ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠤᠯᠠᠭ᠋ᠠᠨᠴᠠᠪ ᠬᠣᠲᠠ ᠵᠢᠨ ᠹᠧᠩᠵᠧᠨ ᠬᠣᠲᠠ ᠵᠢᠨ ᠴᠥᠭᠡᠨ ᠲᠣᠭ᠋ᠠᠲᠤ ᠦᠨᠳᠦᠰᠦᠲᠡᠨ᠎ᠤ ᠲᠦᠯᠦᠬᠡᠯᠡᠭᠴᠢᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠡᠳᠦᠪᠲᠦ ᠤᠬᠠᠭᠤᠯᠭ᠎ᠠ ᠲᠠᠢ᠌ᠯᠪᠤᠷᠢᠯᠠᠯᠲᠠ ᠵᠢᠨ ᠠᠵᠢᠯᠯᠠᠭ᠎ᠠ᠎ᠳᠤ ᠣᠷᠤᠯᠴᠠᠪᠠ
ᠨᠡᠶ᠋ᠢᠲᠡᠯᠡᠭᠰᠡᠨ ᠴᠠᠭ᠄ 2024-09-03

      ᠣᠢ᠌ᠷ᠎ᠠ᠎ᠳᠤ ᠤᠯᠠᠭ᠋ᠠᠨᠴᠠᠪ ᠬᠣᠲᠠ ᠵᠢᠨ ᠹᠧᠩᠵᠧᠨ ᠬᠣᠲᠠ ᠵᠢᠨ ᠦᠨᠳᠦᠰᠦᠳᠡᠨ᠎ᠤ ᠵᠥᠪᠯᠡᠯ ᠴᠥᠭᠡᠨ ᠲᠣᠭ᠋ᠠᠲᠤ ᠦᠨᠳᠦᠰᠦᠲᠡᠨ᠎ᠤ ᠲᠦᠯᠦᠬᠡᠯᠡᠭᠴᠢᠳ᠎ᠢ ᠵᠣᠬᠢᠶᠠᠨ ᠪᠠᠢ᠌ᠭᠤᠯᠵᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠭᠣᠤᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠤᠬᠠᠭᠤᠯᠤᠨ ᠲᠠᠢ᠌ᠯᠪᠤᠷᠢᠯᠠᠭᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠲᠥᠬᠥᠮ ᠣᠢ᠌ᠯᠠᠭ᠋ᠠᠮᠵᠢᠲᠠᠶ᠂ ᠠᠮᠢᠳᠤᠯᠢᠭ  ᠳᠥᠷᠰᠥᠯᠢᠭ ᠦᠭᠡ ᠬᠡᠯᠡ᠎ᠪᠠᠷ ᠥᠪᠡᠷ᠎ᠤᠨ ᠠᠵᠢᠯ᠎ᠤᠨ ᠪᠠᠢ᠌ᠷᠢ ᠪᠠ ᠳᠡᠷᠭᠡᠳᠡᠬᠢ ᠥᠯᠢᠭᠡᠷ ᠳᠠᠭᠤᠷᠢᠶᠠᠯ᠎ᠳᠤ ᠰᠠᠭᠤᠷᠢᠯᠠᠵᠤ᠂ ᠲᠡᠷᠢᠭᠦᠨ᠎ᠤ ᠶᠠᠪᠤᠳᠠᠯ᠂ ᠨᠡᠢ᠌ᠲᠡᠯᠢᠭ ᠬᠥᠮᠥᠰ ᠵᠶ᠋ᠡᠷ ᠵᠢᠱ᠌ᠢᠶᠡᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠥᠭᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠠᠮᠢᠳᠤᠯᠢᠭ ᠵᠶ᠋ᠠᠷ ᠲᠠᠢ᠌ᠯᠪᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠡᠳᠬᠢᠯ ᠵᠢᠷᠦᠬᠡᠨ᠎ᠳᠤ ᠬᠦᠨ᠎ᠠ ᠦᠨᠳᠦᠰᠦᠯᠡᠬᠦᠯᠪᠠ᠃
      ᠲᠣᠰ ᠤᠳᠠᠭ᠋ᠠᠨ᠎ᠤ ᠤᠬᠠᠭᠤᠯᠭ᠎ᠠ ᠲᠠᠢ᠌ᠯᠪᠤᠷᠢᠯᠠᠯᠲᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠤᠮᠳᠠᠳᠤ ᠤᠯᠤᠰ᠎ᠤᠨ ᠥᠯᠢᠭᠡᠷ᠂ ᠥᠪᠥᠷ ᠮᠣᠩᠭᠣᠯ᠎ᠤᠨ ᠥᠯᠢᠭᠡᠷ᠂ ᠹᠸᠩᠵᠸᠨ᠎ᠤ ᠥᠯᠢᠭᠡᠷ᠎ᠢ ᠪᠤᠲᠠᠲᠠᠢ ᠲᠦᠷᠦᠭᠳᠡᠯ᠎ᠲᠠᠢ ᠪᠥᠲᠥᠮᠵᠢ᠎ᠲᠠᠢ ᠶᠠᠷᠢᠬᠤ᠎ᠪᠠᠷ ᠳᠠᠮᠵᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠠᠮᠢᠳᠤᠯᠢᠭ ᠲᠡᠦᠬᠡᠨ ᠪᠣᠳᠠᠲᠤ ᠪᠠᠢ᠌ᠳᠠᠯ᠎ᠢ ᠭᠦᠨᠵᠡᠭᠡᠶ ᠠᠭᠤᠳᠠᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠲᠥᠯᠥᠭᠡᠯᠡᠭᠴᠢ ᠬᠥᠮᠦᠰ᠎ᠤᠨ ᠬᠥᠭᠥᠷᠭᠡ ᠬᠣᠯᠪᠣᠭ᠋ᠠᠰᠤ ᠵᠢᠨ ᠦᠢᠯᠡᠳᠦᠯ ᠵᠢᠡᠨ ᠰᠠᠢ᠌ᠲᠤᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠢᠲᠡᠭᠡᠯ ᠵᠣᠷᠢᠭ᠎ᠢ ᠪᠠᠲᠤᠳᠬᠠᠵᠤ᠂ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠤᠯᠠᠮ ᠨᠢᠭᠡ ᠠᠯᠬᠤᠮ ᠨᠢᠭᠲᠠᠷᠠᠭᠤᠯᠪᠠ᠃



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
       ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠤᠯᠠᠭ᠋ᠠᠨᠴᠠᠪ ᠬᠣᠲᠠ ᠵᠢᠨ ᠦᠨᠳᠦᠰᠦᠲᠡᠨ᠎ᠤ ᠵᠥᠪᠯᠡᠯ