ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠬᠢᠩᠭ᠋ᠠᠨ ᠠᠢ᠌ᠮᠠᠭ᠎ᠤᠨ ᠦᠨᠳᠦᠰᠦᠲᠡᠨ᠎ᠤ ᠠᠵᠢᠯ᠎ᠤᠨ ᠣᠨ᠎ᠤ ᠬᠠᠷᠢᠭᠤᠯᠲᠠ ᠵᠢᠨ ᠬᠠᠭᠤᠳᠠᠰᠤ
ᠨᠡᠶ᠋ᠢᠲᠡᠯᠡᠭᠰᠡᠨ ᠴᠠᠭ᠄ 2025-01-21

      ᠴᠠᠭ ᠮᠥᠴᠡ ᠣᠷᠴᠢᠯᠳᠤᠨ ᠣᠨ ᠰᠠᠷ᠎ᠠ ᠤᠯᠠᠷᠢᠭᠰᠠᠭ᠋ᠠᠷ 2024 ᠣᠨ ᠰᠡᠭᠦᠯ ᠰᠢᠪᠲᠤᠷᠠᠪᠠ᠃ ᠡᠷᠬᠢᠨ ᠬᠠᠷᠠᠬᠤᠶ᠎ᠠ᠂ ᠨᠢᠭᠡ ᠵᠢᠯ᠎ᠤᠨ ᠲᠤᠷᠰᠢᠲᠠ᠂ ᠠᠢ᠌ᠮᠠᠭ᠎ᠤᠨ ᠨᠠᠮ᠎ᠤᠨ ᠬᠣᠷᠢᠶ᠎ᠠ ᠵᠠᠬᠢᠷᠭ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠦᠴᠦᠲᠡᠢ ᠳᠡᠮᠵᠢᠯᠭᠡ ᠳᠣᠣᠷ᠎ᠠ᠂ ᠪᠦᠬᠦ ᠠᠢ᠌ᠮᠠᠭ᠎ᠤᠨ ᠦᠨᠳᠦᠰᠦᠲᠡᠨ᠎ᠤ ᠠᠵᠢᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ ᠢᠳᠡᠪᠬᠢᠲᠡᠢ ᠰᠦᠪᠡᠭᠴᠢᠯᠡᠵᠦ᠂ ᠵᠤᠷᠢᠭᠳᠠᠢ ᠤᠷᠤᠭᠰᠢᠯᠠᠵᠤ᠂ ᠠᠯᠢ ᠤᠯᠠᠨ ᠪᠠᠲᠤ ᠬᠦᠴᠦᠳᠠᠢ ᠤᠯᠠ ᠮᠥᠷ᠎ᠢ ᠦᠯᠡᠳᠡᠭᠡᠭᠰᠡᠨ ᠪᠠᠢ᠌ᠨ᠎ᠠ᠃ 
       ᠡᠨᠡ ᠨᠢᠭᠡ ᠵᠢᠯ᠎ᠳᠤ᠂ ᠪᠢᠳᠡ ᠢᠮᠠᠭᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ᠂ ᠨᠠᠮ᠎ᠤᠨ ᠲᠥᠪ ᠬᠤᠷᠢᠶ᠎ᠡ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠭᠤᠢ᠌ᠪᠢᠰᠢ ᠦᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠠᠢ᠌ᠮᠠᠭ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠷᠡᠯᠬᠡᠭᠯᠡᠨ ᠤᠷᠤᠭᠰᠢᠯᠠᠵᠤ᠂ ᠴᠢᠷᠮᠠᠢ᠌ᠨ ᠲᠡᠮᠡᠴᠡᠵᠦ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠭᠣᠢ᠌ᠳᠠ ᠰᠠᠢ᠌ᠬᠠᠨ ᠬᠠᠭᠤᠳᠠᠰᠤ ᠵᠢ ᠪᠢᠴᠢᠭᠯᠡᠪᠡ᠃ 
      ᠡᠨᠡ ᠨᠢᠭᠡ ᠵᠢᠯ᠎ᠳᠤ ᠶᠡᠷᠦᠩᠬᠡᠢ᠎ᠳᠤᠨᠢ ᠠᠪᠴᠤ ᠬᠡᠯᠡᠪᠡᠯ᠂ 《ᠪᠣᠳᠠᠲᠠᠢ》 ᠦᠷ᠎ᠡ ᠪᠦᠲᠦᠮᠵᠢ ᠢᠯᠡᠳᠲᠡ᠂ 《ᠰᠢᠯᠢᠳᠡᠭ》 ᠦᠷ᠎ᠡ ᠪᠦᠲᠦᠮᠵᠢ ᠲᠣᠪᠣᠢ᠌ᠮ᠎ᠠ᠂ 《ᠠᠭᠤᠰᠤᠯᠴᠠᠬᠤ》 ᠠᠭᠤᠷ ᠠᠮᠢᠰᠬᠤᠯ ᠭᠦᠨ ᠵᠤᠵᠠᠭ᠋ᠠᠨ ᠪᠣᠯᠵᠤ᠂ 《ᠰᠢᠨ᠎ᠡ》 ᠠᠮᠢᠵᠢᠷᠠᠯ᠎ᠤᠨ ᠬᠦᠴᠦᠨ ᠣᠷᠭᠢᠯᠤᠨ ᠪᠠᠳᠠᠷᠠᠪᠠ᠃ 
      ᠨᠢᠭᠡ᠂ ᠳᠦᠷᠢᠮ᠎ᠤᠨ ᠪᠠᠢ᠌ᠭᠤᠯᠤᠯᠲᠠ ᠵᠢᠨ ᠦᠨᠳᠦᠰᠦ ᠵᠢ ᠪᠡᠬᠢᠵᠢᠭᠦᠯᠵᠦ᠂  ᠪᠦᠯᠬᠦᠮᠳᠡᠯ᠎ᠤᠨ ᠰᠠᠭᠤᠷᠢ ᠵᠢ ᠪᠠᠳᠤᠳᠬᠠᠪᠠ
       ᠡᠨᠡ ᠨᠢᠭᠡ ᠵᠢᠯ᠎ᠳᠤ᠂ ᠪᠢᠳᠡ ᠳᠦᠷᠢᠮ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠪᠠ᠃ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠳᠦᠷᠢᠮ᠂ ᠱᠦᠵᠢ ᠵᠢᠨ ᠲᠤᠰᠬᠠᠢ ᠰᠡᠳᠦᠪ ᠵᠶ᠋ᠡᠷ ᠶᠠᠷᠢᠯᠴᠠᠬᠤ ᠳᠦᠷᠢᠮ᠂ ᠤᠷᠢᠳᠠᠴᠢ ᠬᠤᠯᠪᠤᠭ᠋ᠠᠯᠠᠨ ᠬᠢᠨᠠᠬᠤ ᠳᠦᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《1+2》 ᠶᠡᠷᠦᠩᠬᠡᠢ᠌ᠯᠡᠭᠰᠡᠨ ᠳᠦᠷᠢᠮ᠎ᠤᠨ ᠰᠢᠰᠲ᠋ᠧᠮ᠎ᠢ ᠰᠦᠪᠡᠭᠴᠢᠯᠡᠨ ᠪᠦᠷᠢᠯᠳᠦᠭᠦᠯᠵᠦ᠂ ᠪᠠᠢ᠌ᠩᠭᠤᠵᠢᠭᠰᠠᠨ᠂ ᠵᠢᠷᠤᠮᠵᠢᠬᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠦᠢ᠍ᠯᠡᠳᠦᠯᠭᠡ ᠵᠢᠨ ᠠᠷᠭ᠎ᠠ ᠵᠠᠮ᠎ᠢ ᠨᠡᠭᠡᠭᠡᠪᠡ᠃


11.png 


12.png 


13.png 


14.png 


      ᠬᠣᠶᠠᠷ᠂ ᠡᠭᠦᠳᠦᠨ ᠪᠠᠶ᠋ᠢᠭᠤᠯᠬᠤ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠵᠢᠱ᠌ᠢᠶ᠎ᠡ ᠦᠵᠡᠭᠦᠯᠬᠦ ᠬᠢᠷᠢ ᠲᠥᠪᠰᠢᠨ᠎ᠢ ᠲᠡᠭᠡᠭᠰᠢᠯᠡᠬᠦᠯᠪᠡ
       ᠤᠯᠤᠰ᠎ᠤᠨ ᠦᠨᠳᠦᠰᠦᠲᠡᠨ᠎ᠤ ᠵᠦᠪᠯᠡᠯ᠎ᠤᠨ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ᠂ ᠰᠢᠶᠠᠨ᠎ᠤ ᠰᠢᠯᠭ᠋ᠠᠨ ᠲᠣᠭᠲᠠᠭ᠋ᠠᠬᠤ ᠭᠦᠢ᠍ᠴᠡᠳᠬᠡᠯ ᠲᠣᠭ᠎ᠠ》 ᠵᠢ ᠭᠦᠨᠵᠡᠭᠡᠢ ᠰᠤᠳᠤᠯᠤᠨ ᠨᠠᠷᠢᠨ ᠰᠢᠨᠵᠢᠯᠡᠵᠦ᠂ ᠮᠠᠨ᠎ᠤ ᠠᠢ᠌ᠮᠠᠭ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠦ᠂ 148 ᠵᠤᠷᠪᠤᠰ ᠠᠷᠭ᠎ᠠ ᠬᠡᠮᠵᠢᠶ᠎ᠡ ᠵᠢᠨ ᠨᠠᠷᠢᠨ ᠲᠠᠩᠰᠠ ᠵᠢ ᠪᠣᠶ ᠪᠣᠯᠭ᠋ᠠᠵᠤ᠂ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠵᠢ ᠨᠠᠷᠢᠯᠢᠭ ᠤᠨᠤᠪᠴᠢᠳᠠᠢ ᠰᠠᠢ᠌ᠲᠤᠷ ᠬᠢᠬᠦ᠎ᠳᠤ ᠨᠠᠢ᠌ᠳᠠᠪᠤᠷᠢᠲᠠᠢ ᠯᠠᠪᠯᠠᠯᠲᠠ ᠬᠠᠩᠭ᠋ᠠᠪᠠ᠃ ᠭᠤᠷᠪᠠᠨ ᠡᠭᠡᠯᠵᠢ ᠵᠢᠨ ᠵᠢᠱ᠌ᠢᠶ᠎ᠡ ᠦᠵᠡᠭᠦᠯᠬᠦ ᠣᠷᠤᠨ᠎ᠢ ᠡᠭᠦᠳᠦᠨ ᠪᠠᠶ᠋ᠢᠭᠤᠯᠬᠤ ᠪᠤᠯᠪᠠᠰᠤᠷᠠᠯ᠎ᠢ ᠥᠷᠨᠢᠭᠦᠯᠵᠦ᠂ ᠬᠤᠯᠪᠤᠭᠳᠠᠯ ᠪᠦᠬᠦᠢ ᠬᠣᠰᠢᠭᠤ ᠰᠢᠶᠠᠨ ᠬᠣᠲᠠ᠎ᠳᠤ ᠤᠯᠠᠨᠳᠠ ᠬᠦᠷᠴᠦ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠦᠷᠨᠢᠬᠦᠯᠪᠡ᠃ ᠠᠢ᠌ᠮᠠᠭ᠎ᠤᠨ ᠦᠨᠳᠦᠰᠦᠲᠡᠨ᠎ᠤ ᠵᠥᠪᠯᠡᠯ᠎ᠤᠨ ᠭᠡᠰᠢᠭᠦᠨ ᠨᠢᠭᠡᠴᠢ ᠵᠢᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠪᠠᠳᠠᠷᠠᠭᠤᠯᠵᠤ᠂ ᠠᠵᠢᠯ᠎ᠤᠨ ᠬᠠᠮᠲᠤᠷᠠᠯ ᠬᠦᠴᠦᠨ᠎ᠢ ᠴᠢᠷᠮᠠᠢ᠌ᠨ ᠪᠦᠷᠢᠯᠳᠦᠬᠦᠯᠪᠡ᠃ ᠮᠠᠨ᠎ᠤ ᠠᠢ᠌ᠮᠠᠭ᠎ᠤᠨ 13 ᠤᠯᠤᠰ᠎ᠤᠨ ᠲᠠᠰ᠂ 67 ᠥᠪᠡᠷᠲᠡᠭᠡᠨ ᠵᠠᠰᠠᠬᠤ ᠣᠷᠣᠨ᠎ᠤ ᠲᠠᠰ᠂ 221 ᠠᠢ᠌ᠮᠠᠭ᠎ᠤᠨ ᠲᠠᠰ᠎ᠤᠨ ᠵᠢᠱ᠌ᠢᠶ᠎ᠡ ᠦᠵᠡᠭᠦᠯᠬᠦ ᠤᠷᠤᠨ᠂ ᠵᠢᠱ᠌ᠢᠶ᠎ᠡ ᠦᠵᠡᠭᠦᠯᠬᠦ ᠨᠢᠭᠡᠴᠢ ᠲᠠᠰ ᠳᠡᠪᠰᠢᠵᠤ᠂ 2 ᠬᠥᠮᠥᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠥᠨ᠎ᠤ ᠢᠷᠠᠭᠤ ᠠᠯᠳᠠᠷ᠎ᠤᠨ ᠴᠣᠯᠠ ᠵᠢ ᠭᠥᠷᠳᠡᠪᠡ᠃

15.png 


16.png 


17.png


18.png 

       ᠭᠤᠷᠪᠠ᠂ ᠬᠠᠮᠲᠤ ᠵᠢᠨ ᠬᠥᠭᠵᠢᠯᠲᠡ ᠦᠷ᠎ᠡ ᠪᠦᠲᠦᠮᠵᠢ ᠣᠯᠵᠤ᠂ ᠠᠵᠤ ᠠᠬᠤᠢ ᠵᠢᠨ ᠬᠥᠭᠵᠢᠯᠲᠡ᠎ᠳᠤ ᠬᠦᠴᠦᠨ ᠨᠡᠮᠡᠷᠢᠯᠡᠪᠡ
       ᠡᠨᠡ ᠨᠢᠭᠡ ᠵᠢᠯ᠎ᠳᠤ᠂ ᠪᠢᠳᠡ ᠬᠠᠮᠲᠤ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠪᠠ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠪᠥᠬᠥ ᠤᠯᠤᠰ᠎ᠤᠨ ᠠᠩᠬᠠᠳᠠᠭᠴᠢ ᠪᠦᠯᠦᠭ᠂ ᠪᠥᠬᠥ ᠣᠷᠣᠨ᠎ᠤ ᠠᠩᠬᠠᠳᠠᠭᠴᠢ 《ᠪᠥᠬᠥ ᠤᠯᠤᠰ᠎ᠤᠨ ᠬᠠᠮᠲᠤ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ》 ᠪᠣᠯᠵᠤ᠂ ᠠᠢ᠌ᠮᠠᠭ᠎ᠤᠨ ᠦᠨᠳᠦᠰᠦᠲᠡᠨ᠎ᠤ ᠵᠦᠪᠯᠡᠯ ᠪᠠᠢ᠌ᠴᠠᠭ᠋ᠠᠨ ᠰᠤᠳᠤᠯᠤᠯᠲᠠ ᠪᠠ ᠵᠢᠭ᠋ᠠᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠬᠠᠮᠲᠤ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠣᠭᠲᠠᠴᠠ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠪᠡ᠃ ᠠᠢ᠌ᠮᠠᠭ᠎ᠤᠨ ᠲᠡᠰ᠎ᠤᠨ ᠬᠠᠮᠲᠤ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠤᠨ ᠰᠢᠨ᠎ᠡ ᠵᠢ ᠡᠭᠦᠳᠴᠦ᠂ ᠨᠡᠶ᠋ᠢᠲᠡ 2443.8 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠣᠯᠠᠨ ᠲᠦᠮᠡᠨ᠎ᠤ ᠣᠷᠣᠯᠴᠠᠬᠤ ᠪᠠ ᠣᠯᠠᠨ ᠲᠦᠮᠡᠨ᠎ᠤ ᠠᠰᠢᠭ ᠲᠤᠰᠠ ᠵᠢ ᠪᠠᠲᠤᠯᠠᠵᠤ᠂ ᠪᠦᠬᠦᠢ ᠯᠠ ᠠᠵᠢᠯ᠎ᠢ ᠨᠢᠭᠡᠨᠲᠡ ᠳᠠᠭᠤᠰᠬᠠᠪᠠ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠪᠦᠰᠡ ᠠᠯᠤᠰᠯᠠᠵᠤ ᠬᠣᠯᠪᠤᠭ᠋ᠠᠯᠠᠨ ᠡᠭᠦᠳᠴᠦ ᠬᠠᠮᠲᠤᠷᠠᠨ ᠪᠠᠶ᠋ᠢᠭᠤᠯᠬᠤ ᠠᠵᠢᠯᠯᠠᠭ᠎ᠠ ᠵᠢ ᠡᠷᠬᠢᠯᠡᠵᠦ᠂ 30 ᠰᠢᠬᠠᠮ ᠠᠵᠤ ᠠᠬᠤᠢ᠌ᠯᠠᠯ᠎ᠢ ᠲᠠᠳᠠᠨ ᠣᠷᠣᠯᠴᠠᠭᠤᠯᠪᠠ᠃ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠵᠢ ᠰᠠᠢ᠌ᠲᠤᠷ ᠬᠠᠮᠢᠶᠠᠷᠤᠨ ᠬᠡᠷᠡᠭᠯᠡᠵᠦ᠂ 6858 ᠲᠦᠮᠡᠨ ᠲᠥᠭᠥᠷᠢᠭ  ᠴᠢᠷᠮᠠᠢ᠌ᠨ ᠣᠯᠵᠤ᠂ 46 ᠲᠥᠷᠥᠯ ᠵᠦᠢ᠍ᠯ᠎ᠢ ᠭᠡᠷᠡᠭᠵᠢᠬᠦᠯᠵᠦ᠂ ᠦᠨᠳᠦᠰᠦᠲᠡᠨ᠎ᠤ ᠠᠷᠠᠯᠵᠢᠶ᠎ᠠ ᠦᠨᠳᠦᠰᠦᠲᠡᠨ᠎ᠤ ᠪᠦᠲᠦᠭᠡᠭᠳᠡᠬᠦᠨ᠎ᠤ ᠠᠵᠤ ᠠᠬᠤᠢ᠌ᠯᠠᠯ᠎ᠤᠨ ᠳᠠᠮ ᠬᠦᠦ᠎ᠲᠠᠢ ᠬᠥᠲᠥᠯᠥᠨ ᠵᠢᠯᠤᠭᠣᠳᠬᠤ ᠪᠡᠯᠡ ᠮᠥᠩᠭᠥ ᠵᠢ 2776 ᠲᠦᠮᠡᠨ ᠲᠥᠭᠥᠷᠢᠭ  ᠴᠢᠷᠮᠠᠢ᠌ᠨ ᠣᠯᠵᠤ᠂ 61 ᠠᠵᠤ ᠠᠬᠤᠢ᠌ᠯᠠᠯ᠎ᠳᠤ ᠠᠰᠢᠭ  ᠬᠦᠷᠳᠡᠭᠡᠪᠡ᠃

 19.png  


20.png     


21.png


22.png


        ᠳᠥᠷᠪᠡ᠂ ᠤᠬᠠᠭᠤᠯᠭ᠎ᠠ ᠬᠥᠮᠦᠵᠢᠯ᠎ᠤᠨ ᠠᠭᠤᠯᠭ᠎ᠠ ᠵᠢ ᠪᠠᠶᠠᠯᠢᠭᠵᠢᠭᠤᠯᠵᠤ᠂ ᠤᠶᠤᠨ ᠰᠠᠨᠠᠭ᠋ᠠᠨ᠎ᠤ ᠭᠡᠷ ᠣᠷᠣᠨ ᠵᠶ᠋ᠠᠨ ᠬᠠᠮᠲᠤ᠎ᠪᠠᠷ ᠴᠤᠭᠴᠠᠯᠠᠪᠠ
       ᠡᠨᠡ ᠨᠢᠭᠡ ᠵᠢᠯ᠎ᠳᠤ᠂ ᠪᠢᠳᠡ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠶᠡᠭᠡ᠎ᠪᠠᠷ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠤᠭᠴᠠᠯᠠᠪᠠ᠃ ᠤᠬᠠᠭᠤᠯᠭ᠎ᠠ ᠵᠢᠨ ᠰᠠᠷ᠎ᠠ᠂ ᠠᠵᠢᠯᠯᠠᠭ᠎ᠠ ᠵᠢᠨ ᠰᠠᠷ᠎ᠠ ᠵᠢᠨ ᠠᠵᠢᠯᠯᠠᠭ᠎ᠠ ᠵᠢ ᠨᠠᠷᠢᠨ ᠨᠢᠮᠪᠠᠢ ᠤᠬᠠᠭ᠋ᠠᠯᠠᠨ ᠲᠦᠯᠦᠪᠯᠡᠬᠦ ᠵᠢᠨ ᠬᠠᠮᠳᠤ ᠥᠷᠭᠡᠨ ᠳᠡᠯᠭᠡᠷᠡᠩᠭᠦᠢ ᠥᠷᠨᠢᠭᠦᠯᠵᠦ᠂ ᠲᠤᠰᠬᠠᠢ ᠮᠡᠷᠭᠡᠵᠢᠯᠲᠡᠨ ᠤᠷᠢᠨ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠤᠬᠢᠷᠠᠭᠤᠯᠵᠦ ᠤᠬᠠᠭᠤᠯᠭ᠎ᠠ ᠬᠥᠮᠦᠵᠢᠯ ᠥᠷᠨᠢᠭᠦᠯᠪᠡ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠵᠢ ᠳᠡᠯᠭᠡᠷᠡᠭᠦᠯᠦᠨ ᠬᠡᠷᠡᠭᠯᠡᠵᠦ᠂ ᠤᠬᠠᠭᠤᠯᠭ᠎ᠠ ᠬᠥᠮᠦᠵᠢᠯ᠎ᠤᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠪᠠ᠃ ᠦᠨᠳᠦᠰᠦᠲᠡᠨ᠎ᠤ ᠪᠦᠯᠬᠦᠮᠳᠡᠯ ᠠᠭᠤᠰᠤᠯᠴᠠᠯ᠎ᠤᠨ ᠲᠡᠦᠬᠡ ᠵᠢ ᠨᠠᠢ᠌ᠷᠠᠭᠤᠯᠬᠤ ᠠᠵᠢᠯ᠎ᠢ ᠰᠠᠢ᠌ᠲᠤᠷ ᠬᠢᠵᠦ᠂ ᠬᠤᠯᠪᠤᠭᠳᠠᠯ ᠪᠦᠬᠦᠢ ᠨᠣᠮ ᠪᠢᠴᠢᠭ᠎ᠢ ᠨᠠᠢ᠌ᠷᠠᠭᠤᠯᠤᠨ ᠪᠢᠴᠢᠬᠦ ᠠᠵᠢᠯ᠎ᠢ ᠡᠬᠢᠯᠡᠬᠦᠯᠪᠡ᠃ ᠳᠤᠮᠳᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ ᠪᠠᠢ᠌ᠭᠤᠯᠵᠤ᠂ 30 ᠰᠠᠭᠤᠷᠢᠨ ᠭᠠᠵᠠᠷ᠎ᠢ ᠲᠡᠰ ᠳᠡᠪᠰᠢᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ ᠪᠦᠬᠦ ᠣᠷᠣᠨ᠎ᠤ ᠨᠢᠭᠡᠳᠦᠭᠡᠷ ᠪᠦᠯᠦᠭ᠎ᠤᠨ ᠨᠡᠷᠡᠰ᠎ᠲᠤ ᠰᠤᠩᠭᠤᠬᠳᠠᠵᠤ᠂  ᠠᠵᠢᠯᠯᠠᠭ᠎ᠠ ᠦᠷᠨᠢᠬᠦᠯᠵᠦ 24 ᠲᠦᠮᠡ ᠭᠠᠷᠤᠢ ᠬᠥᠮᠥᠨ ᠤᠳᠠᠭ᠎ᠠ ᠵᠢ ᠬᠦᠯᠢᠶᠡᠨ ᠠᠪᠤᠪᠠ᠃ ᠵᠢᠱ᠌ᠢᠶᠡᠴᠢ ᠦᠢ᠍ᠯᠡ ᠠᠵᠢᠯᠯᠠᠭ᠎ᠠ ᠵᠢ ᠤᠬᠠᠭᠤᠯᠤᠨ ᠲᠠᠢ᠌ᠯᠪᠤᠷᠢᠯᠠᠬᠤ ᠮᠡᠳᠡᠭᠦᠯᠦᠯᠲᠡ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠨᠠᠷᠢᠨ ᠨᠢᠮᠪᠠᠢ ᠪᠡᠯᠡᠳᠭᠡᠵᠦ᠂ ᠤᠯᠤᠰ᠎ᠤᠨ ᠨᠡᠢ᠌ᠳᠡᠯᠢᠭ ᠭᠡᠯᠡ ᠵᠢ ᠦᠷᠭᠦᠯᠵᠢᠯᠡᠨ ᠳᠡᠯᠭᠡᠷᠡᠭᠦᠯᠦᠨ ᠲᠦᠭᠡᠮᠡᠯᠵᠢᠭᠦᠯᠵᠦ᠂ 5086 ᠲᠠᠯᠠᠪᠠᠢ ᠠᠵᠢᠯᠯᠠᠭ᠎ᠠ ᠥᠷᠨᠢᠭᠦᠯᠵᠦ᠂ 795630 ᠬᠥᠮᠥᠨ ᠤᠳᠠᠭ᠎ᠠ ᠵᠢ ᠬᠠᠮᠤᠷᠪᠠ᠃ ᠪᠦᠬᠦ ᠠᠢ᠌ᠮᠠᠭ᠎ᠲᠤ ᠠᠨᠠᠷ᠎ᠤᠨ ᠦᠷ᠎ᠡ ᠰᠡᠳᠬᠢᠯ ᠵᠶ᠋ᠡᠨ ᠨᠢᠭᠡᠳᠭᠡᠵᠦ  ᠵᠡᠭᠦᠳᠦ᠎ᠪᠠᠨ ᠲᠡᠷᠭᠡᠯᠰᠢᠭᠦᠯᠬᠦ ᠰᠢᠷᠢᠰ ᠭᠣᠣᠯ ᠰᠡᠳᠦᠪᠲᠦ ᠠᠵᠢᠯᠯᠠᠭ᠎ᠠ ᠵᠢ 13164 ᠲᠠᠯᠠᠪᠠᠢ ᠤᠳᠠᠭ᠎ᠠ ᠥᠷᠨᠢᠭᠦᠯᠵᠦ᠂ 1563267 ᠬᠥᠮᠥᠨ ᠤᠳᠠᠭ᠎ᠠ ᠵᠢ ᠬᠠᠮᠤᠷᠪᠠ᠃ 


23.png


24.png


25.png

      ᠲᠠᠪᠤ᠂ 《ᠭᠤᠷᠪᠠᠨ ᠵᠦᠢ᠍ᠯ᠎ᠤᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠵᠦ᠂ ᠶᠠᠪᠤᠯᠴᠠᠭ᠎ᠠ ᠠᠭᠤᠰᠤᠯᠴᠠᠭ᠎ᠠ ᠵᠢ ᠠᠬᠢᠭᠤᠯᠪᠠ 
       ᠡᠨᠡ ᠨᠢᠭᠡ ᠵᠢᠯ᠎ᠳᠤ᠂ ᠪᠢᠳᠡ 《ᠭᠤᠷᠪᠠᠨ ᠵᠦᠢ᠍ᠯ᠎ᠤᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠪᠠ᠃ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠢᠯᠦᠭ ᠰᠢᠯᠦᠭᠯᠡᠬᠦ ᠰᠣᠯᠢᠯᠴᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠵᠦ᠂ 40 ᠭᠠᠷᠤᠢ ᠲᠠᠯᠠᠪᠠᠢ ᠰᠤᠳᠤᠯᠤᠨ ᠰᠤᠷᠤᠯᠴᠠᠬᠤ ᠠᠵᠢᠯᠯᠠᠭ᠎ᠠ ᠵᠢ ᠬᠠᠮᠳᠤᠷᠠᠨ ᠵᠣᠬᠢᠶᠠᠨ ᠪᠠᠢ᠌ᠭᠤᠯᠵᠤ᠂ ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠢᠷᠠᠭᠤ ᠨᠠᠢ᠌ᠷᠠᠭ ᠤᠶᠠᠩᠭ᠋ᠠᠯᠠᠬᠤ ᠰᠣᠯᠢᠯᠴᠠᠭ᠋ᠠᠨ᠎ᠤ ᠠᠵᠢᠯᠯᠠᠭ᠎ᠠ᠂ ᠦᠨᠳᠦᠰᠦᠲᠡᠨ ᠪᠦᠯᠬᠦᠮᠳᠡᠵᠦ ᠰᠡᠳᠬᠢᠯ ᠵᠶ᠋ᠡᠨ ᠨᠢᠭᠡᠳᠬᠡᠬᠦ ᠠᠵᠢᠯᠯᠠᠭ᠎ᠠ ᠵᠢ ᠡᠷᠭᠢᠯᠡᠵᠦ᠂ ᠣᠯᠠᠨ ᠭᠠᠵᠠᠷ ᠣᠷᠤᠨ᠎ᠲᠠᠢ᠎ᠤᠨ ᠵᠠᠯᠠᠭᠤᠴᠤᠳ ᠪᠠᠭ᠋ᠠᠴᠤᠳ᠎ᠤᠨ ᠬᠣᠣᠰ ᠴᠢᠭᠯᠡᠯᠲᠦ ᠰᠣᠯᠢᠯᠴᠠᠭ᠎ᠠ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠪᠠ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠷᠢᠯᠴᠠᠨ ᠰᠢᠭᠢᠳᠬᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ ᠵᠢ ᠭᠡᠷᠡᠭᠵᠢᠬᠦᠯᠵᠦ᠂ ᠲᠠᠨᠢᠯᠴᠠᠭᠤᠯᠤᠨ ᠮᠡᠳᠡᠬᠦᠯᠦᠭᠰᠡᠨ 12 ᠲᠤᠷᠰᠢᠯᠲᠠ ᠵᠢᠨ ᠴᠡᠭ ᠴᠥᠮ ᠲᠣᠭᠲᠠᠭ᠋ᠠᠭᠳᠠᠵᠤ᠂ ᠤᠯᠠᠨ ᠵᠦᠢ᠍ᠯ᠎ᠤᠨ ᠠᠵᠢᠯᠯᠠᠭ᠎ᠠ ᠡᠷᠬᠢᠯᠡᠵᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠨᠡᠮᠡᠭᠳᠡᠬᠦᠯᠪᠡ᠃ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠰᠣᠶᠣᠯ᠎ᠤᠨ ᠲᠠᠯᠠᠪᠤᠷ᠎ᠤᠨ ᠳᠡᠯᠭᠡᠨ ᠦᠵᠡᠬᠦᠯᠭᠡ ᠵᠢ ᠲᠡᠭᠡᠭᠰᠢᠯᠡᠬᠦᠯᠵᠦ᠂ ᠥᠪᠡᠷ᠎ᠢ᠎ᠪᠠᠨ ᠪᠠᠢ᠌ᠴᠠᠭ᠋ᠠᠬᠤ ᠪᠠ ᠬᠠᠮᠲᠤᠷᠠᠨ ᠪᠠᠢ᠌ᠴᠠᠭ᠋ᠠᠬᠤ ᠵᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠣᠯᠢᠯᠴᠠᠭ᠋ᠠᠨ᠎ᠤ ᠬᠤᠷᠠᠯ᠎ᠢ ᠡᠷᠬᠢᠯᠡᠬᠦ ᠵᠢᠨ ᠬᠠᠮᠲᠤ ᠪᠦᠳᠦᠭᠦᠪᠴᠢ ᠵᠦᠪᠯᠡᠯᠴᠡᠭᠡᠷ᠎ᠲᠤ ᠭᠠᠷ᠎ᠤᠨ ᠦᠰᠦᠭ ᠵᠢᠷᠤᠪᠠ᠃

26.png


27.png


28.png 


29.png      

         ᠵᠢᠷᠭᠤᠭ᠎ᠠ᠂ ᠣᠯᠠᠨ ᠲᠦᠮᠡᠨᠴᠢ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠦᠢ᠍ᠯᠡᠳᠦᠯᠭᠡᠵᠢᠬᠦᠯᠪᠡ 
        ᠡᠨᠡ ᠨᠢᠭᠡ ᠵᠢᠯ᠎ᠳᠤ᠂ ᠪᠢᠳᠡ ᠦᠨᠳᠦᠰᠦᠨ ᠱᠠᠲᠤᠨ᠎ᠳᠤ ᠬᠠᠨᠳᠤᠭᠤᠯᠵᠦ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠠᠢ᠌ᠮᠠᠭ᠎ᠢ ᠪᠠᠢ᠌ᠭᠤᠯᠬᠤ᠎ᠪᠠᠷ ᠬᠠᠷᠠᠯᠲᠠ ᠪᠤᠯᠭ᠋ᠠᠵᠤ᠂ 《ᠬᠣᠶᠠᠷ ᠣᠷᠣᠨ ᠨᠢᠭᠡ ᠴᠤᠩᠬᠤᠪᠴᠢ》 ᠵᠢᠨ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠯᠠᠪᠳᠠᠭᠤᠨ ᠪᠠᠳᠤᠳᠠᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ 《ᠲᠠᠪᠤᠨ ᠨᠢᠭᠡ》 ᠤᠯᠠᠨ ᠲᠦᠮᠡᠨᠴᠢ ᠠᠵᠢᠯ᠎ᠤᠨ ᠠᠷᠭ᠎ᠠ ᠵᠢ ᠰᠢᠨ᠎ᠡ᠎ᠪᠠᠷ ᠡᠭᠦᠳᠦᠨ ᠲᠤᠷᠰᠢᠨ ᠬᠡᠷᠡᠭᠵᠢᠭᠦᠯᠵᠦ᠂ 《ᠬᠣᠭᠣᠰᠤᠨ᠂ ᠪᠦᠳᠦᠭᠦᠯᠢᠭ᠂ ᠶᠡᠷᠦᠮᠳᠡᠭ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠲᠠᠰᠤᠷᠠᠯᠳᠠ ᠦᠭᠡᠢ ᠭᠦᠨᠵᠡᠭᠡᠢ᠌ᠷᠡᠭᠦᠯᠦᠨ ᠪᠤᠳᠠᠳᠠᠢ᠌ᠵᠢᠭᠤᠯᠬᠤ ᠵᠢ ᠠᠬᠢᠭᠤᠯᠪᠠ᠃ ᠠᠵᠢᠯ᠎ᠤᠨ ᠡᠭᠦᠷᠭᠡ᠎ᠪᠠᠨ ᠲᠣᠳᠣᠷᠬᠠᠢ᠌ᠯᠠᠵᠤ᠂ ᠪᠠᠢ᠌ᠴᠠᠭ᠋ᠠᠨ ᠰᠤᠳᠤᠯᠬᠤ ᠲᠥᠰᠥᠯ ᠲᠣᠭᠲᠠᠭ᠋ᠠᠵᠤ᠂ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠵᠤ ᠪᠦᠬᠦ ᠲᠠᠯ᠎ᠠ᠎ᠪᠠᠷ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ᠃ ᠢᠯᠡᠳᠲᠡ ᠦᠷ᠎ᠡ ᠪᠦᠲᠦᠮᠵᠢ ᠣᠯᠵᠤ᠂ ᠪᠥᠬᠥ ᠠᠢ᠌ᠮᠠᠭ᠎ᠲᠤ 《ᠲᠠᠪᠤᠨ ᠨᠢᠭᠡ》 ᠣᠯᠠᠨ ᠲᠦᠮᠡᠨᠴᠢ ᠠᠵᠢᠯᠯᠠᠭ᠎ᠠ ᠵᠢ ᠨᠡᠶ᠋ᠢᠲᠡ 2028 ᠤᠳᠠᠭ᠎ᠠ ᠥᠷᠨᠢᠭᠦᠯᠵᠦ᠂ ᠣᠷᠣᠯᠴᠠᠭᠰᠠᠨ ᠬᠥᠮᠥᠨ᠎ᠤ ᠲᠣᠭ᠎ᠠ 47 ᠲᠦᠮᠡᠨ ᠬᠥᠮᠥᠨ ᠤᠳᠠᠭ᠎ᠠ ᠵᠢ ᠳᠠᠪᠠᠪᠠ᠃

 30.png


31.png       

       ᠳᠣᠯᠣᠭ᠎ᠠ᠂ ᠥᠭᠡᠷᠡᠴᠢᠯᠡᠯᠲᠡ ᠬᠢᠵᠦ ᠰᠢᠨ᠎ᠡ ᠵᠢ ᠡᠬᠦᠳᠦᠨ ᠬᠦᠭᠵᠢᠬᠦᠯᠬᠦ ᠵᠢ ᠭᠦᠨᠵᠡᠭᠡᠢ᠌ᠷᠡᠭᠦᠯᠵᠦ᠂ ᠠᠵᠢᠯ᠎ᠤᠨ ᠳᠠᠪᠰᠢᠯᠲᠠ ᠵᠢ ᠠᠬᠢᠭᠤᠯᠪᠠ
       ᠡᠨᠡ ᠨᠢᠭᠡ ᠵᠢᠯ᠎ᠳᠤ᠂ ᠪᠢᠳᠡ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠵᠢᠯ᠎ᠢ ᠬᠦᠴᠦᠯᠡᠨ ᠠᠬᠢᠭᠤᠯᠪᠠ᠃ ᠮᠠᠨ᠎ᠤ ᠠᠢ᠌ᠮᠠᠭ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠵᠢᠯ᠎ᠢ ᠢᠳᠡᠪᠬᠢᠲᠡᠢ ᠠᠬᠢᠭᠤᠯᠬᠤ ᠵᠢᠨ ᠲᠤᠭᠤᠷᠢᠨ᠎ᠳᠤ᠂ ᠨᠢᠭᠡ᠎ᠳᠤ ᠲᠤᠬᠠᠢ᠌ᠯᠠᠭᠰᠠᠨ ᠠᠵᠢᠯ᠎ᠤᠨ ᠰᠤᠳᠤᠯᠤᠨ ᠶᠠᠷᠢᠯᠴᠠᠭ᠎ᠠ ᠵᠢ ᠣᠯᠠᠨ ᠤᠳᠠᠭ᠎ᠠ ᠥᠷᠨᠢᠭᠦᠯᠵᠦ᠂ ᠡᠯ᠎ᠡ ᠲᠥᠷᠥᠯ᠎ᠤᠨ ᠲᠤᠬᠠᠢ᠌ᠯᠠᠭᠰᠠᠨ ᠠᠵᠢᠯ᠎ᠤᠨ ᠠᠷᠭ᠎ᠠ ᠬᠡᠮᠵᠢᠶ᠎ᠡ᠎ᠪᠠᠨ ᠦᠭᠡᠷᠡᠴᠢᠯᠡᠵᠦ᠂ ᠠᠷᠭ᠎ᠠ ᠬᠡᠯᠪᠡᠷᠢ ᠪᠠ ᠠᠴᠢᠶᠠᠯᠠᠪᠤᠷᠢ ᠵᠢᠨ ᠰᠢᠨ᠎ᠡ ᠵᠢ ᠡᠭᠦᠳᠬᠦ ᠵᠢ ᠠᠬᠢᠭᠤᠯᠪᠠ᠃ ᠬᠣᠶᠠᠷ᠎ᠲᠤ᠂ ᠦᠨᠳᠦᠰᠦᠲᠡᠨ᠎ᠤ ᠠᠵᠢᠯ ᠪᠣᠯᠣᠨ ᠲᠤᠬᠠᠢ᠌ᠯᠠᠭᠰᠠᠨ ᠠᠵᠢᠯ᠎ᠢ ᠣᠷᠭ᠋ᠠᠨᠢᠭ᠎ᠪᠠᠷ ᠠᠭᠤᠰᠤᠯᠴᠠᠬᠤ᠎ᠤᠨ ᠳᠦᠷᠢᠮ᠎ᠢ ᠰᠦᠪᠡᠭᠴᠢᠯᠡᠨ ᠪᠠᠢ᠌ᠭᠤᠯᠵᠤ᠂ ᠦᠨᠳᠦᠰᠦᠲᠡᠨ᠎ᠤ ᠠᠵᠢᠯ ᠪᠣᠯᠣᠨ ᠲᠤᠬᠠᠢ᠌ᠯᠠᠭᠰᠠᠨ ᠠᠵᠢᠯ᠎ᠤᠨ 《ᠬᠣᠶᠠᠷ ᠲᠠᠯᠠᠴᠢ》 ᠠᠰᠠᠭᠤᠳᠠᠯ᠎ᠢ ᠰᠢᠢ᠍ᠳᠪᠦᠷᠢᠯᠡᠪᠡ᠃ ᠭᠤᠷᠪᠠ᠎ᠳᠤ ᠲᠤᠷᠰᠢᠯᠲᠠ ᠵᠢᠨ ᠴᠢᠭ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠤᠯᠠᠨ ᠲᠦᠮᠡᠨ᠎ᠤ ᠣᠷᠣᠯᠴᠠᠬᠤ ᠪᠠ ᠤᠯᠠᠨ ᠲᠦᠮᠡᠨ᠎ᠤ ᠠᠰᠢᠭ ᠲᠤᠰᠠ ᠵᠢ ᠪᠠᠲᠤᠯᠠᠬᠤ ᠲᠣᠭᠲᠠᠴᠠ ᠵᠢ ᠬᠠᠢ᠌ᠨ ᠰᠦᠪᠡᠭᠴᠢᠯᠡᠵᠦ᠂ ᠬᠠᠮᠲᠤ᠎ᠪᠠᠷ ᠪᠠᠶᠠᠵᠢᠬᠤ ᠵᠢ ᠠᠬᠢᠭᠤᠯᠪᠠ᠃

32.png       


33.png

        ᠨᠠᠢ᠍ᠮᠠ᠂ ᠭᠠᠳᠠᠭ᠋ᠠᠳᠤ ᠤᠬᠠᠭᠤᠯᠭ᠎ᠠ ᠵᠢᠨ ᠠᠵᠢᠯ ᠲᠣᠪᠣᠢ᠌ᠮ᠎ᠠ ᠠᠮᠵᠢᠯᠲᠠ ᠣᠯᠵᠤ᠂ ᠠᠵᠢᠯ᠎ᠤᠨ ᠦᠷ᠎ᠡ ᠪᠦᠲᠦᠭᠡᠯ ᠵᠶ᠋ᠡᠨ ᠳᠡᠯᠭᠡᠨ ᠦᠵᠡᠭᠦᠯᠪᠡ 
       ᠡᠨᠡ ᠨᠢᠭᠡ ᠵᠢᠯ᠎ᠳᠤ᠂ ᠪᠢᠳᠡ ᠭᠠᠳᠠᠭ᠋ᠠᠳᠤ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠪᠠ᠃ ᠮᠠᠨ᠎ᠤ ᠠᠢ᠌ᠮᠠᠭ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠮᠡᠳᠡᠭᠡ ᠵᠠᠩᠭᠢ ᠵᠢᠨ ᠰᠢᠭᠤᠳ ᠮᠡᠳᠡᠭᠦᠯᠬᠦ ᠴᠡᠭ᠎ᠲᠤ ᠵᠢᠭᠰᠠᠭ᠋ᠠᠭᠳᠠᠵᠤ᠂ ᠤᠯᠠᠨ ᠮᠡᠳᠡᠭᠡ ᠵᠠᠩᠭᠢ ᠤᠯᠤᠰ ᠪᠠ ᠥᠪᠡᠷᠲᠡᠭᠡᠨ ᠵᠠᠰᠠᠬᠤ ᠣᠷᠣᠨ᠎ᠳᠤ ᠬᠡᠷᠡᠭᠯᠡᠭᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠠᠢ᠌ᠮᠠᠭ᠎ᠢ ᠪᠠᠢ᠌ᠭᠤᠯᠬᠤ᠎ᠳᠤ ᠰᠠᠢ᠌ᠨ ᠰᠠᠢ᠌ᠬᠠᠨ ᠠᠬᠤᠢ ᠨᠥᠭᠥᠴᠡᠯ᠎ᠢ ᠪᠤᠢ ᠪᠤᠯᠭ᠋ᠠᠪᠠ᠃ ᠮᠠᠨ᠎ᠤ ᠠᠢ᠌ᠮᠠᠭ᠂ ᠣᠷᠣᠨ᠎ᠤ ᠳᠣᠲᠣᠷ᠎ᠠ ᠭᠠᠳᠠᠨ᠎ᠠ᠎ᠠᠴᠠ ᠢᠷᠡᠭᠰᠡᠨ ᠲᠣᠭᠣᠷᠢᠨ ᠦᠵᠡᠵᠦ ᠰᠤᠷᠤᠯᠴᠠᠬᠤ ᠪᠦᠯᠬᠦᠮ᠎ᠢ ᠨᠡᠶ᠋ᠢᠲᠡ 10 ᠭᠠᠷᠤᠢ ᠤᠳᠠᠭ᠎ᠠ ᠭᠥᠯᠢᠶᠡᠨ ᠠᠪᠴᠤ᠂ ᠲᠠᠢ᠌ᠯᠤᠮᠵᠢ ᠬᠢᠬᠦ ᠪᠠ ᠦᠢ᠍ᠯᠡᠴᠢᠯᠡᠭᠡᠨ᠎ᠤ ᠠᠵᠢᠯ᠎ᠢ ᠨᠠᠷᠢᠨ ᠨᠢᠮᠪᠠᠢ ᠰᠠᠢ᠌ᠲᠤᠷ ᠬᠢᠵᠦ᠂ ᠮᠠᠨ᠎ᠤ ᠠᠢ᠌ᠮᠠᠭ᠎ᠤᠨ ᠦᠨᠳᠦᠰᠦᠲᠡᠨ᠎ᠤ ᠠᠵᠢᠯ᠎ᠤᠨ ᠨᠡᠷ᠎ᠡ ᠬᠦᠨᠳᠦ ᠪᠠ ᠨᠥᠯᠥᠭᠡᠯᠡᠬᠦ ᠬᠦᠴᠦᠨ᠎ᠢ ᠴᠢᠷᠮᠠᠢ᠌ᠨ ᠳᠡᠭᠡᠭᠰᠢᠯᠡᠭᠦᠯᠪᠡ᠃

34.png 
       ᠰᠢᠨ᠎ᠡ ᠣᠨ᠎ᠳᠤ᠎ᠪᠠᠨ᠂ ᠪᠢᠳᠡ ᠦᠷᠭᠦᠯᠵᠢᠯᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠵᠢ ᠡᠷᠬᠢᠮᠯᠡᠬᠦ ᠰᠤᠷᠲᠠᠯ ᠵᠶ᠋ᠠᠷ ᠪᠦᠯᠬᠦᠮᠳᠡᠨ ᠨᠢᠭᠡᠳᠴᠦ᠂ ᠡᠷᠡᠯᠬᠡᠭᠯᠡᠨ ᠤᠷᠤᠭᠰᠢᠯᠠᠵᠤ᠂ ᠮᠠᠨ᠎ᠤ ᠠᠢ᠌ᠮᠠᠭ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠴᠦ᠂ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠢᠳᠡᠪᠬᠢᠲᠡᠢ ᠬᠦᠴᠦᠨ ᠴᠢᠳᠠᠯ ᠵᠶ᠋ᠠᠨ ᠡᠷᠭᠦᠨ᠎ᠡ᠃
       ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠯᠭᠡ᠂ ᠢᠳᠡᠪᠬᠢᠲᠡᠢ ᠣᠷᠤᠯᠴᠠᠯᠭ᠎ᠠ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ! ᠮᠠᠨ᠎ᠤ ᠠᠢ᠌ᠮᠠᠭ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ ᠳᠠᠬᠢᠨᠲᠠ ᠰᠢᠯᠢᠳᠡᠭ ᠠᠮᠵᠢᠯᠲᠠ ᠣᠯᠵᠤ᠂ ᠰᠢᠨ᠎ᠡ ᠬᠠᠭᠤᠳᠠᠰᠤ ᠵᠢ ᠪᠢᠴᠢᠭᠯᠡᠬᠦ ᠵᠢ ᠴᠢᠩ ᠰᠡᠳᠬᠢᠯ᠎ᠠᠴᠠ᠎ᠪᠠᠨ ᠬᠦᠰᠡᠨ ᠵᠥᠩᠨᠡᠶ᠎ᠡ! ᠪᠥᠬᠥ ᠠᠢ᠌ᠮᠠᠭ᠎ᠤᠨ ᠠᠷᠠᠳ ᠲᠦᠮᠡᠨ᠎ᠤ ᠵᠣᠯ ᠵᠢᠷᠭ᠋ᠠᠯ᠎ᠲᠠᠢ ᠠᠮᠤᠷ ᠠᠮᠤᠭᠤᠯᠠᠩ᠂ ᠠᠯᠢᠪᠠ ᠪᠦᠬᠦᠨ ᠤᠷᠤᠭᠰᠢᠲᠠᠢ ᠪᠠᠢ᠌ᠬᠤ ᠵᠢ ᠴᠢᠩ ᠰᠡᠳᠬᠢᠯ᠎ᠠᠴᠠ᠎ᠪᠠᠨ ᠢᠷᠦᠭᠡᠶ᠎ᠡ!




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
         ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ




 

ᠢᠷᠡᠯᠲᠡ᠄ ᠬᠢᠩᠭ᠋ᠠᠨ ᠠᠶ᠋ᠢᠮᠠᠭ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ