ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤ᠄ ᠨᠠᠮ᠎ᠤᠨ ᠪᠠᠢ᠌ᠭᠤᠯᠤᠯᠲᠠ᠎ᠪᠠᠷ ᠡᠪᠯᠡᠯ ᠰᠤᠷᠭ᠋ᠠᠨ ᠬᠥᠮᠦᠵᠢᠯ᠎ᠤᠨ ᠬᠠᠮᠳᠤ ᠵᠢᠨ ᠵᠠᠰᠠᠯᠳᠠ ᠵᠢ ᠬᠦᠳᠦᠯᠦᠨ ᠲᠠᠭ᠋ᠠᠭᠤᠯᠵᠦ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠨᠠᠢ᠌ᠳᠠᠪᠤᠷᠢᠲᠠᠢ ᠵᠠᠯᠭ᠋ᠠᠮᠵᠢᠯᠠᠭᠴᠢ ᠵᠢ ᠬᠠᠮᠲᠤ᠎ᠪᠠᠷ ᠬᠦᠮᠦᠵᠢᠬᠦᠯᠦᠨ᠎ᠡ
ᠨᠡᠶ᠋ᠢᠲᠡᠯᠡᠭᠰᠡᠨ ᠴᠠᠭ᠄ 2025-03-17

       ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤ᠄ ᠨᠠᠮ᠎ᠤᠨ ᠪᠠᠢ᠌ᠭᠤᠯᠤᠯᠲᠠ᠎ᠪᠠᠷ ᠡᠪᠯᠡᠯ ᠰᠤᠷᠭ᠋ᠠᠨ ᠬᠥᠮᠦᠵᠢᠯ᠎ᠤᠨ ᠬᠠᠮᠳᠤ ᠵᠢᠨ ᠵᠠᠰᠠᠯᠳᠠ ᠵᠢ ᠬᠦᠳᠦᠯᠦᠨ ᠲᠠᠭ᠋ᠠᠭᠤᠯᠵᠦ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠨᠠᠢ᠌ᠳᠠᠪᠤᠷᠢᠲᠠᠢ ᠵᠠᠯᠭ᠋ᠠᠮᠵᠢᠯᠠᠭᠴᠢ ᠵᠢ ᠬᠠᠮᠲᠤ᠎ᠪᠠᠷ ᠬᠦᠮᠦᠵᠢᠬᠦᠯᠦᠨ᠎ᠡ
      ᠤᠷᠠᠳ᠎ᠤᠨ ᠡᠮᠦᠨᠡᠲᠦ ᠬᠣᠰᠢᠭᠤᠨ᠎ᠤ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ 《ᠦᠷᠭᠦᠯᠵᠢᠯᠡᠭᠰᠡᠨ ᠵᠢᠷᠤᠭ᠎ᠢ ᠤᠷᠠᠨ ᠭᠠᠷ ᠵᠶ᠋ᠠᠷ ᠬᠠᠮᠳᠤᠪᠠᠷ ᠵᠢᠷᠤᠬᠯᠠᠶ᠎ᠠ》 ᠦᠵᠡᠬᠦᠯᠬᠡ ᠵᠢᠨ ᠲᠣᠭᠣᠷᠢᠭ ᠵᠶ᠋ᠠᠷ ᠶᠠᠪᠤᠬᠤ᠎ᠳᠤ ᠰᠤᠷᠤᠭᠴᠢᠳ᠎ᠤᠨ ᠵᠢᠷᠤᠠᠠᠰᠠᠨ 《ᠲᠠᠯ᠎ᠠ ᠨᠤᠲᠤᠭ᠎ᠤᠨ ᠪᠠᠭ᠋ᠠᠳᠤᠷᠯᠢᠭ ᠡᠭᠡᠴᠢ ᠦᠬᠢᠨ ᠳᠡᠭᠦᠦ》᠂ 《ᠲᠠᠯ᠎ᠠ ᠬᠥᠨᠵᠢᠯᠡ》 ᠪᠣᠯᠣᠨ 《ᠢ ᠬᠠᠢ ᠵᠢᠨ ᠬᠣᠯᠪᠣᠭ᠎ᠠ ᠪᠠᠢ᠌ᠭᠤᠯᠤᠭᠰᠠᠨ》 ᠵᠡᠷᠭᠡ ᠵᠢᠷᠤᠭ᠎ᠲᠤ ᠠᠮᠢᠳᠤᠯᠢᠭ ᠦᠢ᠍ᠯᠡ ᠶᠠᠪᠤᠳᠠᠯ ᠢᠯᠡᠷᠡᠵᠦ᠂ ᠦᠨᠳᠦᠰᠦᠲᠡᠨ᠎ᠨᠦᠭᠦᠳ ᠡᠶ᠎ᠡ ᠵᠣᠬᠢᠴᠠᠩᠭᠤᠢ ᠬᠠᠮᠳᠤ ᠣᠷᠣᠰᠢᠵᠤ᠂ ᠬᠠᠷᠢᠯᠴᠠᠨ ᠬᠦᠨᠳᠦᠳᠬᠡᠵᠦ᠂ ᠭᠠᠷ ᠵᠢᠡᠨ ᠬᠣᠯᠪᠣᠨ ᠤᠷᠤᠭᠰᠢᠯᠠᠭᠰᠠᠨ ᠰᠠᠢ᠌ᠨ ᠰᠠᠢ᠌ᠬᠠᠨ ᠦᠯᠢᠭᠡᠷ᠎ᠤᠳ ᠲᠤᠳᠤᠷᠠᠨ᠎ᠠ᠃
      ᠵᠠᠯᠠᠭᠤᠴᠤᠳ ᠪᠠᠭ᠋ᠠᠴᠤᠳ᠎ᠤᠨ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠠᠭ᠋ᠠᠰᠢᠳᠠ ᠪᠠᠲᠤᠳᠬᠠᠬᠤ ᠵᠢᠨ ᠲᠥᠯᠥᠭᠡ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠤᠷᠠᠳ᠎ᠤᠨ ᠡᠮᠦᠨᠡᠲᠦ ᠬᠣᠰᠢᠭᠤᠨ᠎ᠤ ᠬᠤᠷᠢᠶ᠎ᠡ ᠵᠢᠨ ᠨᠠᠮ᠎ᠤᠨ ᠡᠭᠦᠷ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ ᠨᠠᠮ᠎ᠤᠨ ᠠᠵᠢᠯᠯᠠᠬᠤ ᠬᠣᠷᠢᠶ᠎ᠠ᠎ᠯᠤᠭ᠎ᠠ ᠵᠢᠨ ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠮ᠂ ᠡᠪᠯᠡᠯ᠂ ᠬᠤᠰᠢᠭᠤᠴᠢ ᠠᠩᠬᠢ ᠵᠢ ᠨᠢᠭᠡ ᠴᠣᠭᠴᠠᠵᠢᠭᠤᠯᠬᠤ ᠪᠠᠢ᠌ᠭᠤᠯᠤᠯᠲᠠ ᠵᠢ ᠪᠠᠷᠢᠮᠲᠠᠯᠠᠵᠤ᠂ ᠤᠯᠤᠰ ᠲᠦᠷᠦ ᠵᠢᠨ ᠴᠢᠭᠯᠡᠯ ᠵᠶ᠋ᠡᠨ ᠪᠠᠲᠤᠳᠬᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠥᠭᠡᠷᠡᠴᠢᠯᠡᠯᠲᠡ ᠵᠢᠨ ᠰᠢᠨ᠎ᠡ ᠪᠠᠢ᠌ᠳᠠᠯ ᠳᠣᠣᠷ᠎ᠠ᠂ 《ᠡᠪᠯᠡᠯ ᠰᠤᠷᠭ᠋ᠠᠨ ᠬᠥᠮᠦᠵᠢᠯ +N》 ᠵᠠᠭᠪᠤᠷ ᠵᠶ᠋ᠠᠷ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠨ᠎ᠢ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢ ᠬᠠᠮᠠᠭ᠋ᠠᠯᠠᠬᠤ ᠨᠠᠢ᠌ᠳᠠᠪᠤᠷᠢᠲᠠᠢ ᠵᠠᠯᠭ᠋ᠠᠮᠵᠢᠯᠠᠭᠴᠢ ᠪᠣᠯᠭ᠋ᠠᠨ ᠬᠥᠮᠥᠵᠢᠭᠦᠯᠪᠡ᠃ 
      ᠡᠪᠯᠡᠯ ᠰᠤᠷᠭ᠋ᠠᠨ ᠬᠥᠮᠦᠵᠢᠯ + ᠣᠨᠣᠯ᠎ᠤᠨ ᠰᠤᠷᠤᠯᠴᠠᠯᠭ᠎ᠠ 
      《ᠤᠯᠠᠭ᠋ᠠᠨ ᠪᠦᠴᠡᠲᠡᠨ᠎ᠤ ᠲᠠᠢ᠌ᠯᠪᠤᠷᠢᠯᠠᠭᠴᠢ ᠵᠢᠨ ᠶᠡᠬᠡ ᠤᠷᠤᠯᠳᠤᠭ᠋ᠠᠨ᠎ᠳᠤ ᠣᠷᠣᠯᠴᠠᠭᠰᠠᠨ᠎ᠳᠤ᠎ᠪᠠᠨ ᠪᠢ ᠶᠡᠭᠡ ᠣᠮᠣᠭᠰᠢᠵᠤ ᠪᠠᠢ᠌ᠨ᠎ᠠ᠂ ᠤᠷᠤᠯᠳᠤᠭ᠋ᠠᠨ᠎ᠳᠤ ᠣᠷᠣᠯᠴᠠᠭᠰᠠᠨ  ᠰᠤᠷᠤᠭᠴᠢᠳ ᠮᠠᠰᠢ ᠰᠢᠯᠢᠳᠡᠭ ᠪᠠᠢ᠌ᠵᠤ᠂ ᠬᠡᠰᠡᠭ ᠪᠤᠰᠠᠭ ᠲᠡᠤᠭᠡᠨ ᠶᠠᠷᠢᠭ᠋ᠠᠨ᠎ᠠᠴᠠ ᠪᠢ ᠮᠠᠰᠢ ᠤᠯᠠᠨ ᠶᠠᠭᠤᠮ᠎ᠠ ᠣᠯᠵᠤ ᠰᠤᠷᠪᠠ》 ᠭᠡᠵᠦ ᠤᠷᠠᠳ᠎ᠤᠨ ᠡᠮᠦᠨᠡᠲᠦ ᠬᠣᠰᠢᠭᠤᠨ᠎ᠤ ᠰᠤᠳᠠᠯ᠎ᠤᠨ ᠬᠤᠤᠠᠳᠤᠭ ᠪᠠᠭ᠎ᠠ ᠰᠤᠷᠭ᠋ᠠᠭᠤᠯᠢ ᠵᠢᠨ ᠤᠷᠤᠯᠳᠤᠭ᠋ᠠᠨ᠎ᠳᠤ ᠤᠷᠤᠯᠴᠠᠬᠰᠠᠨ ᠰᠤᠷᠤᠭᠴᠢ ᠦ᠋ ᠢᠦᠢ ᠰᠢᠤᠸᠠᠨ ᠶᠠᠷᠢᠪᠠ᠃ ᠬᠤᠰᠢᠭᠤᠨ᠎ᠤ ᠡᠪᠯᠡᠯ᠎ᠤᠨ ᠬᠣᠷᠢᠶ᠎ᠠ ᠵᠢᠨ ᠨᠠᠮ᠎ᠤᠨ ᠡᠬᠦᠷ ᠪᠣᠯᠣᠨ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ ᠨᠠᠮ᠎ᠤᠨ ᠠᠵᠢᠯᠯᠠᠬᠤ ᠬᠣᠷᠢᠶ᠎ᠠ ᠬᠠᠮᠳᠤ᠎ᠪᠠᠷ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠤᠯᠠᠭ᠋ᠠᠨ ᠪᠦᠴᠡᠲᠡᠨ᠎ᠤ ᠲᠠᠢ᠌ᠯᠪᠤᠷᠢᠯᠠᠭᠴᠢ ᠵᠢᠨ ᠤᠷᠤᠯᠳᠤᠭ᠋ᠠᠨ᠎ᠢ ᠪᠠᠢ᠌ᠩᠭᠤᠵᠢᠭᠤᠯᠵᠦ ᠬᠠᠮᠲᠤᠷᠠᠨ ᠡᠷᠬᠢᠯᠡᠵᠦ᠂ 22 ᠭᠣᠣᠯᠯᠠᠭᠴᠢ ᠲᠠᠢ᠌ᠯᠪᠤᠷᠢᠯᠠᠭᠴᠢ ᠵᠢ ᠰᠣᠩᠭᠣᠨ ᠬᠥᠮᠥᠵᠢᠭᠦᠯᠵᠦ᠂ ᠰᠢᠯᠢᠳᠡᠭ ᠤᠯᠠᠭ᠋ᠠᠨ ᠪᠦᠴᠡᠲᠡᠨ᠎ᠤ ᠲᠠᠢ᠌ᠯᠪᠤᠷᠢᠯᠠᠭᠴᠢ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠸᠢᠴᠠᠲ᠎ᠤᠨ ᠤᠯᠠᠨ ᠨᠡᠶ᠋ᠢᠲᠡ ᠵᠢᠨ ᠲᠠᠪᠴᠠᠩ᠎ᠳᠤ 《ᠤᠯᠠᠭ᠋ᠠᠨ ᠪᠦᠴᠡᠲᠡᠨ》 ᠲᠤᠰᠬᠠᠢ ᠪᠤᠯᠤᠩ ᠭᠠᠷᠭ᠋ᠠᠵᠤ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠤᠨ 《ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠶᠠᠷᠢᠵᠦ ᠤᠯᠠᠭ᠋ᠠᠨ ᠪᠦᠴᠡᠲᠡᠨ᠎ᠤ ᠲᠠᠢ᠌ᠯᠪᠤᠷᠢᠯᠠᠭᠴᠢ ᠪᠣᠯᠬᠤ᠎ᠪᠠᠷ ᠮᠡᠷᠡᠢ᠌ᠶ᠎ᠡ》 ᠪᠢᠴᠢᠯ ᠸᠢᠳᠢᠤ᠋ ᠡᠯᠰᠡᠬᠦ ᠠᠵᠢᠯᠯᠠᠭ᠎ᠠ᠎ᠳᠤ ᠣᠷᠣᠯᠴᠠᠬᠤ ᠵᠢ ᠵᠣᠷᠢᠭᠵᠢᠭᠤᠯᠵᠤ᠂ ᠪᠣᠷᠣᠭᠵᠢᠭᠤᠨ ᠴᠠᠢ᠌ᠯᠭ᠋ᠠᠨ ᠦᠭᠡ ᠬᠡᠯᠡ᠎ᠪᠠᠷ ᠬᠤᠪᠢᠰᠬᠠᠯ᠎ᠤᠨ ᠦᠯᠢᠭᠡᠷ᠎ᠢ ᠰᠠᠢ᠌ᠲᠤᠷ ᠶᠠᠷᠢᠵᠤ᠂ ᠨᠠᠮ᠎ᠤᠨ ᠲᠠᠭᠤᠨ᠎ᠢ ᠳᠠᠮᠵᠢᠭᠤᠯᠪᠠ᠃

图片1.png      

      ᠬᠤᠰᠢᠭᠤ ᠤᠯᠤᠰ ᠲᠥᠷᠥ ᠵᠢᠨ ᠵᠥᠪᠯᠡᠯᠭᠡᠨ᠎ᠤ ᠰᠣᠶᠣᠯ ᠲᠡᠦᠬᠡ ᠵᠢᠨ ᠣᠷᠳᠣᠨ᠎ᠤ 《ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ᠎ᠪᠠᠨ ᠱᠤᠭᠤᠵᠤ ᠨᠠᠮ ᠵᠶ᠋ᠠᠨ᠎ᠲᠠᠭᠠᠨ ᠤᠷᠤᠬᠰᠢᠯᠠᠵᠦ᠂ ᠠᠴᠢ ᠡᠨᠡᠷᠢᠯ᠎ᠳᠤ ᠲᠠᠯᠠᠷᠬᠠᠵᠦ ᠰᠢᠨ᠎ᠡ ᠠᠶᠠᠨ ᠵᠠᠮ᠎ᠳᠤ᠎ᠪᠠᠨ ᠡᠷᠡᠯᠬᠡᠭᠯᠡᠨ ᠤᠷᠤᠭᠰᠢᠯᠠᠶ᠎ᠠ》 ᠭᠡᠬᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠦᠵᠡᠬᠦᠯᠬᠡ ᠵᠢ ᠰᠤᠨᠢᠷᠬᠠᠭᠰᠠᠨ ᠰᠤᠷᠤᠭᠴᠢᠳ ᠨᠤᠲᠤᠭ ᠤᠰᠤᠨ᠎ᠤ᠎ᠪᠠᠨ ᠥᠪᠡᠷᠮᠢᠴᠡ ᠪᠠᠢ᠌ᠭ᠋ᠠᠯᠢ ᠵᠢᠨ ᠥᠩᠭᠡ ᠦᠵᠡᠮᠵᠢ᠂ ᠭᠦᠨ ᠵᠤᠵᠠᠭ᠋ᠠᠨ ᠰᠣᠶᠣᠯ ᠢᠷᠭᠡᠨᠰᠢᠯ᠎ᠤᠨ ᠠᠭᠤᠯᠤᠬᠳᠠᠬᠤᠨ ᠪᠠ ᠦᠨᠳᠦᠰᠦᠲᠡᠨ᠎ᠨᠦᠭᠦᠳ᠎ᠤᠨ ᠪᠦᠯᠬᠦᠮᠳᠡᠯ᠎ᠤᠨ ᠦᠭᠡᠳᠡᠯᠡᠨ ᠲᠠᠪᠰᠢᠬᠤ ᠬᠥᠭᠵᠢᠯᠲᠡ ᠵᠢᠨ ᠳᠦᠷᠰᠦ ᠪᠠᠢ᠌ᠳᠠᠯ᠎ᠳᠤ ᠬᠦᠨ ᠨᠦᠯᠦᠭᠡᠯᠡᠭᠳᠡᠪᠡ᠃ ᠬᠣᠰᠢᠭᠤᠨ᠎ᠤ ᠡᠪᠯᠡᠯ᠎ᠤᠨ ᠬᠤᠷᠢᠶ᠎ᠡ ᠵᠢᠨ ᠨᠠᠮ᠎ᠤᠨ ᠡᠭᠦᠷ᠎ᠨᠢ ᠪᠦᠬᠦ ᠬᠣᠰᠢᠭᠤᠨ᠎ᠤ 11 ᠰᠤᠮᠤ ᠪᠠᠯᠭ᠋ᠠᠰᠤᠨ᠎ᠤ ᠪᠠᠭ᠋ᠠᠴᠤᠳ᠎ᠤᠨ ᠠᠵᠢᠯ᠎ᠤᠨ ᠵᠥᠪᠯᠡᠯ᠂ 15 ᠨᠡᠢ᠌ᠭᠡᠮ ᠲᠣᠭᠣᠷᠢᠭ᠎ᠤᠨ ᠪᠠᠭ᠋ᠠᠴᠤᠳ᠎ᠤᠨ ᠠᠵᠢᠯ᠎ᠤᠨ ᠵᠥᠪᠯᠡᠯ ᠪᠣᠯᠣᠨ 9 ᠪᠠᠭ᠋ᠠᠴᠤᠳ᠎ᠤᠨ ᠬᠣᠰᠢᠭᠤᠴᠢ ᠠᠩᠭᠢ ᠵᠢᠨ ᠰᠤᠷᠭ᠋ᠠᠭᠤᠯᠢ ᠵᠢᠨ ᠭᠠᠳᠠᠨᠠᠬᠢ ᠦᠢ᠍ᠯᠡᠳᠦᠯᠭᠡ ᠬᠥᠮᠦᠵᠢᠯ᠎ᠤᠨ ᠰᠠᠭᠤᠷᠢᠨ ᠭᠠᠵᠠᠷ᠎ᠲᠤ ᠲᠦᠰᠢᠭᠯᠡᠵᠦ᠂ ᠤᠯᠠᠨ ᠡᠰᠢᠵᠢᠭᠰᠡᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠭᠠᠳᠠᠨᠠᠬᠢ ᠦᠢ᠍ᠯᠡᠳᠦᠯᠭᠡ ᠵᠢᠨ ᠲᠠᠪᠴᠠᠩ᠎ᠤᠨ ᠰᠢᠨ᠎ᠡ ᠵᠢ ᠡᠭᠦᠳᠦᠨ ᠪᠠᠢ᠌ᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠰᠢᠭᠦᠨ ᠪᠣᠯᠣᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠬᠡᠰᠢᠬᠦᠨ᠎ᠤ 《ᠦᠵᠡᠯ ᠰᠠᠨᠠᠭ᠎ᠠ ᠤᠯᠤᠰ ᠲᠦᠷᠦ ᠵᠢᠨ ᠪᠠᠭ᠎ᠠ ᠬᠢᠴᠢᠶᠡᠯ᠎ᠤᠨ ᠲᠠᠩᠬᠢᠮ》 ᠪᠣᠯᠣᠨ 《ᠨᠡᠢ᠌ᠭᠡᠮ᠎ᠤᠨ ᠶᠡᠬᠡ ᠬᠢᠴᠢᠶᠡᠯ᠎ᠤᠨ ᠲᠠᠩᠬᠢᠮ》᠎ᠢ ᠠᠭᠤᠰᠤᠯᠴᠠᠭᠤᠯᠤᠨ ᠨᠡᠪᠲᠡᠷᠡᠯᠴᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠳᠤᠳᠬᠠᠪᠠ᠃ 
        ᠡᠪᠯᠡᠯ ᠰᠤᠷᠭ᠋ᠠᠨ  ᠬᠥᠮᠦᠵᠢᠯ + ᠶᠣᠰᠣᠯᠠᠯ᠎ᠤᠨ ᠰᠤᠷᠭ᠋ᠠᠨ ᠬᠥᠮᠦᠵᠢᠯ
       ᠤᠷᠠᠳ᠎ᠤᠨ ᠡᠮᠦᠨᠡᠲᠦ ᠬᠣᠰᠢᠭᠤᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠪᠠᠭ᠋ᠠᠴᠤᠤᠨ᠎ᠤᠨ ᠬᠤᠰᠢᠭᠤᠴᠢ ᠠᠩᠭᠢ᠎ᠠᠴᠠ᠎ᠪᠠᠨ ᠰᠠᠯᠵᠤ ᠡᠪᠯᠡᠯ᠎ᠳᠤ ᠣᠷᠣᠬᠤ ᠶᠣᠰᠣᠯᠠᠯ ᠳᠡᠭᠡᠷ᠎ᠡ᠂ ᠵᠢᠷᠭᠤᠳᠤᠭ᠋ᠠᠷ ᠳᠤᠮᠳᠠᠳᠤ ᠰᠤᠷᠭ᠋ᠠᠭᠤᠯᠢ ᠵᠢᠨ 2022 ᠣᠨ᠎ᠤ ᠰᠤᠷᠤᠭᠴᠢ ᠰᠢᠤᠸᠠᠢ ᠴᠢ ᠶᠤᠸᠠᠨ ᠰᠢᠨ᠎ᠡ ᠡᠪᠯᠡᠯ᠎ᠤᠨ ᠭᠡᠰᠢᠭᠦᠨ᠎ᠢ ᠲᠥᠯᠥᠭᠡᠯᠡᠨ ᠶᠠᠷᠢᠶ᠎ᠠ ᠲᠠᠯᠪᠢᠪᠠ᠂ ᠲᠡᠷᠡ᠄ 《ᠪᠢᠳᠡ ᠵᠠᠯᠠᠭᠤ ᠨᠠᠰᠤ᠎ᠪᠠᠨ ᠨᠠᠨᠳᠢᠩᠨᠠᠵᠤ᠂ ᠴᠠᠭ ᠦᠶ᠎ᠡ᠎ᠠᠴᠠ ᠣᠯᠭᠣᠭᠰᠠᠨ ᠡᠷᠬᠢᠮ ᠨᠠᠨᠳᠢᠨ ᠠᠵᠠ ᠲᠣᠬᠢᠶᠠᠯ᠎ᠢ ᠨᠠᠨᠳᠢᠩᠨᠠᠵᠤ᠂ ᠬᠤᠪᠢ ᠨᠡᠮᠡᠷᠢ ᠦᠵᠡᠭᠦᠯᠬᠦ᠂ ᠲᠡᠮᠡᠴᠡᠬᠦ ᠪᠠ ᠡᠭᠦᠳᠦᠨ ᠪᠦᠲᠦᠭᠡᠬᠦ ᠳᠤᠮᠳᠠ ᠵᠠᠯᠠᠭᠤ ᠨᠠᠰᠤᠨ᠎ᠤ ᠭᠣᠢ᠌ᠳᠠ ᠰᠠᠢ᠌ᠬᠠᠨ᠂ ᠬᠥᠮᠥᠨ᠎ᠤ ᠠᠮᠢᠳᠤᠷᠠᠯ᠎ᠤᠨ ᠦᠨᠡᠨ ᠶᠣᠰᠣ ᠪᠠ ᠠᠮᠢ ᠨᠠᠰᠤᠨ᠎ᠤ ᠦᠨ᠎ᠡ ᠦᠷᠳᠡᠭ᠎ᠢ ᠣᠢ᠌ᠯᠠᠭ᠋ᠠᠵᠤ᠂ ᠥᠪᠡᠷ᠎ᠤᠨ ᠬᠣᠶᠠᠷ ᠭᠠᠷ ᠵᠶ᠋ᠠᠷ ᠵᠶ᠋ᠠᠨ ᠲᠡᠦᠬᠡ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠡᠷᠡᠰ ᠪᠠᠲᠤ ᠢᠲᠡᠭᠡᠯ ᠵᠣᠷᠢᠭ ᠵᠶ᠋ᠠᠷ ᠳᠤᠮᠳᠠᠳᠤ ᠵᠢᠨ ᠦᠨᠳᠦᠰᠦᠲᠡᠨ᠎ᠤ ᠴᠠᠭ ᠦᠶ᠎ᠡ ᠵᠢᠨ ᠵᠣᠷᠢᠭ ᠰᠠᠨᠠᠭ᠋ᠠᠨ᠎ᠤ ᠨᠢᠷᠤᠭᠤ ᠵᠢ ᠲᠤᠯᠭ᠋ᠠᠭᠤᠷᠢᠯᠠᠬᠤ ᠭᠡᠷᠡᠭᠳᠡᠢ》 ᠭᠡᠵᠦ ᠶᠠᠷᠢᠪᠠ᠃ ᠬᠣᠰᠢᠭᠤᠨ᠎ᠤ ᠡᠪᠯᠡᠯ᠎ᠤᠨ ᠬᠣᠷᠢᠶ᠎ᠠ ᠵᠢᠨ ᠨᠠᠮ᠎ᠤᠨ ᠡᠭᠦᠷ ᠪᠣᠯᠣᠨ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ ᠨᠠᠮ᠎ᠤᠨ ᠠᠵᠢᠯᠯᠠᠬᠤ ᠬᠣᠷᠢᠶ᠎ᠠ ᠵᠠᠯᠠᠭᠤᠴᠤᠳ ᠪᠠᠭ᠋ᠠᠴᠤᠳ᠎ᠤᠨ ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  《ᠪᠦᠯᠦᠭ ᠬᠤᠪᠢᠶᠠᠵᠦ ᠬᠤᠰᠢᠭᠤᠴᠢ ᠠᠩᠬᠢ᠎ᠳᠤ ᠣᠷᠣᠬᠤ》᠂ 《ᠬᠤᠪᠢ ᠬᠤᠷᠠᠮᠳᠤᠭᠤᠯᠵᠤ ᠡᠪᠯᠡᠯ᠎ᠳᠤ ᠣᠷᠣᠬᠤ》᠂ 《ᠰᠢᠯᠢᠳᠡᠭ᠎ᠢ᠎ᠨᠢ ᠨᠠᠮ᠎ᠳᠤ ᠣᠷᠣᠭᠤᠯᠬᠤ》 ᠬᠥᠮᠥᠵᠢᠭᠦᠯᠬᠦ ᠠᠷᠭ᠎ᠠ ᠵᠠᠮ᠎ᠢ ᠬᠡᠷᠡᠭᠵᠢᠭᠦᠯᠵᠦ᠂ 《ᠬᠤᠰᠢᠭᠤᠴᠢ ᠠᠩᠬᠢ᠎ᠳᠤ ᠤᠷᠤᠬᠤ᠎ᠠᠴᠠ ᠡᠮᠦᠨᠡᠬᠢ ᠬᠥᠮᠦᠵᠢᠯ》 ᠪᠠ 《ᠡᠪᠯᠡᠯ ᠬᠤᠰᠢᠭᠤᠴᠢ ᠠᠩᠬᠢ ᠵᠢ ᠵᠣᠯᠭ᠋ᠠᠭᠤᠯᠬᠤ》 ᠵᠢ ᠲᠡᠭᠦᠯᠳᠡᠷᠵᠢᠭᠦᠯᠵᠦ᠂ 《ᠱᠠᠲᠤᠯᠢᠭ ᠬᠡᠯᠪᠡᠷᠢ》 ᠵᠢ ᠨᠢᠭᠡ ᠴᠣᠭᠴᠠᠵᠢᠭᠤᠯᠤᠨ ᠬᠥᠮᠥᠵᠢᠭᠦᠯᠬᠦ ᠵᠠᠭᠪᠤᠷ᠎ᠢ ᠠᠬᠢᠭᠤᠯᠪᠠ᠃ ᠵᠢᠯ ᠪᠦᠷᠢ ᠵᠢᠨ ᠵᠠᠯᠠᠭᠤᠴᠤᠳ᠎ᠤᠨ ᠪᠠᠶᠠᠷ᠂ ᠬᠤᠰᠢᠭᠤᠴᠢ ᠠᠩᠭᠢ ᠪᠠᠢ᠌ᠭᠤᠯᠤᠭᠳᠠᠭᠰᠠᠨ ᠡᠳᠦᠷ ᠵᠡᠷᠭᠡ ᠵᠠᠩᠬᠢᠯᠠᠭ᠎ᠠ ᠵᠢᠨ ᠦᠶ᠎ᠡ᠎ᠳᠤ ᠪᠦᠭᠦ ᠬᠣᠰᠢᠭᠤᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠬᠤᠰᠢᠭᠤᠴᠢ ᠠᠩᠭᠢ᠎ᠠᠴᠠ ᠰᠠᠯᠵᠤ ᠡᠪᠯᠡᠯ᠎ᠳᠤ ᠣᠷᠣᠬᠤ ᠲᠥᠪ ᠴᠢᠩᠭ᠎ᠠ᠂ ᠲᠦᠷᠢᠮᠵᠢᠬᠦᠨ ᠶᠣᠰᠣᠯᠠᠯ ᠪᠠ ᠪᠦᠯᠦᠭ ᠬᠤᠪᠢᠶᠠᠨ ᠠᠩᠭᠢ᠎ᠳᠤ ᠣᠷᠣᠬᠤ ᠶᠣᠰᠣᠯᠠᠯ᠎ᠢ ᠲᠦᠪᠯᠡᠷᠡᠬᠦᠯᠵᠦ ᠬᠠᠮᠲᠤᠷᠠᠨ ᠡᠷᠭᠢᠯᠡᠵᠦ᠂ ᠨᠠᠮ᠂ ᠡᠪᠯᠡᠯ᠂ ᠬᠤᠰᠢᠭᠤᠴᠢ ᠠᠩᠭᠢ ᠵᠢᠨ ᠨᠢᠭᠡ ᠴᠣᠭᠴᠠᠵᠢᠭᠤᠯᠤᠨ ᠬᠥᠮᠥᠨ ᠬᠥᠮᠥᠵᠢᠭᠦᠯᠬᠦ ᠬᠡᠯᠬᠢᠶ᠎ᠡ ᠵᠢ ᠵᠣᠯᠭ᠋ᠠᠭᠤᠯᠤᠨ ᠰᠢᠯᠤᠭᠤᠳᠬᠠᠪᠠ᠃

图片2.png      

      ᠡᠭᠦᠨ᠎ᠠᠴᠠ ᠭᠠᠳᠠᠨ᠎ᠠ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠬᠦᠳ᠎ᠤᠨ ᠬᠥᠮᠥᠨ ᠪᠦᠬᠦᠨ ᠡᠳᠤᠷ ᠪᠦᠷᠢ ᠴᠢᠷᠮᠠᠢ᠌ᠵᠤ᠂ ᠱᠠᠲᠤ ᠱᠠᠲᠤ᠎ᠪᠠᠷ ᠲᠠᠪᠰᠢᠬᠤ 《ᠤᠯᠠᠭ᠋ᠠᠨ ᠪᠦᠴᠡᠲᠡᠨ᠎ᠤ ᠲᠡᠮᠳᠡᠭ ᠪᠤᠯᠢᠶᠠᠯᠳᠤᠬᠤ》 ᠠᠵᠢᠯᠯᠠᠭ᠎ᠠ ᠵᠢ 《ᠪᠦᠬᠦᠨ᠎ᠢ ᠬᠠᠮᠤᠷᠤᠠᠠᠰᠠᠨ᠂ ᠪᠥᠬᠥ ᠲᠠᠯ᠎ᠠ᠎ᠲᠠᠢ᠂ ᠪᠥᠬᠥ ᠶᠠᠪᠤᠴᠠ᠎ᠲᠠᠢ᠂ ᠪᠥᠬᠥ ᠴᠠᠷᠠᠭ᠎ᠠ ᠬᠦᠷᠢᠶ᠎ᠡ᠎ᠲᠠᠢ》 ᠬᠠᠮᠲᠤ᠎ᠪᠠᠷ ᠠᠬᠢᠭᠤᠯᠬᠤ ᠪᠣᠯ ᠮᠦᠨ ᠡᠪᠯᠡᠯ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢᠨ ᠴᠢᠬᠤᠯᠠ ᠠᠭᠤᠯᠭ᠎ᠠ ᠮᠥᠨ᠃ 《ᠪᠠᠭ᠋ᠠᠴᠤᠳ᠎ᠤᠨ ᠬᠣᠰᠢᠭᠤᠴᠢ ᠠᠩᠭᠢ᠎ᠳᠤ ᠰᠡᠳᠬᠢᠯᠭᠡᠵᠢᠭᠦᠯᠬᠦ᠂ ᠳᠦᠷᠰᠦᠯᠢᠭᠵᠢᠭᠦᠯᠬᠦ᠂ ᠳᠠᠭᠤᠷᠢᠶᠠᠯᠵᠢᠭᠤᠯᠬᠤ᠂ ᠦᠢ᠍ᠯᠡᠳᠦᠯᠭᠡᠵᠢᠬᠦᠯᠬᠦ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠪᠠᠷᠢᠮᠲᠠᠯᠠᠬᠤ ᠬᠡᠷᠡᠭᠲᠡᠢ᠃〈ᠪᠢᠴᠢᠬᠠᠨ  ᠠᠨᠠᠷ᠎ᠤᠨ ᠦᠷ᠎ᠡ ᠲᠡᠮᠳᠡᠭ〉 ᠵᠶ᠋ᠠᠷ ᠨᠠᠮ᠎ᠤᠨ ᠡᠷᠬᠢᠮ ᠳᠡᠭᠡᠳᠦ ᠬᠦᠰᠡᠯᠡᠩ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠢᠷᠠᠭᠤ ᠠᠯᠳᠠᠷᠲᠤ ᠲᠡᠦᠬᠡ ᠪᠣᠯᠣᠨ ᠪᠠᠭ᠋ᠠᠲᠤᠷᠯᠢᠭ ᠦᠯᠢᠬᠡᠷ ᠳᠠᠭᠤᠷᠢᠶᠠᠯ ᠪᠤᠯᠭ᠋ᠠᠵᠤ ᠪᠠᠭ᠋ᠠᠴᠤᠳ ᠬᠡᠦᠬᠡᠳ᠎ᠤᠨ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠤᠨᠤᠰᠴᠤ᠂ ᠨᠠᠮ ᠵᠶ᠋ᠠᠨ᠎ᠲᠠᠭᠠᠨ ᠤᠷᠤᠬᠰᠢᠯᠠᠬᠤ ᠵᠢ ᠤᠷᠮᠠᠰᠢᠭᠤᠯᠤᠨ ᠵᠢᠯᠤᠭᠣᠳᠬᠤ ᠬᠡᠷᠡᠭᠲᠡᠢ》 ᠭᠡᠵᠦ ᠤᠷᠠᠳ᠎ᠤᠨ ᠡᠮᠦᠨᠡᠲᠦ ᠬᠣᠰᠢᠭᠤᠨ᠎ᠤ ᠶᠢᠰᠦᠳᠦᠭᠡᠷ ᠪᠠᠭ᠎ᠠ ᠰᠤᠷᠭ᠋ᠠᠭᠤᠯᠢ ᠵᠢᠨ ᠬᠠᠪᠰᠤᠷᠤᠨ ᠵᠢᠯᠣᠭᠣᠳᠤᠭᠴᠢ ᠵᠠᠩ ᠯᠢ ᠪᠠᠭᠰᠢ  ᠶᠠᠷᠢᠪᠠ᠃ 
      ᠡᠪᠯᠡᠯ ᠰᠤᠷᠭ᠋ᠠᠨ ᠬᠥᠮᠦᠵᠢᠯ + ᠭᠣᠣᠯ ᠰᠡᠳᠦᠪᠲᠦ ᠠᠵᠢᠯᠯᠠᠭ᠎ᠠ 
     《ᠰᠣᠨᠣᠰᠤᠭᠰᠠᠨ ᠦᠦ? ᠰᠤᠷᠭ᠋ᠠᠭᠤᠯᠢ᠎ᠠᠴᠠ ᠪᠢᠳᠡᠨ᠎ᠢ ᠵᠣᠬᠢᠶᠠᠨ ᠪᠠᠢ᠍ᠭᠤᠯᠵᠤ ᠭᠤᠯᠢᠷ ᠪᠠᠷᠢᠮᠠᠯ᠂ ᠴᠠᠭ᠋ᠠᠰᠤᠨ ᠬᠠᠢ᠌ᠴᠢᠯᠠᠮᠠᠯ᠎ᠢ ᠵᠢᠭ᠋ᠠᠵᠤ ᠦᠭᠬᠦ᠎ᠪᠠᠷ ᠪᠠᠢ᠌ᠨ᠎ᠠ》᠃  《ᠲᠡᠢ᠌ᠮᠦ᠂ ᠲᠡᠢ᠌ᠮᠦ᠂ ᠪᠢ ᠪᠠᠰᠠ ᠰᠣᠨᠣᠰᠤᠭᠰᠠᠨ᠂ ᠨᠡᠢ᠌ᠭᠡᠮᠯᠢᠭ᠎ᠲᠤ ᠣᠷᠣᠵᠤ ᠬᠠᠮᠲᠤ᠎ᠪᠠᠷ ᠵᠣᠬᠢᠶᠠᠨ ᠪᠦᠲᠦᠭᠡᠭᠰᠡᠨ ᠰᠠᠢ᠌ᠨ ᠪᠦᠲᠦᠭᠡᠯ᠎ᠨᠢ ᠪᠠᠰᠠ ᠡᠯ᠎ᠡ ᠲᠦᠷᠦᠯ᠎ᠤᠨ ᠤᠷᠤᠯᠳᠤᠭ᠋ᠠᠨ᠎ᠳᠤ ᠣᠷᠣᠯᠴᠠᠵᠤ ᠪᠣᠯᠣᠨ᠎ᠠ ᠭᠡᠨ᠎ᠡ》᠃ ᠰᠤᠷᠭ᠋ᠠᠭᠤᠯᠢ ᠵᠢᠨ ᠬᠦᠷᠢᠶᠡᠨ᠎ᠳᠤ ᠣᠯᠠᠨ ᠵᠶ᠋ᠠᠷ ᠵᠶ᠋ᠠᠨ ᠪᠠᠶᠠᠷ ᠬᠦᠷ᠎ᠲᠠᠢ ᠶᠠᠷᠢᠯᠴᠠᠵᠦ ᠪᠠᠢ᠌ᠭ᠎ᠠ ᠤᠴᠢᠷ᠎ᠨᠢ ᠬᠣᠰᠢᠭᠤᠨ᠎ᠤ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ ᠨᠠᠮ᠎ᠤᠨ ᠪᠠᠢ᠌ᠭᠤᠯᠤᠯᠲᠠ᠎ᠪᠠᠷ ᠡᠪᠯᠡᠯ ᠰᠤᠷᠭ᠋ᠠᠨ ᠬᠥᠮᠦᠵᠢᠯ᠎ᠤᠨ ᠬᠠᠮᠲᠤ᠎ᠪᠠᠷ ᠵᠠᠰᠠᠬᠤ ᠵᠢ ᠬᠥᠲᠥᠯᠥᠨ ᠳᠠᠭ᠋ᠠᠭᠤᠯᠬᠤ ᠰᠢᠨ᠎ᠡ ᠠᠴᠢᠶᠠᠯᠠᠪᠤᠷᠢ ᠪᠤᠯᠤᠨ᠎ᠠ᠃ ᠬᠡᠦᠬᠡᠳ ᠭᠤᠯᠢᠷ ᠪᠠᠷᠢᠮᠠᠯ᠎ᠤᠨ ᠬᠡᠯᠪᠡᠷᠢ᠎ᠪᠠᠷ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ》  ᠠᠬᠤᠢ ᠪᠠᠢ᠌ᠳᠠᠯ᠎ᠢ ᠰᠡᠷᠭᠦᠭᠡᠵᠦ᠂ ᠦᠵᠡᠬᠦᠯᠭᠡ᠎ᠨᠢ ᠰᠣᠨᠢᠷᠬᠠᠭᠴᠢᠳ᠎ᠤᠨ ᠮᠠᠭᠲᠠᠭ᠋ᠠᠯ ᠰᠠᠢ᠌ᠰᠢᠶᠠᠯ᠎ᠢ ᠤᠯᠵᠠᠢ᠃ 《ᠴᠠᠭ᠋ᠠᠰᠤᠨ ᠬᠠᠢ᠌ᠴᠢᠯᠠᠮᠠᠯ᠂ ᠭᠤᠯᠢᠷ ᠪᠠᠷᠢᠮᠠᠯ ᠴᠤ᠌ ᠲᠡᠷᠡ᠂ ᠭᠡᠷᠡᠯ ᠵᠢᠷᠤᠭ ᠲᠠᠳᠠᠬᠰᠠᠨ ᠴᠤ᠌ ᠲᠡᠷᠡ᠂ ᠬᠡᠦᠬᠡᠳ᠎ᠤᠨ ᠳᠤᠷ᠎ᠠ ᠰᠣᠨᠢᠷᠬᠠᠯ ᠎ᠢ ᠰᠡᠬᠡᠭᠡᠷᠡᠭᠦᠯᠬᠦ ᠲᠡᠳᠦᠢ ᠪᠢᠰᠢ᠂ ᠨᠡᠩ ᠣᠯᠠᠨ ᠬᠠᠢ᠌ᠨ ᠰᠦᠪᠡᠭᠴᠢᠯᠡᠯᠳᠡ ᠵᠢᠨ ᠠᠴᠢ ᠬᠣᠯᠪᠣᠭᠳᠠᠯ᠎ᠲᠠᠢ ᠶᠤᠮ᠂ ᠲᠠᠷᠤᠢ ᠵᠠᠯᠠᠭᠤᠴᠤᠳ ᠪᠠᠭ᠋ᠠᠴᠤᠳ᠎ᠢ ᠰᠢᠨᠵᠢᠯᠡᠭᠡᠨ᠎ᠤ ᠬᠠᠷᠠᠭ᠋ᠠᠰᠤ᠎ᠠᠴᠠ ᠪᠦᠯᠬᠦᠮ ᠨᠡᠢ᠌ᠭᠡᠮᠯᠢᠭ᠎ᠤᠨ ᠶᠡᠷᠦᠩᠬᠡᠢ᠌ᠯᠡᠭᠰᠡᠨ ᠦᠢ᠍ᠯᠡᠳᠦᠯᠭᠡ ᠵᠢᠨ ᠠᠵᠢᠯᠯᠠᠭ᠎ᠠ᠎ᠪᠠᠷ ᠲᠠᠮᠵᠢᠭᠤᠯᠵᠦ᠂ ᠰᠤᠷᠤᠭᠴᠢᠳ ᠎ᠢ ᠲᠠᠰᠤᠷᠠᠯᠲᠠ ᠦᠭᠡᠢ ᠪᠡᠶ᠎ᠡ᠎ᠪᠠᠷ᠎ᠨᠢ ᠥᠩᠭᠡᠷᠡᠭᠦᠯᠬᠦ ᠶᠠᠪᠤᠴᠠ᠎ᠳᠤ ᠤᠯᠤᠰ ᠭᠡᠷ᠎ᠤᠨ ᠤᠬᠠᠮᠰᠠᠷ᠎ᠢ᠎ᠨᠢ ᠲᠡᠭᠦᠯᠳᠡᠷᠵᠢᠭᠦᠯᠵᠦ᠂ ᠳᠤᠮᠳᠠᠳᠤ  ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ᠎ᠨᠢ ᠪᠠᠲᠤᠳᠬᠠᠬᠤ ᠶᠠᠪᠤᠳᠠᠯ ᠪᠣᠯᠣᠨ᠎ᠠ》 ᠭᠡᠵᠦ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ ᠨᠠᠮ᠎ᠤᠨ ᠡᠭᠦᠷ᠎ᠤᠨ ᠳᠡᠳ᠋ ᠱᠦᠵᠢ ᠶᠠᠩ ᠬᠣᠩ ᠶᠠᠨ ᠶᠠᠷᠢᠪᠠ᠃

图片3.png      

       《ᠰᠤᠷᠭ᠋ᠠᠭᠤᠯᠢ ᠵᠢᠨ ᠪᠦᠯᠬᠦᠮ ᠨᠡᠢ᠌ᠭᠡᠮᠯᠢᠭ᠎ᠤᠨ  ᠪᠠᠢ᠌ᠭᠤᠯᠤᠯᠲᠠ᠎ᠨᠢ ᠰᠣᠶᠣᠯ ᠢᠷᠭᠡᠨᠰᠢᠯ᠂ ᠤᠷᠠᠯᠢᠭ᠂ ᠪᠡᠶ᠎ᠡ ᠵᠢᠨ ᠲᠠᠮᠢᠷ ᠵᠡᠷᠭᠡ ᠤᠯᠠᠨ ᠴᠠᠷᠠᠭ᠎ᠠ ᠬᠦᠷᠢᠶ᠎ᠡ ᠵᠢ ᠬᠠᠮᠤᠷᠪᠠ᠂ ᠡᠨᠡ ᠬᠦ᠌ ᠰᠦᠪᠡᠭᠴᠢᠯᠡᠯᠲᠡ᠎ᠨᠢ ᠮᠦᠨ ᠴᠤ᠌ ᠬᠣᠰᠢᠭᠤᠨ᠎ᠤ ᠡᠪᠯᠡᠯ᠎ᠤᠨ ᠬᠣᠷᠢᠶ᠎ᠠ᠎ᠠᠴᠠ ᠰᠢᠶᠠᠨ᠎ᠤ ᠬᠡᠪᠴᠢᠶᠡᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠭᠡᠷᠡᠴᠢᠯᠡᠯᠲᠡ ᠵᠢᠨ ᠠᠵᠠ ᠲᠣᠬᠢᠶᠠᠯ᠎ᠢ ᠵᠠᠪᠳᠤᠨ ᠠᠳᠬᠤᠭᠰᠠᠨ ᠶᠠᠪᠤᠳᠠᠯ ᠪᠣᠯᠣᠨ᠎ᠠ》 ᠭᠡᠵᠦ ᠬᠣᠰᠢᠭᠤᠨ᠎ᠤ ᠡᠪᠯᠡᠯ᠎ᠤᠨ ᠬᠣᠷᠢᠶ᠎ᠠ ᠵᠢᠨ ᠨᠠᠮ᠎ᠤᠨ ᠡᠭᠦᠷ᠎ᠤᠨ ᠱᠦᠵᠢ ᠸᠠᠩ ᠬᠤᠸᠠᠨ ᠶᠠᠷᠢᠪᠠ᠃ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠥᠭᠡᠷᠡᠴᠢᠯᠡᠯᠲᠡ ᠵᠢ ᠠᠬᠢᠭᠤᠯᠬᠤ᠂ ᠵᠣᠷᠢᠭᠲᠠᠢ᠎ᠪᠠᠷ ᠰᠢᠨ᠎ᠡ ᠵᠢ ᠡᠭᠦᠳᠬᠦ᠂ ᠠᠭᠤᠰᠤᠯᠴᠠᠬᠤ ᠵᠢ ᠴᠢᠩᠭ᠋ᠠᠳᠬᠠᠬᠤ᠎ᠪᠠᠷ ᠲᠠᠮᠵᠢᠭᠤᠯᠵᠦ᠂ ᠡᠪᠯᠡᠯ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠴᠠᠷᠠᠭ᠎ᠠ ᠬᠦᠷᠢᠶ᠎ᠡ ᠵᠢᠨ ᠡᠨᠡ ᠬᠦ᠌ ᠦᠨᠳᠦᠰᠦᠨ ᠪᠠᠢ᠌ᠳᠠᠯ ᠪᠠ ᠭᠣᠣᠯ ᠵᠢᠭᠰᠠᠭ᠋ᠠᠯ᠎ᠤᠨ ᠭᠠᠵᠠᠷ᠎ᠢ ᠪᠤᠳᠠᠳᠠᠢ᠌ᠵᠢᠭᠤᠯᠤᠨ ᠪᠠᠳᠤ ᠠᠳᠬᠤᠵᠤ᠂ 《ᠲᠣᠰ ᠲᠣᠰ ᠵᠶ᠋ᠠᠷ ᠵᠶ᠋ᠠᠨ ᠵᠢᠭᠰᠠᠭ᠋ᠠᠯ ᠪᠤᠯᠬᠤ》 ᠵᠢ 《ᠭᠦᠨᠵᠡᠭᠡᠢ ᠠᠭᠤᠰᠤᠯᠴᠠᠬᠤ》 ᠪᠣᠯᠭ᠋ᠠᠨ ᠬᠤᠪᠢᠷᠠᠭᠤᠯᠵᠤ᠂ 《ᠵᠠᠮ ᠱᠤᠭᠤᠮ᠎ᠳᠤ ᠲᠦᠰᠢᠭᠯᠡᠬᠦ》 ᠵᠢ 《ᠵᠠᠭᠪᠤᠷ᠎ᠤᠨ ᠰᠢᠨ᠎ᠡ ᠵᠢ ᠡᠭᠦᠳᠬᠦ》 ᠪᠣᠯᠭ᠋ᠠᠨ ᠬᠤᠪᠢᠷᠠᠭᠤᠯᠵᠤ᠂ 《ᠴᠠᠭ ᠢᠮᠠᠭᠲᠠ ᠵᠤᠷᠰᠢᠯ᠎ᠢ ᠮᠦᠷᠳᠡᠬᠦ》 ᠵᠢ 《ᠵᠣᠷᠢᠭᠲᠠᠢ᠎ᠪᠠᠷ ᠥᠯᠢᠭᠡᠷ ᠵᠢᠱ᠌ᠢᠶ᠎ᠡ ᠡᠭᠦᠳᠬᠦ》 ᠪᠣᠯᠭ᠋ᠠᠨ ᠬᠤᠪᠢᠷᠠᠭᠤᠯᠪᠠ᠃
       ᠳᠠᠷᠠᠭ᠋ᠠᠴᠢ ᠵᠢᠨ ᠠᠯᠬᠤᠮ᠎ᠳᠤ᠂ ᠬᠣᠰᠢᠭᠤᠨ᠎ᠤ ᠡᠪᠯᠡᠯ᠎ᠤᠨ ᠬᠤᠷᠢᠶ᠎ᠡ ᠵᠢᠨ ᠨᠠᠮ᠎ᠤᠨ ᠡᠭᠦᠷ᠎ᠨᠢ ᠪᠠᠰᠠ ᠨᠢᠭᠡᠳᠦᠯᠲᠡᠢ  ᠲᠦᠯᠦᠪᠵᠢᠭᠦᠯᠵᠦ ᠬᠤᠯᠪᠤᠭ᠋ᠠᠯᠠᠨ ᠠᠭᠤᠰᠤᠯᠴᠠᠭᠤᠯᠬᠤ ᠦᠢ᠍ᠯᠡᠳᠦᠯᠭᠡ ᠳᠡᠭᠡᠷ᠎ᠡ ᠦᠷᠭᠦᠯᠵᠢᠯᠡᠨ ᠬᠦᠴᠦᠯᠡᠵᠦ᠂ 《ᠵᠣᠬᠢᠶᠠᠨ ᠪᠠᠢ᠌ᠭᠤᠯᠵᠤ ᠬᠠᠮᠳᠤ᠎ᠪᠠᠷ ᠪᠠᠶ᠋ᠢᠭᠤᠯᠬᠤ᠂ ᠡᠬᠢ ᠪᠠᠶᠠᠯᠢᠭ᠎ᠢ ᠬᠠᠮᠳᠤ᠎ᠪᠠᠷ ᠭᠥᠷᠳᠡᠬᠦ᠂ ᠰᠣᠷᠣᠭᠴᠢ ᠵᠢ ᠬᠠᠮᠳᠤ᠎ᠪᠠᠷ ᠬᠥᠮᠥᠵᠢᠭᠦᠯᠬᠦ᠂ ᠪᠦᠯᠬᠦᠮ ᠨᠡᠢ᠌ᠭᠡᠮᠯᠢᠭ᠎ᠢ ᠬᠠᠮᠳᠤ᠎ᠪᠠᠷ ᠬᠠᠮᠢᠶᠠᠷᠬᠤ᠂ ᠠᠵᠢᠯᠯᠠᠭ᠎ᠠ ᠵᠢ ᠬᠠᠮᠳᠤ᠎ᠪᠠᠷ ᠡᠷᠭᠢᠯᠡᠬᠦ᠂ ᠠᠵᠢᠯ᠎ᠢ ᠬᠠᠮᠳᠤ᠎ᠪᠠᠷ ᠠᠬᠢᠭᠤᠯᠬᠤ》 ᠡᠪᠯᠡᠯ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢᠨ ᠰᠢᠨ᠎ᠡ ᠪᠠᠢ᠌ᠷᠢᠰᠢᠯ᠎ᠢ ᠲᠠᠰᠤᠷᠠᠯᠲᠠ ᠦᠭᠡᠢ ᠦᠷᠭᠡᠳᠭᠡᠵᠦ᠂ ᠰᠤᠷᠭ᠋ᠠᠭᠤᠯᠢ ᠵᠢᠨ ᠡᠪ ᠬᠠᠮᠲᠤ ᠵᠠᠯᠠᠭᠤᠴᠤᠳ᠎ᠤᠨ ᠡᠪᠯᠡᠯ ᠪᠠ ᠪᠠᠭ᠋ᠠᠴᠤᠳ᠎ᠤᠨ ᠬᠣᠰᠢᠭᠤᠴᠢ ᠠᠩᠭᠢ ᠵᠢᠨ ᠠᠵᠢᠯ᠎ᠤᠨ ᠪᠥᠬᠥ ᠡᠪᠯᠡᠯ᠎ᠳᠤ᠎ᠬᠢ ᠰᠠᠭᠤᠷᠢ ᠴᠢᠨᠠᠷᠲᠠᠢ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠂ ᠡᠬᠢ ᠡᠭᠦᠰᠦᠯ᠎ᠤᠨ ᠴᠢᠨᠠᠷᠲᠠᠢ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠵᠦ᠂ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ  ᠬᠠᠮᠳᠤ᠎ᠪᠠᠷ ᠬᠥᠮᠥᠵᠢᠭᠦᠯᠦᠨ᠎ᠡ᠃



        ᠤᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋  ᠶᠡᠷᠦᠩᠭᠡᠢ ᠨᠠᠢ᠌ᠷᠠᠭᠤᠯᠤᠠᠠᠴᠢ᠄ ᠬᠤᠤᠰᠪᠠᠶᠠᠷ
        ᠶᠡᠷᠤᠩᠭᠡᠢ ᠨᠠᠢ᠌ᠷᠠᠭᠤᠯᠤᠠᠠᠴᠢ᠄ ᠸᠠᠩ ᠰᠢᠤᠸᠠᠢ ᠳ᠋ᠥᠩ 

ᠢᠷᠡᠯᠲᠡ᠄ ᠠᠷᠠᠤᠨ᠎ᠤᠨ ᠡᠳᠤᠷ᠎ᠤᠨ ᠰᠤᠨᠢᠨ᠎ᠤ ᠵᠢᠷᠭᠢᠭᠡ