ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠬᠡᠵᠦ᠂ ᠪᠠᠶᠠᠨᠨᠠᠭᠤᠷ ᠬᠤᠳᠠ ᠵᠢᠨ ᠲᠥᠯᠥᠭᠡᠯᠡᠭᠴᠢᠳ᠎ᠤᠨ ᠠᠩᠭᠢ ᠵᠢ ᠰᠢᠯᠭ᠋ᠠᠷᠠᠭᠤᠯᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠰᠢᠯᠢᠳᠡᠭ ᠬᠢᠷᠢ ᠪᠦᠲᠦᠮᠵᠢ ᠣᠯᠬᠤ᠎ᠪᠠᠷ ᠬᠦᠴᠦᠯᠡᠨ ᠴᠢᠷᠮᠠᠢ᠌ᠵᠤ᠂ ᠪᠠᠶᠠᠨᠨᠠᠭᠤᠷ ᠬᠤᠳᠠ ᠵᠢᠨ ᠦᠨᠳᠦᠰᠦᠲᠡᠨ᠎ᠨᠦᠭᠦᠳ᠎ᠤᠨ ᠲᠠᠮᠢᠷᠴᠢᠳ᠎ᠤᠨ ᠴᠤᠭ ᠵᠢᠪᠬᠤᠭ᠎ᠠ ᠪᠣᠯᠣᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠦᠷ᠎ᠡ ᠪᠦᠲᠦᠮᠵᠢ ᠵᠢ ᠢᠯᠡᠷᠡᠭᠦᠯᠬᠦ ᠵᠢᠨ ᠲᠦᠯᠦᠭᠡ᠂ 3 ᠳ᠋ᠤᠭ᠋ᠠᠷ ᠰᠠᠷ᠎ᠠ᠎ᠳᠤ᠂ ᠪᠠᠶᠠᠨᠨᠠᠭᠤᠷ ᠬᠣᠲᠠ ᠵᠢᠨ ᠦᠨᠳᠦᠰᠦᠳᠡᠨ᠎ᠤ ᠵᠥᠪᠯᠡᠯ᠂ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠪᠥᠬᠥ ᠬᠣᠲᠠ ᠵᠢᠨ ᠬᠡᠪᠴᠢᠶᠡᠨ᠎ᠳᠤ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠠᠶᠠᠨᠨᠠᠭᠤᠷ ᠬᠣᠲᠠ ᠵᠢᠨ ᠲᠥᠯᠥᠭᠡᠯᠡᠭᠴᠢᠳ᠎ᠤᠨ ᠠᠩᠭᠢ ᠵᠢᠨ ᠲᠠᠮᠢᠷᠴᠢᠳ᠎ᠢ ᠰᠢᠯᠭ᠋ᠠᠷᠠᠭᠤᠯᠬᠤ ᠤᠷᠤᠯᠳᠤᠭ᠋ᠠᠨ᠎ᠢ ᠵᠣᠬᠢᠶᠠᠨ ᠪᠠᠢ᠌ᠭᠤᠯᠵᠤ ᠡᠷᠭᠢᠯᠡᠪᠡ᠃


ᠲᠤᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ ᠪᠥᠬᠡ ᠪᠠᠷᠢᠯᠳᠤᠬᠤ᠂ ᠲᠡᠮᠡᠭᠡ ᠤᠷᠤᠯᠳᠤᠬᠤ᠂ ᠮᠣᠩᠭᠣᠯ ᠰᠤᠷ ᠬᠠᠷᠪᠤᠬᠤ ᠵᠡᠷᠭᠡ 14 ᠤᠷᠤᠯᠳᠤᠭ᠋ᠠᠨ᠎ᠤ ᠵᠦᠢ᠍ᠯ ᠪᠠ ᠲᠠᠬᠠᠷ ᠪᠥᠮᠪᠥᠭᠡ ᠵᠢᠨ ᠲᠣᠭᠯᠠᠯᠲᠠ ᠵᠢ ᠬᠠᠮᠤᠷᠴᠤ᠂ ᠡᠯ᠎ᠡ ᠬᠣᠰᠢᠭᠤ ᠰᠢᠶᠠᠨ ᠲᠣᠭᠣᠷᠢᠭ᠎ᠤᠨ 200 ᠭᠠᠷᠤᠢ ᠲᠠᠮᠢᠷᠴᠢᠳ ᠨᠡᠷ᠎ᠡ ᠮᠡᠳᠡᠬᠦᠯᠵᠦ ᠤᠷᠤᠯᠴᠠᠵᠠᠢ᠃

ᠤᠷᠤᠯᠳᠤᠭ᠋ᠠᠨ᠎ᠤ ᠲᠠᠯᠠᠪᠤᠷ᠎ᠲᠤ᠂ ᠲᠠᠮᠢᠷᠴᠢᠳ ᠴᠤᠭ ᠵᠢᠪᠬᠤᠭ᠎ᠠ ᠲᠡᠭᠦᠯᠳᠡᠷ᠂ ᠲᠡᠮᠡᠴᠡᠯ᠎ᠤᠨ ᠵᠣᠷᠢᠭ ᠪᠠᠳᠠᠷᠠᠩᠭᠤᠢ ᠪᠠᠢ᠌ᠵᠦ᠂ ᠪᠦᠬᠦ ᠰᠡᠳᠬᠢᠯ ᠪᠦᠬᠦ ᠵᠣᠷᠢᠭ ᠵᠶ᠋ᠠᠷ ᠤᠷᠤᠯᠳᠤᠭ᠋ᠠᠨ᠎ᠳᠤ ᠣᠷᠣᠯᠴᠠᠵᠤ᠂ ᠪᠠᠶᠠᠨᠨᠠᠭᠤᠷ ᠬᠤᠳᠠ ᠵᠢᠨ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠢᠯᠡᠳᠳᠡ ᠦᠷ᠎ᠡ ᠪᠦᠲᠦᠮᠵᠢ ᠪᠣᠯᠣᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠦᠯᠬᠦᠮᠳᠡᠨ ᠲᠡᠮᠡᠴᠡᠭᠰᠡᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠦᠭᠰᠡᠨ ᠪᠠᠢ᠌ᠨ᠎ᠠ᠃

ᠲᠣᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠦᠷᠢᠮ ᠲᠣᠭᠲᠠᠭ᠋ᠠᠯ ᠵᠶ᠋ᠠᠷ ᠴᠢᠩᠭ᠎ᠠ ᠵᠢᠷᠤᠮᠯᠠᠨ ᠬᠡᠷᠡᠭᠵᠢᠭᠦᠯᠵᠦ᠂ ᠴᠥᠮ ᠲᠤᠰᠬᠠᠢ ᠮᠡᠷᠭᠡᠵᠢᠯ᠎ᠤᠨ ᠬᠢᠨᠠᠭᠴᠢ ᠵᠢᠨ ᠪᠦᠯᠬᠦᠮ᠎ᠢ ᠲᠤᠬᠢᠷᠠᠭᠤᠯᠤᠨ ᠲᠤᠬᠠᠢ ᠵᠢᠨ ᠲᠠᠯᠠᠪᠤᠷ᠎ᠲᠤ ᠬᠤᠪᠢ ᠤᠯᠭᠤᠵᠦ᠂ ᠰᠢᠯᠭ᠋ᠠᠷᠠᠭᠤᠯᠬᠤ ᠤᠷᠤᠯᠳᠤᠭ᠋ᠠᠨ᠎ᠤ ᠡᠷᠬᠡ ᠲᠡᠭᠰᠢ᠂ ᠲᠥᠪ ᠭᠣᠥᠯᠴᠢ᠂ ᠢᠯᠡ ᠲᠣᠳᠣ ᠪᠠᠢ᠌ᠬᠤ ᠵᠢ ᠪᠠᠲᠤᠯᠠᠵᠤ᠂ ᠲᠡᠷᠢᠬᠦᠯᠡᠭᠰᠡᠨ᠎ᠨᠢ ᠪᠠᠶᠠᠨᠨᠠᠭᠤᠷ ᠬᠣᠲᠠ ᠵᠢ ᠲᠦᠯᠦᠭᠡᠯᠡᠵᠦ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠪᠣᠯᠣᠨ᠎ᠠ᠃

ᠪᠠᠶᠠᠨᠨᠠᠭᠤᠷ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠰᠠᠭ᠋ᠠᠷ ᠢᠷᠡᠵᠡᠶ᠂ ᠥᠩᠭᠡᠷᠡᠭᠰᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ᠂ ᠲᠠᠮᠢᠷᠴᠢᠳ ᠡᠷᠴᠢ ᠵᠣᠷᠢᠭ ᠪᠣᠯᠣᠨ ᠤᠷᠠᠨ ᠨᠠᠷᠢᠯᠢᠭ ᠤᠷ᠎ᠠ ᠮᠡᠷᠭᠡᠵᠢᠯ ᠵᠶ᠋ᠡᠷ ᠵᠶ᠋ᠡᠨ ᠰᠢᠯᠢᠳᠡᠭ ᠬᠢᠷᠢ ᠪᠦᠲᠦᠮᠵᠢ ᠣᠯᠵᠤ᠂ ᠪᠠᠶᠠᠨᠨᠠᠭᠤᠷ ᠬᠣᠲᠠ᠎ᠳᠤ ᠢᠷᠠᠭᠤ ᠠᠯᠳᠠᠷ ᠣᠯᠭᠣᠭᠰᠠᠨ ᠶᠤᠮ᠃

ᠲᠣᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠠᠮᠵᠢᠯᠲᠠ᠎ᠲᠠᠢ ᠡᠷᠭᠢᠯᠡᠭᠰᠡᠨ᠎ᠨᠢ ᠪᠠᠶᠠᠨᠨᠠᠭᠤᠷ ᠬᠣᠲᠠ ᠵᠢᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠳᠤ ᠲᠠᠪᠴᠠᠩ ᠬᠠᠩᠭ᠋ᠠᠵᠤ᠂ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠰᠢᠯᠢᠳᠡᠭ ᠬᠢᠷᠢ ᠪᠦᠲᠦᠮᠵᠢ ᠣᠯᠬᠤ᠎ᠳᠤ ᠰᠠᠭᠤᠷᠢ ᠵᠢ ᠲᠠᠯᠪᠢᠵᠤ ᠥᠭᠭᠦᠭᠰᠡᠨ ᠪᠥᠭᠡᠳ ᠪᠠᠶᠠᠨᠨᠠᠭᠤᠷ ᠬᠣᠲᠠ ᠵᠢᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠥᠷᠨᠢᠩᠭᠦᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠤᠭᠰᠠᠨ ᠪᠠᠢ᠌ᠨ᠎ᠠ᠃