᠠᠨ ᠪᠦᠯᠬᠦᠮᠳᠡᠬᠦ ᠬᠡᠷᠡᠭᠲᠡᠢ ᠭᠡᠳᠡᠭ᠎ᠢ ᠪᠢ ᠮᠡᠳᠡᠯ᠎ᠡ》 ᠭᠡᠵᠦ  ᠪᠢᠴᠢᠬᠠᠨ ᠸᠠᠨ ᠴᠢᠩ ᠬᠢᠨᠠᠮᠠᠭ᠋ᠠᠢ ᠬᠡᠯᠡᠭᠰᠡᠨ ᠶᠤᠮ᠃ 
      《ᠡᠳᠦᠷ ᠲᠤᠲᠤᠮ᠎ᠤᠨ ᠵᠢᠭ᠋ᠠᠨ ᠰᠤᠷᠭ᠋ᠠᠯᠲᠠ ᠲᠤᠮᠳᠠ᠎ᠪᠠᠨ ᠮᠠᠨ᠎ᠤ ᠴᠡᠴᠡᠷᠯᠢᠭ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠢ ᠴᠢᠩᠭ᠋ᠠᠳᠬᠠᠬᠤ ᠵᠢ ᠴᠢᠬᠤᠯᠠᠴᠢᠯᠠᠵᠤ᠂ 〈ᠪᠢᠴᠢᠬᠠᠨ ᠠᠨᠠᠷ᠎ᠤᠨ ᠦᠷ᠎ᠡ〉 ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠦᠬᠡᠳ᠎ᠤᠨ ᠵᠦᠴᠦᠭᠡ᠎ᠢ ᠵᠣᠬᠢᠶᠠᠨ ᠪᠦᠲᠦᠭᠡᠬᠦ᠂ ᠲᠣᠭᠯᠠᠬᠤ ᠶᠠᠪᠤᠴᠠ᠎ᠳᠤ ᠥᠷᠭᠡᠨ ᠵᠶ᠋ᠡᠷ ᠶᠠᠪᠤᠯᠴᠠᠬᠤ᠂ ᠪᠦᠬᠦ ᠲᠠᠯ᠎ᠠ᠎ᠪᠠᠷ ᠰᠣᠯᠢᠯᠴᠠᠬᠤ᠂ ᠭᠦᠨᠵᠡᠭᠡᠢ  ᠠᠭᠤᠰᠤᠯᠴᠠᠬᠤ ᠵᠢ ᠬᠦᠳᠦᠯᠦᠨ ᠵᠢᠯᠤᠭᠣᠳᠴᠤ᠂ ᠤᠯᠤᠰ ᠵᠶ᠋ᠠᠨ ᠬᠠᠢ᠌ᠷᠠᠯᠠᠬᠤ ᠦᠵᠡᠯ ᠪᠣᠯᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠭᠰᠢ ᠰᠤᠷᠤᠭᠴᠢᠳ᠎ᠤᠨ ᠰᠡᠳᠬᠢᠯ᠎ᠳᠤ ᠦᠨᠳᠦᠰᠦᠯᠡᠭᠦᠯᠵᠦ᠂ ᠰᠤᠷᠭ᠋ᠠᠨ ᠬᠥᠮᠦᠵᠢᠯ᠎ᠳᠤ ᠪᠠᠶᠠᠷ ᠴᠡᠩᠭᠡᠯ ᠠᠬᠤᠭᠤᠯᠬᠤ ᠵᠣᠷᠢᠯᠭ᠎ᠠ᠎ᠳᠤ᠎ᠪᠠᠨ ᠬᠦᠷᠴᠡᠢ》 ᠭᠡᠵᠦ ᠳ᠋ᠡ ᠢᠦᠢ ᠱᠤ᠌ ᠪᠠᠯᠭ᠋ᠠᠰᠤᠨ᠎ᠤ ᠭᠣᠣᠯ ᠬᠡᠦᠬᠡᠳ᠎ᠤᠨ ᠴᠡᠴᠡᠷᠯᠢᠭ᠎ᠤᠨ ᠳᠡᠳ᠋ ᠳᠠᠷᠤᠭ᠎ᠠ ᠶᠠᠩ ᠬᠣᠩ ᠢᠦᠢ ᠬᠡᠯᠡᠪᠡ᠃ 
       ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠦᠨ᠎ᠡ᠃ ᠺᠠᠢ᠌ᠯᠤ ᠰᠢᠶᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠰᠢᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠬᠤ ᠵᠢ ᠠᠵᠤ ᠠᠬᠤᠢ ᠵᠢᠨ ᠪᠠᠢ᠌ᠭᠤᠯᠤᠯᠲᠠ᠂ ᠤᠯᠤᠰ ᠲᠦᠷᠦ ᠵᠢᠨ ᠪᠠᠢ᠌ᠭᠤᠯᠤᠯᠲᠠ᠂ ᠰᠣᠶᠣᠯ᠎ᠤᠨ ᠪᠠᠢ᠌ᠭᠤᠯᠤᠯᠲᠠ᠂ ᠨᠡᠢ᠌ᠭᠡᠮ᠎ᠤᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠨᠠᠮ᠎ᠤᠨ ᠪᠠᠢ᠌ᠭᠤᠯᠤᠯᠲᠠ ᠵᠢᠨ ᠡᠯ᠎ᠡ ᠴᠠᠷᠠᠭ᠎ᠠ ᠬᠦᠷᠢᠶᠡᠨ᠎ᠳᠤ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠡᠭᠦᠳᠦᠨ ᠪᠠᠶ᠋ᠢᠭᠤᠯᠬᠤ ᠲᠦᠪᠰᠢᠨ ᠵᠶ᠋ᠡᠨ ᠢᠮᠠᠭᠲᠠ ᠳᠡᠭᠡᠭᠰᠢᠯᠡᠭᠦᠯᠵᠦ᠂ 《ᠲᠦᠷᠪᠡᠨ ᠬᠠᠮᠲᠤ᠎ᠪᠠᠷ》᠎ᠤᠨ ᠣᠢ᠌ᠯᠠᠭ᠋ᠠᠭᠳᠠᠬᠤᠨ᠎ᠢ ᠲᠠᠰᠤᠷᠠᠯᠳᠠ ᠦᠭᠡᠢ ᠭᠦᠨᠵᠡᠭᠡᠢ᠌ᠷᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃ 
       ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠬᠤ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠬᠤ ᠵᠢᠨ ᠲᠥᠯᠥᠭᠡ᠂ ᠺᠠᠢ᠌ᠯᠤ ᠪᠢᠴᠢᠯ ᠳᠣᠯᠭᠢᠶᠠᠨ᠎ᠤ ᠥᠷᠲᠡᠭᠡᠨ᠎ᠤ᠎ᠬᠢᠨ ᠪᠦᠬᠦ ᠺᠠᠳ᠋ᠷ ᠠᠵᠢᠯᠳᠠᠨ ᠵᠶ᠋ᠠᠨ ᠵᠣᠬᠢᠶᠠᠨ ᠪᠠᠢ᠌ᠭᠤᠯᠵᠦ ᠵᠢᠷᠭ᠋ᠠᠯᠠᠩᠳᠤ ᠪᠠᠯᠭ᠋ᠠᠰᠤᠨ᠎ᠳᠤ ᠭᠦᠨᠵᠡᠭᠡᠢ᠌ᠷᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ ᠵᠶ᠋ᠡᠷ ᠲᠣᠭᠣᠷᠢᠨ ᠰᠤᠷᠤᠯᠴᠠᠭᠤᠯᠵᠤ᠂ ᠨᠠᠮ ᠪᠠ ᠤᠯᠤᠰ᠎ᠠᠴᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠭ᠎ᠠ ᠵᠢ ᠭᠦᠨᠵᠡᠭᠡᠢ ᠣᠢ᠌ᠯᠠᠭ᠋ᠠᠵᠤ᠂ ᠲᠤᠰ ᠪᠡᠶ᠎ᠡ ᠵᠢᠨ ᠡᠭᠦᠷᠭᠡ ᠬᠠᠷᠢᠭᠤᠴᠠᠯᠭ᠎ᠠ᠎ᠪᠠᠨ ᠣᠢ᠌ᠯᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠦᠢ᠍ᠯᠡᠳᠦᠯᠭᠡᠵᠢᠭᠦᠯᠦᠭᠴᠢ ᠪᠣᠯᠤᠭᠰᠠᠨ ᠪᠠᠢ᠌ᠨ᠎ᠠ᠃
      《ᠲᠤᠰ ᠤᠳᠠᠭ᠎ᠠ ᠵᠢᠨ ᠲᠣᠭᠣᠷᠢᠨ ᠦᠵᠡᠬᠦ ᠠᠵᠢᠯᠯᠠᠭ᠎ᠠ᠎ᠪᠠᠷ ᠲᠠᠮᠵᠢᠵᠦ᠂ ᠪᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠴᠢᠬᠤᠯᠠ ᠴᠢᠨᠠᠷ᠎ᠢ ᠨᠡᠩ ᠭᠦᠨᠵᠡᠭᠡᠢ ᠲᠠᠨᠢᠵᠤ᠂ ᠬᠣᠢ᠌ᠰᠢᠳᠠ ᠵᠢᠨ ᠠᠵᠢᠯ ᠠᠮᠢᠳᠤᠷᠠᠯ ᠳᠤᠮᠳᠠ ᠬᠠᠮᠲᠤ ᠠᠵᠢᠯᠯᠠᠭᠰᠠᠳ ᠪᠠ ᠨᠠᠢ᠌ᠵᠠ ᠨᠠᠷ᠎ᠲᠠᠢ᠎ᠪᠠᠨ ᠢᠳᠡᠪᠬᠢᠲᠡᠢ ᠪᠦᠯᠬᠦᠮᠳᠡᠵᠦ᠂ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠬᠠᠮᠲᠤ᠎ᠪᠠᠷ ᠰᠠᠢ᠌ᠲᠤᠷ ᠶᠠᠷᠢᠨ᠎ᠠ》 ᠭᠡᠵᠦ ᠠᠵᠢᠯᠲᠠᠨ ᠪᠦᠦ ᠬᠣᠩ ᠢᠦᠢ ᠭᠦᠨ ᠲᠥᠷᠥᠭᠳᠡᠯ᠎ᠲᠠᠢ᠎ᠪᠠᠷ ᠬᠡᠯᠡᠪᠡ᠃
       ᠲᠡᠦᠬᠡ ᠵᠢᠨ ᠳᠤᠷᠠᠰᠬᠠᠯᠲᠤ ᠵᠦᠢ᠍ᠯᠡᠰ᠎ᠲᠤ᠂ ᠳᠤᠮᠳᠠᠳᠤ ᠵᠢᠨ ᠪᠣᠯᠪᠠᠰᠤᠨ ᠲᠡᠦᠬᠡ ᠵᠢᠨ ᠭ᠋ᠸᠨ ᠢᠯᠡᠷᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠭᠰᠡᠨ ᠲᠡᠦᠬᠡ ᠲᠡᠮᠳᠡᠭᠯᠡᠭᠳᠡᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠰᠤᠷᠭ᠋ᠠᠨ ᠬᠥᠮᠦᠵᠢᠯ᠎ᠤᠨ ᠬᠠᠮᠤᠭ᠎ᠤᠨ ᠰᠠᠢ᠌ᠨ ᠠᠴᠢᠶᠠᠯᠠᠭᠴᠢ ᠪᠣᠯᠤᠭᠰᠠᠨ ᠪᠠᠢ᠌ᠨ᠎ᠠ᠃ ᠵᠢᠷᠭ᠋ᠠᠯᠠᠩᠳᠤ ᠪᠠᠯᠭ᠋ᠠᠰᠤ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠣᠳᠣᠬᠠᠨ᠎ᠳᠤ ᠠᠨᠠᠷ᠎ᠤᠨ ᠲᠢᠩᠰᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠨᠢᠭᠡᠳᠦᠭᠡᠷ ᠦᠵᠡᠬᠦᠯᠭᠡ ᠵᠢᠨ ᠲᠢᠩᠬᠢᠮ᠂ ᠬᠣᠶᠠᠳᠤᠭ᠋ᠠᠷ ᠦᠵᠡᠬᠦᠯᠭᠡ ᠵᠢᠨ ᠲᠢᠩᠬᠢᠮ᠂ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠤᠨ ᠦᠢ᠍ᠯᠡᠳᠦᠯᠭᠡ ᠬᠥᠮᠦᠵᠢᠯ᠎ᠤᠨ ᠰᠠᠭᠤᠷᠢᠨ ᠭᠠᠵᠠᠷ ᠵᠡᠷᠭᠡ ᠴᠢᠳᠠᠮᠵᠢᠲᠤ ᠲᠣᠭᠤᠷᠢᠭ᠎ᠢ ᠪᠠᠢ᠌ᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ᠂ ᠰᠢᠶᠠᠨ᠂ ᠪᠠᠯᠭ᠋ᠠᠰᠤ᠂ ᠲᠣᠰᠬᠣᠨ᠎ᠤ ᠦᠨᠳᠦᠰᠦᠲᠡᠨ᠎ᠤ ᠠᠭᠤᠰᠤᠯᠴᠠᠭ᠎ᠠ ᠵᠢᠨ ᠦᠷ᠎ᠡ ᠪᠦᠲᠦᠭᠡᠯ ᠵᠢᠴᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠡᠦᠬᠡ ᠵᠢᠨ ᠬᠥᠭᠵᠢᠯᠲᠡ ᠵᠢᠨ ᠤᠷᠳᠤ ᠠᠶᠠᠨ᠎ᠳᠤ ᠨᠢᠭᠲᠠ ᠶᠠᠪᠤᠯᠴᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠬᠠᠷᠢᠯᠴᠠᠨ ᠲᠦᠰᠢᠯᠴᠡᠭᠰᠡᠨ ᠠᠮᠢᠳᠤᠯᠢᠭ ᠵᠢᠷᠤᠭ᠎ᠢ ᠪᠦᠬᠦ ᠲᠠᠯ᠎ᠠ᠎ᠪᠠᠷ ᠪᠣᠰᠣᠭ᠎ᠠ ᠴᠣᠭᠴᠠ᠎ᠪᠠᠷ ᠳᠡᠯᠭᠡᠨ ᠦᠵᠡᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠶᠠᠷᠢᠭᠰᠠᠨ ᠪᠠᠢ᠌ᠨ᠎ᠠ᠃
      ᠵᠢᠷᠭ᠋ᠠᠯᠠᠩᠳᠤ ᠪᠠᠯᠭ᠋ᠠᠰᠤᠨ᠎ᠤ ᠤᠬᠠᠭᠤᠯᠬᠤ ᠭᠡᠰᠢᠭᠦᠨ ᠺᠧᠦ ᠯᠢ ᠵᠢᠶᠦ᠋ᠨ᠄ 《ᠰᠠᠭᠤᠷᠢᠨ ᠭᠠᠵᠠᠷ᠎ᠢ ᠪᠠᠶ᠋ᠢᠭᠤᠯᠬᠤ᠎ᠠᠴᠠ ᠭᠠᠳᠠᠨ᠎ᠠ᠂ ᠮᠠᠨ᠎ᠤ ᠪᠠᠯᠭ᠋ᠠᠰᠤ ᠪᠠᠰᠠ ᠰᠠᠷᠠᠯᠠᠩ ᠤᠬᠠᠭᠤᠯᠤᠨ ᠲᠠᠢ᠌ᠯᠪᠤᠷᠢᠯᠠᠬᠤ ᠪᠦᠯᠬᠦᠮ ᠵᠶ᠋ᠡᠷ ᠳᠠᠮᠵᠢᠭᠤᠯᠤᠨ ᠨᠡᠢ᠌ᠭᠡᠮ᠎ᠤᠨ ᠡᠯ᠎ᠡ ᠡᠲᠡᠭᠡᠳ᠎ᠤᠨ ᠬᠥᠮᠥᠰ᠎ᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ᠎ᠢ ᠰᠠᠢ᠌ᠲᠤᠷ ᠶᠠᠷᠢᠬᠤ᠎ᠳᠤ ᠣᠷᠣᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠣᠳᠣᠬᠠᠨ᠎ᠳᠤ ᠶᠠᠭ ᠰᠣᠶᠣᠯ᠎ᠤᠨ ᠶᠣᠰᠣᠯᠠᠯ᠎ᠤᠨ ᠲᠠᠩᠬᠢᠮ᠎ᠤᠨ ᠪᠠᠢ᠌ᠭᠤᠯᠤᠯᠲᠠ ᠵᠢ ᠠᠬᠢᠭᠤᠯᠵᠦ ᠪᠠᠢ᠌ᠨ᠎ᠠ᠂ ᠡᠭᠦᠨ᠎ᠤ ᠵᠣᠷᠢᠯᠭ᠎ᠠ᠎ᠨᠢ ᠪᠥᠬᠥ ᠰᠢᠶᠠᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠲᠥᠬᠦᠭᠡᠷᠦᠮᠵᠢ ᠪᠦᠷᠢᠨ ᠲᠡᠭᠦᠯᠳᠡᠷ ᠰᠣᠶᠣᠯ᠎ᠤᠨ ᠠᠵᠢᠯᠯᠠᠭ᠋ᠠᠨ᠎ᠤ ᠲᠠᠯᠠᠪᠤᠷ᠎ᠢ ᠬᠠᠩᠭ᠋ᠠᠵᠤ᠂ ᠤᠳᠬ᠎ᠠ ᠤᠷᠠᠯᠢᠭ ᠰᠣᠶᠣᠯ᠎ᠤᠨ ᠠᠵᠢᠯᠯᠠᠭ᠎ᠠ᠎ᠪᠠᠷ ᠳᠠᠮᠵᠢᠭᠤᠯᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠵᠢᠨ ᠲᠥᠯᠥᠭᠡ ᠶᠤᠮ》 ᠭᠡᠵᠡᠢ᠃




        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

 

ᠢᠷᠡᠯᠲᠡ᠄ ᠲᠦᠩᠯᠢᠶᠤᠤ ᠵᠢᠨ ᠡᠳᠦᠷ᠎ᠤᠨ ᠰᠣᠨᠢᠨ