ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠬᠡᠦᠬᠡᠳ᠎ᠤᠨ ᠰᠡᠳᠬᠢᠯ ᠵᠶ᠋ᠠᠷ ᠵᠡᠬᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ᠪᠡᠭᠡᠵᠢᠩ ᠥᠪᠥᠷ ᠮᠣᠩᠭᠣᠯ᠎ᠤᠨ 《ᠬᠤᠪᠢᠰᠬᠠᠯ᠎ᠤᠨ ᠪᠢᠴᠢᠬᠠᠨ ᠤᠬᠠᠭᠤᠯᠤᠨ ᠲᠠᠢ᠌ᠯᠪᠤᠷᠢᠯᠠᠭᠴᠢ》 ᠵᠢᠨ ᠰᠠᠨᠠᠯ ᠵᠶ᠋ᠠᠨ ᠰᠣᠯᠢᠯᠴᠠᠬᠤ ᠠᠵᠢᠯᠯᠠᠭ᠎ᠠ ᠪᠡᠭᠡᠵᠢᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-08-07

      7 ᠳ᠋ᠤᠭ᠋ᠠᠷ ᠰᠠᠷ᠎ᠠ ᠵᠢᠨ 23᠎ᠤ ᠡᠳᠦᠷ᠂ ᠬᠢᠩᠭ᠋ᠠᠨ ᠠᠢ᠌ᠮᠠᠭ᠎ᠤᠨ 《ᠬᠤᠪᠢᠰᠬᠠᠯ᠎ᠤᠨ ᠪᠢᠴᠢᠬᠠᠨ ᠤᠬᠠᠭᠤᠯᠤᠨ ᠲᠠᠢ᠌ᠯᠪᠤᠷᠢᠯᠠᠭᠴᠢ》 ᠵᠠᠯᠠᠭᠤᠴᠤᠳ ᠪᠠᠭ᠋ᠠᠴᠤᠳ᠎ᠤᠨ ᠰᠤᠳᠤᠯᠤᠨ ᠰᠤᠷᠤᠯᠴᠠᠬᠤ ᠪᠦᠯᠬᠦᠮ᠎ᠤᠨ 10 ᠬᠥᠮᠥᠨ ᠪᠡᠭᠡᠵᠢᠩ ᠬᠤᠳᠠ ᠵᠢᠨ ᠦᠨᠳᠦᠰᠦᠲᠡᠨ᠎ᠤ ᠰᠣᠶᠣᠯ᠎ᠤᠨ ᠣᠷᠳᠣᠨ ᠪᠣᠯᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠡᠶᠡᠴᠢᠯᠡᠨ ᠣᠢ᠌ᠯᠠᠭ᠋ᠠᠬᠤ ᠣᠷᠳᠣᠨ᠎ᠳᠤ ᠬᠦᠷᠴᠦ᠂ ᠤᠷᠳᠤᠨ ᠲᠤᠳᠤᠷᠠᠬᠢ ᠪᠡᠭᠡᠵᠢᠩ ᠬᠤᠳᠠ ᠵᠢᠨ ᠪᠢᠴᠢᠬᠠᠨ ᠲᠠᠢ᠌ᠯᠪᠤᠷᠢᠯᠠᠭᠴᠢ᠎ᠲᠠᠢ ᠰᠠᠨᠠᠯ ᠵᠶ᠋ᠠᠨ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠦᠨᠳᠦᠰᠦᠲᠡᠨ᠎ᠨᠦᠭᠦᠳ᠎ᠤᠨ ᠬᠠᠮᠳᠤ᠎ᠪᠠᠷ ᠴᠣᠭᠴᠠᠯᠠᠭᠰᠠᠨ ᠭᠡᠷᠡᠯ ᠰᠠᠴᠤᠷᠠᠩᠭᠤᠢ ᠰᠣᠶᠣᠯ ᠵᠶ᠋ᠠᠷ ᠬᠣᠯᠪᠣᠭ᠋ᠠᠰᠤ ᠪᠣᠯᠭ᠋ᠠᠵᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ 《ᠪᠢᠴᠢᠬᠠᠨ ᠠᠨᠠᠷ᠎ᠤᠨ ᠦᠷ᠎ᠡ》 ᠨᠠᠷ ᠰᠡᠳᠬᠢᠯ ᠵᠶ᠋ᠠᠨ ᠬᠣᠯᠪᠣᠭᠰᠠᠨ ᠬᠠᠮᠲᠤᠷᠠᠭᠰᠠᠨ ᠠᠶᠠᠯᠠᠯ ᠵᠶ᠋ᠠᠨ ᠡᠬᠢᠯᠡᠭᠦᠯᠵᠡᠢ᠃

1.png 
      ᠬᠣᠶᠠᠷ ᠭᠠᠵᠠᠷ᠎ᠤᠨ ᠪᠢᠴᠢᠬᠠᠨ ᠲᠠᠢ᠌ᠯᠪᠤᠷᠢᠯᠠᠭᠴᠢ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠬᠠᠮᠲᠤ ᠵᠢᠨ ᠰᠡᠭᠦᠳᠡᠷ ᠲᠠᠳᠠᠪᠠ
      ᠦᠨᠳᠦᠰᠦᠲᠡᠨ᠎ᠤ ᠰᠣᠶᠣᠯ᠎ᠤᠨ ᠣᠷᠳᠣᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯ ᠡᠷᠲᠡᠨ᠎ᠤ ᠰᠤᠳᠤᠷ ᠪᠢᠴᠢᠭ᠎ᠤᠨ ᠦᠵᠡᠬᠦᠯᠭᠡ》᠎ᠳᠤ ᠪᠢᠴᠢᠬᠠᠨ ᠲᠠᠢ᠌ᠯᠪᠤᠷᠢᠯᠠᠭᠴᠢᠳ 1500 ᠭᠠᠷᠤᠢ ᠲᠡᠦᠬᠡ ᠵᠢᠨ ᠳᠤᠷᠠᠰᠬᠠᠯᠲᠤ ᠵᠦᠢ᠍ᠯ ᠪᠠ ᠡᠷᠲᠡᠨ᠎ᠤ ᠰᠤᠳᠤᠷ ᠪᠢᠴᠢᠭ᠎ᠢ ᠲᠣᠭᠤᠷᠢᠨ ᠦᠵᠡᠵᠦ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢᠨ ᠰᠤᠳᠠᠰᠤ ᠵᠢ  ᠮᠦᠷᠳᠡᠵᠦ᠂ 《ᠶᠠᠭᠤ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠭᠡᠬᠦ》 ᠲᠡᠦᠬᠡ ᠵᠢᠨ ᠨᠢᠭᠤᠴᠠ ᠳ᠋ᠤᠭ᠋ᠠᠷ᠎ᠢ ᠬᠠᠢ᠌ᠨ ᠰᠦᠪᠡᠭᠴᠢᠯᠡᠪᠡ᠃ ᠣᠷᠳᠣᠨ᠎ᠳᠤ᠎ᠬᠢ 20 《ᠠᠨᠠᠷ᠎ᠤᠨ ᠬᠡᠤᠭᠡᠯᠳᠠᠢ ᠪᠢᠴᠢᠬᠠᠨ ᠲᠠᠢ᠌ᠯᠪᠤᠷᠢᠯᠠᠭᠴᠢ》᠂ ᠲᠡᠦᠬᠡ ᠵᠢᠨ ᠳᠤᠷᠠᠰᠬᠠᠯᠲᠤ ᠵᠦᠢ᠍ᠯᠡᠰ ᠪᠠ ᠡᠷᠲᠡᠨ᠎ᠤ ᠰᠤᠳᠤᠷ ᠪᠢᠴᠢᠭ᠎ᠤᠨ  ᠲᠤᠬᠠᠢ ᠥᠯᠢᠭᠡᠷ᠎ᠢ ᠰᠡᠳᠬᠢᠯ ᠳᠣᠭᠳᠤᠯᠤᠮ᠎ᠠ ᠶᠠᠷᠢᠵᠤ ᠪᠠᠢ᠌ᠯ᠎ᠠ᠃ ᠰᠤᠳᠤᠯᠤᠨ ᠰᠤᠷᠤᠯᠴᠠᠬᠤ ᠪᠦᠯᠬᠦᠮ᠎ᠤᠨ ᠭᠡᠰᠢᠭᠦᠳ ᠰᠡᠳᠬᠢᠯ ᠲᠠᠯᠪᠢᠨ ᠰᠣᠨᠣᠰᠴᠤ᠂ ᠬᠠᠶᠠ  ᠪᠢᠴᠢᠬᠠᠨ ᠲᠠᠢ᠌ᠯᠪᠤᠷᠢᠯᠠᠭᠴᠢ᠎ᠲᠠᠢ ᠶᠠᠷᠢᠯᠴᠠᠵᠤ ᠰᠣᠯᠢᠯᠴᠠᠵᠤ᠂ ᠬᠠᠶᠠ ᠪᠣᠳᠣᠯᠭ᠋ᠠᠰᠢᠷᠠᠵᠤ᠂ ᠰᠣᠷᠣᠭᠰᠠᠨ ᠲᠥᠷᠥᠭᠳᠡᠯ ᠵᠶ᠋ᠡᠨ ᠰᠡᠳᠬᠢᠯ᠎ᠳᠡᠭᠡᠨ ᠬᠠᠳᠠᠩᠰᠢᠭᠤᠯᠵᠠᠢ᠃ ᠲᠣᠭᠣᠷᠢᠨ ᠦᠵᠡᠵᠦ ᠪᠠᠷᠠᠭᠰᠠᠨ᠎ᠤ ᠳᠠᠷᠠᠭ᠎ᠠ᠂ ᠬᠣᠶᠠᠷ ᠭᠠᠵᠠᠷ᠎ᠤᠨ ᠪᠢᠴᠢᠬᠠᠨ ᠲᠠᠢ᠌ᠯᠪᠤᠷᠢᠯᠠᠭᠴᠢᠳ ᠨᠤᠲᠤᠭ᠎ᠤᠨ ᠣᠨᠴᠠᠯᠢᠭ᠎ᠲᠠᠢ ᠪᠡᠯᠡᠭ ᠵᠶ᠋ᠠᠨ ᠰᠣᠯᠢᠯᠴᠠᠪᠠ᠃

2.png 

      ᠬᠣᠶᠠᠷ ᠭᠠᠵᠠᠷ᠎ᠤᠨ ᠪᠢᠴᠢᠬᠠᠨ ᠲᠠᠢ᠌ᠯᠪᠤᠷᠢᠯᠠᠭᠴᠢ ᠪᠡᠯᠡᠭ ᠵᠶ᠋ᠠᠨ ᠰᠣᠯᠢᠯᠴᠠᠨ᠎ᠠ 

3.png 

      ᠪᠡᠭᠡᠵᠢᠩ᠎ᠤᠨ ᠪᠢᠴᠢᠬᠠᠨ ᠲᠠᠢ᠌ᠯᠪᠤᠷᠢᠯᠠᠭᠴᠢ ᠬᠢᠩᠭ᠋ᠠᠨ ᠠᠢ᠌ᠮᠠᠭ᠎ᠤᠨ ᠰᠤᠳᠤᠯᠤᠨ ᠰᠤᠷᠤᠯᠴᠠᠬᠤ ᠪᠦᠯᠬᠦᠮ᠎ᠳᠤ ᠲᠠᠢ᠌ᠯᠤᠮᠵᠢ ᠬᠢᠪᠡ

4.png 
       ᠬᠢᠩᠭ᠋ᠠᠨ ᠠᠢ᠌ᠮᠠᠭ᠎ᠤᠨ ᠪᠢᠴᠢᠬᠠᠨ ᠲᠠᠢ᠌ᠯᠪᠤᠷᠢᠯᠠᠭᠴᠢ ᠣᠯᠠᠨ᠎ᠢ ᠳᠠᠭ᠋ᠠᠭᠤᠯᠤᠨ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ》 ᠥᠯᠢᠭᠡᠷ᠎ᠢ ᠡᠷᠭᠢᠴᠡᠭᠦᠯᠪᠡ
      ᠰᠤᠳᠤᠯᠤᠨ ᠰᠤᠷᠤᠯᠴᠠᠬᠤ ᠪᠦᠯᠬᠦᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠡᠶᠡᠴᠢᠯᠡᠨ ᠣᠢ᠌ᠯᠠᠭ᠋ᠠᠬᠤ ᠣᠷᠳᠣᠨ᠎ᠳᠤ ᠬᠦᠷᠴᠦ᠂ ᠪᠡᠶᠡᠴᠢᠯᠡᠨ ᠣᠢ᠌ᠯᠠᠭ᠋ᠠᠬᠤ ᠣᠷᠳᠣᠨ᠎ᠤ ᠪᠢᠴᠢᠬᠠᠨ ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ᠎ᠪᠠᠷ 《ᠤᠳᠤᠮ ᠨᠢᠭᠡᠲᠡᠢ ᠳᠤᠮᠳᠠᠳᠤᠴᠤᠳ ᠰᠡᠳᠬᠢᠯ ᠨᠢᠭᠡᠲᠡᠢ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ —ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠤ ᠠᠵᠢᠯ᠎ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠣᠨ ᠠᠭᠤᠤ ᠶᠡᠬᠡ ᠠᠮᠵᠢᠯᠲᠠ ᠪᠦᠲᠦᠮᠵᠢ ᠵᠢᠨ ᠭᠣᠣᠯ ᠰᠡᠳᠦᠪᠲᠦ ᠦᠵᠡᠬᠦᠯᠭᠡ》 ᠵᠢ ᠲᠣᠭᠣᠷᠢᠨ ᠦᠵᠡᠪᠡ᠃ 《ᠯᠢ ᠳ᠋ᠡ ᠵᠤᠤ ᠮᠣᠩᠭᠣᠯ ᠲᠥᠪᠡᠳ᠎ᠤᠨ ᠰᠤᠷᠭ᠋ᠠᠭᠤᠯᠢ᠎ᠳᠤ ᠮᠠᠷᠺᠰ᠎ᠤᠨ ᠦᠵᠡᠯ᠎ᠢ ᠤᠯᠠᠮᠵᠢᠯᠠᠭᠰᠠᠨ》 ᠭᠡᠬᠦ ᠱᠤᠭᠤᠮᠠᠯ᠎ᠤᠨ ᠳᠡᠷᠭᠡᠲᠡ ᠬᠦᠷᠬᠦ᠎ᠳᠤ᠂ ᠰᠤᠳᠤᠯᠤᠨ ᠰᠤᠷᠤᠯᠴᠠᠬᠤ ᠪᠦᠯᠬᠦᠮ᠎ᠤᠨ ᠭᠡᠰᠢᠭᠦᠨ ᠴᠢᠦᠢ ᠢ ᠬᠠᠨ ᠰᠠᠢ᠌ᠨ ᠳᠤᠷ᠎ᠠ᠎ᠠᠴᠠ᠎ᠪᠠᠨ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠱᠤᠭᠤᠮᠠᠯ᠎ᠤᠨ ᠲᠤᠬᠠᠢ ᠦᠯᠢᠭᠡᠷ᠎ᠢ ᠶᠠᠷᠢᠵᠤ᠂ ᠤᠯᠠᠨ᠎ᠢ ᠳᠠᠭ᠋ᠠᠭᠤᠯᠤᠨ ᠬᠤᠪᠢᠰᠬᠠᠯ᠎ᠤᠨ ᠣᠨ ᠰᠠᠷ᠎ᠠ ᠵᠢ ᠡᠷᠭᠢᠴᠡᠭᠦᠯᠪᠡ᠃  《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ》 ᠭᠡᠬᠦ  ᠦᠵᠡᠬᠦᠯᠭᠡ ᠵᠢᠨ ᠰᠠᠮᠪᠠᠷ᠎ᠠ  ᠵᠢᠨ ᠡᠮᠦᠨ᠎ᠡ᠂ ᠰᠤᠳᠤᠯᠤᠨ ᠰᠤᠷᠤᠯᠴᠠᠬᠤ ᠪᠦᠯᠬᠦᠮ᠎ᠤᠨ ᠭᠡᠰᠢᠭᠦᠳ ᠡᠨᠡ ᠪᠣᠯ ᠲᠡᠳᠡᠨ᠎ᠤ ᠬᠥᠮᠥᠨ ᠪᠦᠬᠦᠨ᠎ᠤ ᠶᠠᠷᠢᠵᠦ ᠴᠢᠳᠠᠬᠤ ᠦᠯᠢᠭᠡᠷ ᠮᠥᠨ ᠭᠡᠵᠦ ᠢᠯᠡᠳᠭᠡᠵᠠᠢ᠃ ᠰᠤᠳᠤᠯᠤᠨ ᠰᠤᠷᠤᠯᠴᠠᠬᠤ ᠪᠦᠯᠬᠦᠮ᠎ᠤᠨ ᠭᠡᠰᠢᠭᠦᠨ ᠯᠢ ᠰᠢᠤᠸᠠᠨ ᠸᠧᠢ ᠵᠢᠨ ᠠᠮᠢᠳᠤᠯᠢᠭ ᠰᠠᠢ᠌ᠬᠠᠨ ᠶᠠᠷᠢᠶ᠎ᠠ᠎ᠨᠢ ᠲᠤᠬᠠᠢ ᠵᠢᠨ ᠲᠠᠯᠠᠪᠤᠷ᠎ᠲᠤ ᠪᠠᠢ᠌ᠭᠰᠠᠨ ᠦᠵᠡᠭᠴᠢᠳ᠎ᠤᠨ ᠬᠠᠯᠠᠭᠤᠨ ᠠᠯᠠᠭ᠎ᠠ ᠲᠡᠰᠢᠯᠲᠡ ᠵᠢ ᠣᠯᠵᠠᠢ᠃

5.png 
      ᠬᠣᠶᠠᠷ ᠭᠠᠵᠠᠷ᠎ᠤᠨ ᠪᠢᠴᠢᠬᠠᠨ ᠲᠠᠢ᠌ᠯᠪᠤᠷᠢᠯᠠᠭᠴᠢ 《ᠬᠡᠦᠬᠡᠳ᠎ᠤᠨ ᠰᠡᠳᠬᠢᠯ ᠨᠠᠮ᠎ᠳᠤ᠎ᠪᠠᠨ ᠬᠠᠨᠳᠤᠨ᠎ᠠ》 ᠭᠡᠬᠦ ᠬᠠᠮᠳᠤ ᠵᠢᠨ ᠳᠠᠭᠤᠤ ᠵᠢ ᠳᠠᠭᠤᠯᠠᠪᠠ 
       ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠰᠣᠶᠣᠯ᠎ᠢ ᠪᠡᠶᠡᠴᠢᠯᠡᠨ ᠣᠢ᠌ᠯᠠᠭ᠋ᠠᠬᠤ ᠲᠣᠭᠣᠷᠢᠭ᠎ᠲᠤ ᠰᠤᠳᠤᠯᠤᠨ ᠰᠤᠷᠤᠯᠴᠠᠬᠤ ᠪᠦᠯᠬᠦᠮ᠎ᠤᠨ᠎ᠬᠢᠨ ᠲᠤᠬᠠᠢ ᠵᠢᠨ ᠲᠠᠯᠠᠪᠠᠢ ᠵᠢᠨ ᠲᠣᠭᠯᠠᠯᠲᠠ ᠵᠢ ᠰᠣᠨᠢᠷᠬᠠᠵᠤ᠂ ᠮᠣᠳᠣᠨ᠎ᠪᠠᠷ᠎ᠤᠨ ᠵᠢᠷᠤᠭ ᠦᠢ᠍ᠯᠡᠳᠬᠦ ᠵᠢ ᠪᠡᠶᠡᠴᠢᠯᠡᠨ ᠣᠢ᠌ᠯᠠᠭ᠋ᠠᠪᠠ᠃ ᠬᠠᠮᠤᠭ᠎ᠤᠨ ᠰᠡᠭᠦᠯ᠎ᠳᠤ ᠬᠣᠶᠠᠷ ᠭᠠᠵᠠᠷ᠎ᠤᠨ ᠪᠢᠴᠢᠬᠠᠨ ᠲᠠᠢ᠌ᠯᠪᠤᠷᠢᠯᠠᠭᠴᠢ 《ᠬᠡᠦᠬᠡᠳ᠎ᠤᠨ ᠰᠡᠳᠬᠢᠯ ᠨᠠᠮ᠎ᠳᠤ᠎ᠪᠠᠨ ᠬᠠᠨᠳᠤᠨ᠎ᠠ》 ᠭᠡᠬᠦ ᠬᠠᠮᠳᠤ ᠵᠢᠨ ᠳᠠᠭᠤᠤ ᠵᠢ ᠳᠠᠭᠤᠯᠠᠵᠤ᠂ ᠬᠠᠩᠭᠢᠨᠠᠮ᠎ᠠ ᠳᠠᠭᠤᠤ ᠪᠠ ᠴᠢᠩ ᠦᠨᠡᠨᠴᠢ ᠬᠠᠢ᠌ᠷ᠎ᠠ ᠰᠡᠳᠬᠢᠯᠭᠡ᠎ᠪᠠᠷ ᠰᠢᠨ᠎ᠡ ᠴᠠᠭ ᠦᠶ᠎ᠡ ᠵᠢᠨ ᠵᠠᠯᠠᠭᠤᠴᠤᠳ ᠪᠠᠭ᠋ᠠᠴᠤᠳ᠎ᠤᠨ ᠨᠠᠮ ᠵᠶ᠋ᠠᠨ ᠬᠠᠢ᠌ᠷᠠᠯᠠᠬᠤ ᠤᠯᠤᠰ ᠵᠶ᠋ᠠᠨ ᠬᠠᠢ᠌ᠷᠠᠯᠠᠬᠤ ᠨᠡᠢ᠌ᠭᠡᠮ ᠵᠢᠷᠤᠮ᠎ᠢ ᠬᠠᠢ᠌ᠷᠠᠯᠠᠬᠤ ᠴᠠᠭ ᠦᠶ᠎ᠡ ᠵᠢᠨ ᠬᠠᠮᠤᠭ᠎ᠤᠨ ᠬᠦᠴᠦᠷᠬᠡᠭ ᠳᠠᠭᠤᠨ᠎ᠢ ᠬᠠᠩᠭᠢᠨᠠᠭᠤᠯᠪᠠ᠃

6.png 
        ᠪᠢᠴᠢᠬᠠᠨ ᠲᠠᠢ᠌ᠯᠪᠤᠷᠢᠯᠠᠭᠴᠢ ᠮᠣᠳᠣᠨ᠎ᠪᠠᠷ᠎ᠤᠨ ᠵᠢᠷᠤᠭ ᠦᠢ᠍ᠯᠡᠳᠬᠦ ᠵᠢ ᠪᠡᠶᠡᠴᠢᠯᠡᠨ ᠤᠢ᠌ᠯᠠᠭ᠋ᠠᠪᠠ
       ᠣᠢ᠌ᠯᠠᠭ᠋ᠠᠭᠰᠠᠨ ᠵᠶ᠋ᠠᠷ ᠲᠣᠰ ᠤᠳᠠᠭ᠋ᠠᠨ᠎ᠤ ᠰᠤᠳᠤᠯᠤᠨ ᠰᠤᠷᠤᠯᠴᠠᠬᠤ ᠠᠵᠢᠯᠯᠠᠭ᠎ᠠ ᠪᠣᠯ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ᠎ᠬᠢᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠨᠢᠭᠡᠳᠦᠮᠡᠯ ᠹᠷᠣᠨᠲ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠡᠭᠡᠵᠢᠩ ᠬᠤᠳᠠ ᠵᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠬᠤᠳᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠤᠷᠢᠯᠭ᠎ᠠ᠎ᠪᠠᠷ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠢᠩᠭ᠋ᠠᠨ ᠠᠢ᠌ᠮᠠᠭ᠎ᠤᠨ ᠬᠣᠷᠢᠶ᠎ᠠ᠎ᠠᠴᠠ 《ᠬᠤᠪᠢᠰᠬᠠᠯ᠎ᠤᠨ ᠪᠢᠴᠢᠬᠠᠨ ᠤᠬᠠᠭᠤᠯᠤᠨ ᠲᠠᠢ᠌ᠯᠪᠤᠷᠢᠯᠠᠭᠴᠢ》 ᠵᠠᠯᠠᠭᠤᠴᠤᠳ ᠪᠠᠭ᠋ᠠᠴᠤᠳ᠎ᠤᠨ ᠰᠤᠳᠤᠯᠤᠨ ᠰᠤᠷᠤᠯᠴᠠᠬᠤ ᠪᠦᠯᠬᠦᠮ᠎ᠢ ᠵᠣᠬᠢᠶᠠᠨ ᠪᠠᠢ᠌ᠭᠤᠯᠵᠤ᠂ 7 ᠳ᠋ᠤᠭ᠋ᠠᠷ ᠰᠠᠷ᠎ᠠ ᠵᠢᠨ 22᠎ᠠᠴᠠ 25᠎ᠤ ᠡᠳᠦᠷ ᠪᠣᠯᠲᠠᠯ᠎ᠠ ᠪᠡᠭᠡᠵᠢᠩ᠎ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠬᠤᠭᠤᠴᠠᠭ᠋ᠠᠨ᠎ᠳᠤ ᠰᠤᠳᠤᠯᠤᠨ ᠰᠤᠷᠤᠯᠴᠠᠬᠤ ᠪᠦᠯᠬᠦᠮ᠎ᠤᠨ᠎ᠬᠢᠨ ᠤᠯᠤᠰ᠎ᠤᠨ ᠮᠦᠽᠧᠢ᠂ ᠳᠤᠮᠳᠠᠳᠤ ᠤᠯᠤᠰ᠎ᠤᠨ ᠺᠢᠨᠣ᠋ ᠵᠢᠨ ᠮᠦᠽᠧᠢ᠂ ᠪᠡᠭᠡᠵᠢᠩ᠎ᠤᠨ ᠳᠡᠭᠡᠳᠦ ᠲᠠᠰ᠎ᠤᠨ ᠠᠦ᠋ᠲ᠋ᠣ᠋ ᠵᠢᠯᠣᠭᠣᠳᠤᠯᠭ᠎ᠠ ᠵᠢᠨ ᠵᠢᠱ᠌ᠢᠶ᠎ᠡ ᠦᠵᠡᠭᠦᠯᠬᠦ ᠣᠷᠣᠨ ᠵᠡᠷᠭᠡ ᠭᠠᠵᠠᠷ ᠵᠶ᠋ᠠᠷ ᠬᠦᠷᠴᠦ᠂ ᠠᠢ᠌ᠯᠴᠢᠯᠠᠨ ᠰᠤᠷᠤᠯᠴᠠᠬᠤ᠂ ᠦᠢ᠍ᠯᠡᠳᠦᠯᠭᠡ᠎ᠪᠠᠷ ᠺᠠᠷᠲ ᠪᠦᠷᠢᠳᠭᠡᠬᠦ᠂ ᠰᠠᠨᠠᠯ ᠰᠣᠯᠢᠯᠴᠠᠬᠤ ᠠᠵᠢᠯᠯᠠᠭ᠎ᠠ ᠥᠷᠨᠢᠭᠦᠯᠬᠦ᠎ᠪᠠᠷ ᠲᠠᠮᠵᠢᠭᠤᠯᠵᠦ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠵᠠᠯᠠᠭᠤᠴᠤᠳ ᠪᠠᠭ᠋ᠠᠴᠤᠳ᠎ᠤᠨ ᠬᠣᠭᠣᠷᠣᠨᠳᠣᠬᠢ ᠨᠥᠬᠥᠷᠯᠡᠯ᠎ᠢ ᠤᠯᠠᠮ ᠨᠢᠭᠡ ᠠᠯᠬᠤᠮ ᠵᠤᠵᠠᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠵᠠᠯᠠᠭᠤ ᠨᠠᠰᠤᠨ᠎ᠤ ᠬᠠᠮᠲᠤ ᠵᠢᠨ ᠬᠦᠴᠦᠨ ᠵᠶ᠋ᠠᠨ ᠡᠷᠭᠦᠵᠡᠢ᠃

7.png

      ᠬᠢᠩᠭ᠋ᠠᠨ ᠠᠢ᠌ᠮᠠᠭ᠎ᠤᠨ ᠪᠢᠴᠢᠬᠠᠨ ᠲᠠᠢ᠌ᠯᠪᠤᠷᠢᠯᠠᠭᠴᠢ ᠪᠣᠳᠠᠰ᠎ᠤᠨ ᠪᠤᠰᠤ ᠰᠣᠶᠣᠯ᠎ᠤᠨ ᠥᠪ᠎ᠢ ᠣᠢ᠌ᠯᠠᠭ᠋ᠠᠪᠠ 
       ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠵᠣᠬᠢᠴᠠᠭᠤᠯᠤᠨ ᠠᠬᠢᠭᠤᠯᠬᠤ ᠵᠤᠷᠭ᠋ᠠᠨ᠎ᠤ ᠳᠡᠳ᠋ ᠳᠠᠷᠤᠭ᠎ᠠ ᠰᠦᠨ ᠴᠢ ᠵᠢᠶᠦ᠋ᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠭᠡᠵᠢᠩ ᠬᠣᠲᠠ ᠵᠢᠨ ᠬᠤᠷᠢᠶ᠎ᠡ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠵᠧᠦ ᠵᠢᠩ ᠰᠢᠶᠣᠣ᠂ ᠦᠨᠳᠦᠰᠦᠲᠡᠨ᠎ᠤ ᠰᠣᠶᠣᠯ᠎ᠤᠨ ᠣᠷᠳᠣᠨ᠎ᠤ ᠨᠠᠮ᠎ᠤᠨ  ᠬᠤᠷᠢᠶ᠎ᠡ ᠵᠢᠨ ᠱᠦᠵᠢ᠂ ᠡᠷᠬᠢᠯᠡᠭᠴᠢ ᠷᠧᠨ ᠢ᠂ ᠪᠡᠭᠡᠵᠢᠩ ᠬᠣᠲᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠳ᠋ᠢᠩ ᠰᠢ ᠰᠥᠩ᠂ ᠦᠨᠳᠦᠰᠦᠲᠡᠨ᠎ᠤ ᠰᠣᠶᠣᠯ᠎ᠤᠨ ᠣᠷᠳᠣᠨ᠎ᠤ ᠮᠦᠽᠧᠢ ᠵᠢᠨ ᠳᠠᠷᠤᠭ᠎ᠠ ᠲᠤᠤ ᠶᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠲᠡ ᠦᠶ᠎ᠡ ᠵᠢᠨ ᠪᠡᠭᠡᠵᠢᠩ᠎ᠤᠨ ᠬᠤᠪᠢᠰᠬᠠᠯᠲᠤ ᠠᠵᠢᠯᠯᠠᠭ᠎ᠠ ᠵᠢᠨ ᠳᠤᠷᠠᠰᠬᠠᠯ᠎ᠤᠨ ᠣᠷᠳᠣᠨ᠎ᠤ ᠳᠠᠷᠤᠭ᠎ᠠ ᠶᠠᠩ ᠵᠢᠶᠠ ᠢ᠂ ᠪᠡᠭᠡᠵᠢᠩ ᠬᠤᠳᠠ ᠵᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠦᠨᠳᠦᠰᠦᠲᠡᠨ ᠱᠠᠰᠢᠨ ᠰᠤᠷᠲᠠᠬᠤᠨ᠎ᠤ ᠭᠠᠵᠠᠷ᠎ᠤᠨ ᠳᠠᠷᠤᠭ᠎ᠠ ᠱ᠌ᠢ ᠯᠢᠶᠠᠩ ᠹᠦ᠋᠂ ᠪᠡᠭᠡᠵᠢᠩ ᠬᠤᠳᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠦᠨᠳᠦᠰᠦᠲᠡᠨ᠎ᠤ ᠨᠢᠭᠡᠳᠦᠭᠡᠷ ᠭᠠᠵᠠᠷ᠎ᠤᠨ ᠳᠠᠷᠤᠭ᠎ᠠ ᠱᠠ ᠬᠠᠢ ᠲᠤᠤ  ᠪᠡᠭᠡᠵᠢᠩ ᠬᠤᠳᠠ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠲᠥᠪ᠎ᠤᠨ ᠡᠷᠬᠢᠯᠡᠭᠴᠢ ᠭᠤᠤ ᠰᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠸᠠᠩ ᠯᠢᠶᠠᠨ ᠫᠸᠩ ᠵᠡᠷᠭᠡ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠪᠠ᠃



ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠳᠠᠪᠠᠭ᠋ᠠᠨ ᠳᠡᠭᠡᠷᠡᠬᠢ ᠬᠢᠩᠭ᠋ᠠᠨ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ