ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠰᠢᠯᠢᠩᠬᠣᠲᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ ᠳᠤᠮᠳᠠᠳᠤ ᠵᠢᠨ ᠦᠨᠳᠦᠰᠦᠲᠡᠨ᠎ᠤ ᠬᠦᠴᠦᠨ ᠴᠢᠳᠠᠯ᠎ᠢ ᠨᠢᠭᠲᠠᠷᠠᠭᠤᠯᠪᠠ
ᠨᠡᠶ᠋ᠢᠲᠡᠯᠡᠭᠰᠡᠨ ᠴᠠᠭ᠄ 2024-09-26

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠳᠤᠮᠳᠠᠳᠤ ᠵᠢᠨ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠬᠤ ᠭᠦᠨ ᠵᠤᠵᠠᠭ᠋ᠠᠨ ᠨᠡᠢ᠌ᠭᠡᠮ᠎ᠤᠨ ᠠᠬᠤᠢ ᠨᠥᠭᠦᠴᠡᠯ᠎ᠢ ᠪᠤᠶ ᠪᠤᠯᠭ᠋ᠠᠬᠤ ᠵᠢᠨ ᠲᠦᠯᠦᠭᠡ᠂ ᠰᠢᠯᠢᠩᠬᠣᠲᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ᠎ᠪᠠᠷ ᠲᠤᠬᠢᠶᠠᠯᠳᠤᠯ ᠪᠣᠯᠭ᠋ᠠᠵᠤ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠢ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠥᠷᠨᠢᠭᠦᠯᠵᠦ᠂ 9 ᠳ᠋ᠦ᠍ᠭᠡᠷ ᠰᠠᠷ᠎ᠠ ᠵᠢᠨ 6᠎ᠤ ᠡᠳᠦᠷ᠂ 《ᠲᠡᠷᠭᠡᠯ ᠰᠠᠷᠠᠨ᠎ᠤ ᠦᠵᠡᠮᠦᠷᠢ · ᠤᠯᠤᠰ᠎ᠤᠨ ᠭᠡᠪ ᠨᠠᠮᠪᠠ ᠵᠢᠨ ᠰᠣᠶᠣᠯ᠎ᠤᠨ ᠨᠠᠢ᠌ᠷ》 ᠰᠢᠯᠢᠩᠬᠣᠲᠠ ᠵᠢᠨ ᠦᠵᠡᠰᠬᠦᠯᠡᠩ᠎ᠤᠨ ᠲᠥᠪ᠎ᠲᠤ ᠦᠪᠡᠳᠡᠭᠰᠢ ᠶᠡᠬᠡ᠎ᠪᠠᠷ ᠡᠬᠢᠯᠡᠪᠡ᠃
      ᠤᠯᠤᠰ᠎ᠤᠨ ᠭᠡᠪ ᠨᠠᠮᠪᠠ ᠵᠢᠨ ᠰᠣᠶᠣᠯ᠎ᠤᠨ ᠨᠠᠢ᠌ᠷ᠎ᠨᠢ 《ᠪᠢᠳᠡᠨ᠎ᠤ ᠪᠠᠶᠠᠷ᠎ᠤᠨ ᠡᠳᠦᠷ᠂ ᠪᠢ ᠰᠢᠨ᠎ᠡ ᠴᠠᠭ ᠦᠶ᠎ᠡ ᠵᠢᠨ ᠪᠣᠯᠪᠠᠰᠤᠨ ᠦᠢ᠍ᠯᠡᠳᠦᠯᠭᠡ᠎ᠪᠠᠷ ᠲᠡᠷᠭᠡᠯ ᠰᠠᠷᠠᠨ᠎ᠤ ᠪᠠᠶᠠᠷ ᠵᠶ᠋ᠠᠨ ᠦᠩᠭᠡᠷᠡᠬᠦᠯᠬᠦ》᠎ᠪᠠᠷ ᠭᠣᠣᠯ ᠰᠡᠳᠦᠪ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠣᠯᠣᠨ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠤᠶ ᠪᠣᠯᠭ᠋ᠠᠬᠤ ᠪᠠ ᠳᠣᠪᠣᠶ᠋ᠢᠯᠭ᠋ᠠᠬᠤ ᠲᠣᠭᠣᠷᠢᠨ᠎ᠳᠤ ᠤᠯᠤᠰ᠎ᠤᠨ ᠭᠡᠪ ᠨᠠᠮᠪᠠ ᠵᠢᠨ ᠦᠪᠡᠳᠡᠭᠰᠢ ᠶᠣᠰᠣᠯᠠᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠴᠠᠷᠠᠯ᠂ ᠤᠯᠤᠰ᠎ᠤᠨ ᠭᠡᠪ ᠨᠠᠮᠪᠠ ᠵᠢᠨ ᠴᠤᠭᠯᠠᠭ᠎ᠠ ᠮᠠᠢ᠌ᠮᠠᠢ ᠵᠢᠨ ᠲᠤᠭᠤᠷᠢᠭ᠂ ᠤᠯᠤᠰ᠎ᠤᠨ ᠭᠡᠪ ᠨᠠᠮᠪᠠ ᠵᠢᠨ ᠲᠣᠭᠯᠠᠭ᠋ᠠᠮ ᠵᠡᠷᠭᠡ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠤᠨ ᠠᠵᠢᠯᠯᠠᠭ᠎ᠠ ᠵᠢ ᠦᠷᠨᠢᠬᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠡᠳᠦᠷ ᠲᠤᠳᠤᠮ᠎ᠤᠨ ᠠᠮᠢᠳᠤᠷᠠᠯ᠎ᠳᠤ ᠤᠯᠠᠮ ᠨᠢᠭᠡ ᠠᠯᠬᠤᠮ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠡᠯᠪᠡᠭ ᠪᠠᠶᠠᠯᠢᠭ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠪᠠ ᠭᠦᠨᠵᠡᠭᠡᠢ ᠦᠢ᠍ᠯᠡᠳᠦᠯᠴᠡᠵᠦ ᠪᠡᠶᠡᠴᠢᠯᠡᠨ ᠣᠢ᠌ᠯᠠᠭ᠋ᠠᠬᠤ ᠣᠷᠣᠨ ᠵᠠᠢ ᠵᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠷᠢᠯᠴᠠᠨ ᠣᠢ᠌ᠯᠠᠭ᠋ᠠᠯᠴᠠᠬᠤ᠂ ᠬᠠᠷᠢᠯᠴᠠᠨ ᠠᠭᠤᠰᠤᠯᠴᠠᠬᠤ ᠵᠢ ᠠᠬᠢᠭᠤᠯᠪᠠ᠃
       ᠲᠤᠬᠠᠢ ᠵᠢᠨ ᠲᠠᠯᠠᠪᠠᠢ᠎ᠳᠤ ᠭᠤᠶᠤ ᠰᠠᠢ᠌ᠬᠠᠨ ᠠᠷᠰᠯᠠᠨ ᠪᠥᠵᠢᠭ᠂ ᠬᠠᠷᠠᠩᠭ᠎ᠠ ᠬᠡᠩᠭᠡᠷᠭᠡ ᠵᠢᠨ ᠲᠣᠭᠯᠠᠯᠲᠠ ᠵᠢᠴᠢ ᠡᠷᠲᠡᠨ᠎ᠤ ᠬᠡᠪ ᠨᠠᠮᠪᠠ᠎ᠲᠠᠢ ᠪᠥᠵᠢᠭ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠤᠶᠤᠨ ᠰᠠᠨᠠᠭ᠎ᠠ ᠰᠣᠶᠣᠯ᠎ᠤᠨ ᠦᠪᠡᠳᠡᠭᠰᠢ ᠨᠠᠢ᠌ᠷ᠎ᠢ ᠠᠪᠴᠢᠷᠠᠭᠰᠠᠨ ᠪᠠᠢ᠌ᠨ᠎ᠠ᠃ ᠡᠨᠡ ᠬᠦ᠌ ᠠᠵᠢᠯᠯᠠᠭ᠎ᠠ᠎ᠨᠢ ᠭᠤᠷᠪᠠᠨ ᠡᠳᠦᠷ ᠦᠷᠭᠦᠯᠵᠢᠯᠡᠵᠦ᠂ ᠭᠣᠢ᠌ᠳᠠ ᠰᠠᠢ᠌ᠬᠠᠨ ᠳᠤᠮᠳᠠᠳᠤ  ᠵᠢᠨ ᠰᠣᠶᠣᠯ᠎ᠤᠨ ᠲᠣᠭᠯᠠᠯᠲᠠ  ᠵᠢᠨ ᠠᠵᠢᠯᠯᠠᠭ᠎ᠠ ᠵᠠᠯᠭ᠋ᠠᠭ᠎ᠠ᠎ᠪᠠᠷ ᠶᠠᠪᠤᠭᠳᠠᠬᠤ᠎ᠪᠠᠷ ᠪᠣᠢ᠃
       ᠤᠯᠤᠰ᠎ᠤᠨ ᠭᠡᠪ ᠨᠠᠮᠪᠠ᠎ᠲᠠᠢ ᠴᠤᠭᠯᠠᠭ᠎ᠠ ᠮᠠᠢ᠌ᠮᠠᠢ ᠭᠠᠵᠠᠷ᠎ᠲᠤ ᠲᠠᠪᠤᠨ ᠥᠩᠭᠡ ᠰᠣᠯᠣᠩᠭ᠋ᠠᠷᠠᠭᠰᠠᠨ ᠲᠤᠰᠤᠨ ᠴᠠᠭ᠋ᠠᠰᠤᠨ ᠳ᠋ᠧᠩᠯᠦ᠂ ᠨᠠᠷᠢᠯᠢᠭ ᠰᠠᠢ᠌ᠬᠠᠨ ᠳᠡᠪᠢᠭᠦᠷ ᠵᠡᠷᠭᠡ ᠳᠤᠮᠳᠠᠳᠤ ᠵᠢᠨ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ᠎ᠢ ᠳᠡᠯᠭᠡᠨ ᠦᠵᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠳᠤᠮᠳᠠᠳᠤ ᠵᠢᠨ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ᠎ᠢ ᠪᠡᠶᠡᠴᠢᠯᠡᠨ ᠣᠢ᠌ᠯᠠᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠯ᠎ᠢ ᠰᠣᠨᠢᠷᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠦᠨ ᠵᠤᠵᠠᠭ᠋ᠠᠨ ᠠᠬᠤᠢ ᠨᠥᠭᠥᠴᠡᠯ᠎ᠢ ᠪᠣᠢ ᠪᠤᠯᠭ᠋ᠠᠵᠤ᠂ ᠳᠤᠮᠳᠠᠳᠤ ᠵᠢᠨ ᠰᠣᠶᠣᠯ᠎ᠢ ᠮᠡᠳᠡᠷᠡᠬᠦᠢ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠣᠭᠰᠢᠯᠲᠤ ᠰᠡᠳᠬᠢᠯᠭᠡ ᠵᠢ᠎ᠨᠢ ᠴᠢᠩᠭ᠋ᠠᠳᠬᠠᠪᠠ᠃
      ᠲᠤᠰ ᠤᠳᠠᠭ᠋ᠠᠨ᠎ᠤ ᠰᠣᠶᠣᠯ᠎ᠤᠨ ᠠᠵᠢᠯᠯᠠᠭ᠎ᠠ᠎ᠨᠢ ᠳᠤᠮᠳᠠᠳᠤ ᠵᠢᠨ ᠰᠣᠶᠣᠯ᠎ᠳᠤ ᠠᠭᠤᠯᠤᠭᠳᠠᠵᠤ ᠪᠠᠢ᠌ᠭ᠎ᠠ ᠲᠡᠦᠬᠡ ᠵᠢᠨ ᠬᠥᠭ ᠠᠶᠠᠰ᠂ ᠦᠨᠳᠦᠰᠦᠲᠡᠨ᠎ᠤ ᠠᠭᠤᠰᠤᠯᠴᠠᠯ᠂ ᠰᠣᠶᠣᠯ ᠢᠷᠭᠡᠨᠰᠢᠯ᠎ᠤᠨ ᠭᠤᠸ᠎ᠠ ᠰᠠᠢ᠌ᠬᠠᠨ᠎ᠢ ᠭᠦᠢ᠍ᠴᠡᠳ ᠢᠯᠡᠷᠡᠭᠦᠯᠵᠦ᠂ ᠬᠠᠮᠲᠤ᠎ᠪᠠᠷ ᠣᠷᠣᠯᠴᠠᠬᠤ᠂ ᠬᠠᠷᠢᠯᠴᠠᠨ ᠦᠢ᠍ᠯᠡᠳᠦᠯᠴᠡᠬᠦ᠂ ᠪᠡᠶᠡᠴᠢᠯᠡᠨ ᠣᠢ᠌ᠯᠠᠭ᠋ᠠᠬᠤ ᠠᠷᠭ᠎ᠠ ᠬᠡᠯᠪᠡᠷᠢ᠎ᠪᠠᠷ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠳᠤᠮᠳᠠᠳᠤ ᠵᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ ᠪᠠ ᠥᠪᠡᠷᠮᠢᠴᠡ ᠷᠢᠳᠢ ᠰᠢᠳᠢ ᠵᠢ ᠮᠡᠳᠡᠷᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠵᠥᠪ ᠲᠡᠦᠬᠡ ᠵᠢᠨ ᠦᠵᠡᠯᠲᠡ ᠵᠢ ᠪᠤᠢ ᠪᠣᠯᠭ᠋ᠠᠵᠤ᠂ 《ᠲᠠᠪᠤᠨ  ᠮᠡᠳᠡᠷᠡᠬᠦᠢ》 ᠪᠠ 《ᠳᠥᠷᠪᠡᠨ ᠬᠠᠮᠲᠤᠳᠬᠠᠬᠤ》 ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠬᠤ᠎ᠪᠠᠷ ᠬᠦᠴᠦᠯᠡᠪᠡ᠃
       ᠳᠠᠷᠠᠭ᠋ᠠᠴᠢ᠎ᠪᠠᠷ᠂ ᠰᠢᠯᠢᠩᠬᠣᠲᠠ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠬᠤ》 ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠳᠤᠮᠳᠠᠳᠤ ᠵᠢᠨ ᠰᠣᠶᠣᠯ᠎ᠤᠨ ᠮᠡᠳᠡᠷᠡᠬᠦᠢ ᠵᠢ ᠴᠢᠩᠭ᠋ᠠᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠤᠯᠵᠢᠬᠤᠨ᠎ᠢ ᠦᠢ᠍ᠯᠡᠳᠦᠯᠭᠡᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠳᠤ᠎ᠪᠠᠷ ᠰᠠᠬᠢᠨ ᠬᠠᠮᠠᠭ᠋ᠠᠯᠠᠵᠤ᠂ ᠰᠠᠢ᠌ᠨ ᠰᠠᠢ᠌ᠬᠠᠨ ᠠᠮᠢᠳᠤᠷᠠᠯ᠎ᠢ ᠬᠠᠮᠳᠤ᠎ᠪᠠᠷ ᠴᠣᠭᠴᠠᠯᠠᠵᠤ᠂ 《ᠬᠣᠶᠠᠷ ᠶᠡᠬᠡ ᠶᠠᠪᠤᠳᠠᠯ》 ᠎ᠢ ᠰᠠᠢ᠌ᠲᠤᠷ ᠬᠢᠬᠦ ᠪᠠ 《ᠰᠢᠨ᠎ᠡ ᠵᠠᠮ᠎ᠢ ᠳᠡᠪᠢᠰᠴᠤ᠂ ᠳᠤᠮᠳᠠ ᠲᠥᠪᠰᠢᠨ᠎ᠳᠤ ᠤᠷᠤᠬᠤ》 ᠬᠠᠷᠠᠯᠲᠠ ᠵᠢ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠨᠢᠭᠲᠠᠷᠠᠭᠤᠯᠬᠤ᠎ᠪᠠᠷ ᠦᠷᠭᠦᠯᠵᠢᠯᠡᠨ ᠬᠦᠴᠦᠯᠡᠬᠦ ᠪᠣᠯᠤᠨ᠎ᠠ᠃



        ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

 

 

 

 

ᠢᠷᠡᠯᠲᠡ᠄ ᠰᠢᠯᠢᠩᠬᠣᠲᠠ ᠵᠢᠨ ᠦᠨᠳᠦᠰᠦᠲᠡᠨ᠎ᠤ ᠵᠥᠪᠯᠡᠯ