ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭ᠋ᠠᠨ᠎ᠤ ᠬᠦᠴᠦᠨ᠎ᠤ ᠰᠦᠭ ᠰᠦᠨᠡᠰᠦ ᠮᠥᠨ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠬᠥᠮᠦᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ ᠬᠡᠷᠬᠢᠨ ᠨᠡᠩ ᠢᠯᠡᠭᠦᠦ ᠮᠡᠳᠡᠭᠳᠡᠮ᠎ᠡ ᠲᠥᠷᠥᠭᠳᠡᠮᠡ ᠬᠦᠷᠲᠡᠭᠳᠡᠮᠡ ᠪᠣᠯᠭ᠋ᠠᠬᠤ ᠪᠤᠢ?
ᠣᠢ᠌ᠷ᠎ᠠ ᠵᠢᠨ ᠵᠢᠯ᠎ᠳᠤ ᠥᠪᠥᠷ ᠮᠣᠩᠭᠣᠯ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠᠢ᠍ᠢ᠍ᠩᠭᠤᠵᠢᠭᠰᠠᠨ ᠤᠬᠠᠭᠤᠯᠭ᠎ᠠ ᠬᠥᠮᠦᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠶᠠᠪᠤᠳᠠᠯ᠎ᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ᠂ ᠤᠯᠤᠰ ᠠᠷᠠᠳ᠎ᠤᠨ ᠬᠥᠮᠦᠵᠢᠯ᠂ ᠨᠡᠢ᠌ᠭᠡᠮ᠎ᠤᠨ ᠬᠥᠮᠦᠵᠢᠯ᠎ᠳᠤ ᠣᠷᠣᠭᠤᠯᠵᠤ᠂ ᠤᠬᠠᠭᠤᠯᠭ᠎ᠠ ᠬᠥᠮᠦᠵᠢᠯ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠤᠬᠠᠭᠤᠯᠭ᠎ᠠ ᠬᠥᠮᠦᠵᠢᠯ᠎ᠤᠨ ᠠᠭᠤᠯᠭ᠎ᠠ ᠵᠢ ᠪᠠᠶᠠᠯᠢᠭᠵᠢᠭᠤᠯᠵᠤ᠂ ᠤᠬᠠᠭᠤᠯᠭ᠎ᠠ ᠬᠥᠮᠦᠵᠢᠯ᠎ᠤᠨ ᠬᠡᠯᠪᠡᠷᠢ ᠵᠢᠨ ᠰᠢᠨ᠎ᠡ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠦᠲᠦᠯᠦᠨ ᠵᠢᠯᠤᠭᠤᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠲᠥᠷᠥᠯ᠎ᠤᠨ ᠠᠵᠢᠯ᠎ᠳᠤ ᠤᠬᠠᠮᠰᠠᠷ᠎ᠠᠴᠠ᠎ᠪᠠᠨ ᠠᠭᠤᠰᠬᠠᠨ ᠣᠷᠣᠭᠤᠯᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠠᠴᠢ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠵᠦ ᠪᠣᠢ᠃
ᠵᠥᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠮᠡᠲᠦ ᠤᠬᠠᠭᠤᠯᠭ᠎ᠠ ᠬᠥᠮᠦᠵᠢᠯ᠎ᠢ ᠬᠦᠮᠦᠰ᠎ᠤᠨ ᠵᠢᠷᠦᠬᠡ ᠰᠡᠳᠬᠢᠯ᠎ᠳᠤ ᠬᠠᠳᠠᠩᠰᠢᠭᠤᠯᠪᠠ᠃
《ᠬᠦᠰᠡᠯ ᠵᠡᠭᠦᠳᠦ᠎ᠪᠠᠨ ᠴᠣᠭᠴᠠᠯᠠᠵᠤ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ》 ᠭᠡᠬᠦ ᠲᠣᠮᠣ ᠬᠡᠯᠪᠡᠷᠢ ᠵᠢᠨ ᠬᠠᠮ ᠵᠠᠭᠤᠴᠢᠯᠠᠭᠤᠷ᠎ᠤᠨ ᠲᠤᠰᠬᠠᠶ ᠰᠡᠳᠦᠪᠲᠦ ᠫᠷᠤᠭ᠌ᠷᠠᠮ᠎ᠢ ᠦᠢ᠍ᠯᠡᠳᠪᠡ; ᠭᠣᠣᠯᠯᠠᠬᠤ ᠵᠠᠭᠤᠴᠢᠯᠠᠭᠤᠷ᠎ᠲᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 《ᠠᠨᠠᠷ᠎ᠤᠨ ᠴᠡᠴᠡᠭ ᠳᠡᠯᠭᠡᠷᠡᠨᠡᠮ》 《ᠬᠡᠷ ᠣᠷᠣᠨ》 ᠵᠡᠷᠭᠡ ᠲᠤᠰᠬᠠᠶ ᠪᠤᠯᠤᠩ᠎ᠢ ᠣᠷᠳᠣ ᠬᠤᠭᠤᠴᠠᠭ᠎ᠠ᠎ᠪᠠᠷ ᠲᠣᠬᠢᠷᠠᠭᠤᠯᠪᠠ; ᠪᠦᠬᠦ ᠤᠯᠤᠰ᠎ᠤᠨ ᠡᠯ᠎ᠡ ᠭᠠᠵᠠᠷ᠎ᠤᠨ ᠵᠠᠭᠤᠴᠢᠯᠠᠭᠤᠷ᠎ᠤᠨ ᠰᠤᠷᠪᠤᠯᠵᠢᠯᠠᠭᠴᠢ ᠵᠢ ᠥᠪᠥᠷ ᠮᠣᠩᠭᠣᠯ᠎ᠳᠤ ᠤᠷᠢᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ ᠠᠮᠢᠳᠤᠯᠢᠭ ᠦᠢ᠍ᠯᠡᠳᠦᠯᠭᠡ ᠵᠢ ᠲᠥᠪᠯᠡᠷᠡᠭᠦᠯᠦᠨ ᠤᠬᠠᠭᠤᠯᠤᠨ ᠮᠡᠳᠡᠭᠡᠯᠡᠪᠡ᠃
ᠣᠢ᠌ᠷ᠎ᠠ ᠵᠢᠨ ᠵᠢᠯ᠎ᠠᠴᠠ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠭᠠᠵᠠᠷ ᠣᠷᠣᠨ ᠡᠯ᠎ᠡ ᠱᠠᠲᠤ ᠡᠯ᠎ᠡ ᠲᠥᠷᠥᠯ᠎ᠤᠨ ᠭᠣᠤᠯ ᠰᠡᠳᠦᠪᠲᠦ ᠤᠬᠠᠭᠤᠯᠭ᠎ᠠ᠂ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠵᠢᠯᠤᠭᠤᠳᠤᠮᠵᠢ᠎ᠳᠤ ᠲᠤᠭᠤᠰᠢᠯᠠᠭᠤᠯᠵᠤ᠂ ᠣᠨᠣᠯ᠎ᠤᠨ ᠲᠠᠢ᠌ᠯᠪᠤᠷᠢᠯᠠᠯᠲᠠ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠥᠯᠢᠭᠡᠷ᠎ᠤᠨ ᠲᠠᠢ᠌ᠯᠪᠤᠷᠢᠯᠠᠯᠲᠠ ᠵᠡᠷᠭᠡ ᠬᠡᠯᠪᠡᠷᠢ᠎ᠪᠠᠷ ᠳᠠᠮᠵᠢᠭᠤᠯᠤᠨ ᠤᠴᠢᠷ ᠶᠣᠰᠣ ᠵᠢ ᠲᠣᠭ᠋ᠠᠴᠢᠨ ᠵᠠᠳᠠᠯᠬᠤ᠂ ᠪᠤᠲᠠᠲᠤ ᠶᠠᠪᠤᠳᠠᠯ ᠵᠶ᠋ᠠᠷ ᠬᠦᠮᠦᠵᠢᠯ ᠬᠦᠷᠲᠡᠭᠡᠬᠦ ᠵᠢ ᠤᠶᠠᠯᠳᠤᠭᠤᠯᠬᠤ ᠳᠤᠮᠳᠠ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠪᠡ᠃
ᠡᠭᠦᠨ᠎ᠤ ᠬᠠᠮᠲᠤ᠂ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠣᠨᠢᠨ᠂ ᠰᠡᠳᠬᠦᠯ᠂ ᠰᠦᠯᠵᠢᠶ᠎ᠡ᠂ ᠰᠢᠯᠵᠢᠢᠡ᠂ ᠵᠢᠷᠭᠢᠢᠡ ᠵᠢ ᠨᠢᠭᠡ ᠴᠤᠬ᠍ᠴᠠᠵᠢᠭᠤᠯᠤᠭᠰᠠᠨ᠂ ᠪᠦᠬᠦ ᠲᠠᠯ᠎ᠠ᠎ᠲᠠᠢ᠂ ᠤᠯᠠᠨ ᠲᠡᠰ ᠳᠠᠪᠬᠤᠷᠭ᠎ᠠ᠎ᠲᠠᠢ᠂ ᠪᠣᠰᠣᠭ᠎ᠠ ᠴᠣᠭᠴᠠᠲᠤ᠂ ᠤᠯᠠᠨ ᠲᠠᠭᠤᠨ ᠬᠣᠭᠤᠯᠠᠢ ᠵᠢᠨ ᠤᠬᠠᠭᠤᠯᠭ᠎ᠠ ᠵᠢᠨ ᠵᠢᠭᠰᠠᠭ᠋ᠠᠯ᠎ᠢ ᠴᠣᠭᠴᠠᠯᠠᠵᠤ᠂ ᠳᠥᠭᠥᠮ ᠣᠢ᠌ᠯᠠᠭ᠋ᠠᠮᠵᠢᠲᠠᠢ᠂ ᠠᠮᠠᠷᠬᠠᠨ ᠤᠯᠠᠮᠵᠢᠯᠠᠭᠳᠠᠬᠤ᠂ ᠬᠠᠮᠲᠤ ᠵᠢᠨ ᠬᠠᠢ᠌ᠷ᠎ᠠ ᠰᠡᠳᠬᠢᠯᠭᠡ᠎ᠲᠠᠢ᠂ ᠬᠠᠮᠲᠤ ᠵᠢᠨ ᠲᠤᠰᠬᠠᠯ᠎ᠲᠠᠢ ᠬᠠᠮ ᠵᠠᠭᠤᠴᠢᠯᠠᠭᠤᠷ᠎ᠤᠨ ᠪᠦᠲᠦᠭᠡᠭᠳᠡᠬᠦᠨ᠎ᠢ ᠦᠢ᠍ᠯᠡᠳᠦᠨ ᠲᠠᠨᠢᠯᠴᠠᠭᠤᠯᠵᠤ᠂ ᠳᠠᠮᠵᠢᠭᠤᠯᠭ᠎ᠠ᠎ᠨᠢ ᠨᠠᠷᠢᠯᠢᠭ ᠣᠨᠣᠪᠴᠢᠲᠠᠢ᠂ ᠪᠦᠷᠬᠦᠴᠡ᠎ᠨᠢ ᠥᠷᠭᠡᠨ ᠳᠡᠯᠭᠡᠷ᠂ ᠬᠦᠳᠦᠯᠥᠨ ᠳᠠᠭ᠋ᠠᠭᠤᠯᠬᠤ ᠬᠦᠴᠦᠨ ᠪᠦᠬᠦᠢ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢᠨ ᠪᠠᠢ᠌ᠷᠢᠰᠢᠯ᠎ᠢ ᠪᠦᠷᠢᠯᠳᠦᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠪᠠ᠃
《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠮᠠᠲᠸᠷᠢᠶᠠᠯ᠎ᠤᠨ ᠡᠮᠬᠢᠳᠬᠡᠯ · ᠥᠪᠥᠷ ᠮᠣᠩᠭᠣᠯ᠎ᠤᠨ ᠪᠤᠳᠢ》 ᠵᠢ ᠨᠠᠢ᠌ᠷᠠᠭᠤᠯᠤᠨ ᠪᠢᠴᠢᠵᠦ᠂ ᠥᠪᠥᠷ ᠮᠣᠩᠭᠣᠯ᠎ᠤᠨ ᠡᠭᠡ ᠭᠠᠵᠠᠷ ᠳᠡᠭᠡᠷᠡᠬᠢ ᠦᠨᠳᠦᠰᠦᠲᠡᠨ᠎ᠨᠦᠭᠦᠳ᠎ᠤᠨ 《ᠬᠠᠮᠲᠤ᠎ᠪᠠᠷ ᠲᠤᠭᠤᠯᠵᠥ ᠥᠩᠭᠡᠷᠡᠭᠡᠭᠰᠡᠨ》 《ᠬᠠᠮᠲᠤ᠎ᠪᠠᠷ ᠲᠤᠭᠤᠯᠵᠥ ᠢᠷᠡᠭᠰᠡᠨ》 ᠲᠡᠦᠬᠡ ᠵᠢᠨ ᠪᠣᠳᠠᠲᠤ ᠶᠠᠪᠤᠳᠠᠯ᠎ᠢ ᠭᠦᠨᠵᠡᠭᠡᠢ ᠠᠭᠤᠳᠠᠯᠯᠠᠪᠠ;
《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠎ᠨᠢ — ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯ᠊ ᠴᠠᠭ᠎ᠠ ᠠᠭᠤᠰᠤᠯᠴᠠᠭ᠎ᠠ ᠵᠢᠨ ᠲᠡᠦᠬᠡᠨ ᠦᠯᠢᠭᠡᠷ》 ᠵᠡᠷᠭᠡ ᠰᠢᠷᠢᠰ ᠨᠣᠮ ᠪᠢᠴᠢᠭ᠎ᠢ ᠨᠠᠢ᠌ᠷᠠᠭᠤᠯᠤᠨ ᠳᠠᠷᠤᠮᠠᠯᠯᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠪᠣᠳᠠᠲᠤ ᠥᠩᠭᠡᠷᠡᠯᠲᠡ ᠵᠢ ᠠᠮᠢᠳᠤᠯᠢᠭ ᠵᠶ᠋ᠠᠷ ᠢᠯᠡᠷᠡᠭᠦᠯᠪᠡ;
《ᠨᠣᠮᠢᠨ ᠨᠣᠭᠣᠭ᠋ᠠᠨ ᠣᠷᠳᠣ ᠴᠠᠭ᠋ᠠᠨ ᠬᠡᠷᠡᠮ》᠂ 《ᠤᠯᠠᠭ᠋ᠠᠨᠮᠥ᠋ᠴᠢᠷ ᠬᠢᠯᠢ ᠬᠢᠵᠠᠭ᠋ᠠᠷ ᠵᠶ᠋ᠠᠷ ᠠᠶᠠᠯᠠᠭᠰᠠᠨ᠎ᠨᠢ》᠂ 《ᠲᠠᠯ᠎ᠠ ᠨᠤᠲᠤᠭ᠎ᠤᠨ ᠳᠠᠭᠤᠤ》᠂ 《ᠵᠣᠣ ᠵᠢᠶᠦ᠋ᠨ᠎ᠤ ᠪᠤᠭᠤᠮᠳᠠ᠎ᠳᠠᠬᠢ ᠬᠠᠢ᠌ᠷ᠎ᠠ》 ᠵᠡᠷᠭᠡ ᠨᠢᠭᠡ ᠪᠦᠯᠦᠭ ᠰᠣᠶᠣᠯ ᠤᠷᠠᠯᠢᠭ᠎ᠤᠨ ᠪᠦᠲᠦᠭᠡᠯ᠎ᠢ ᠭᠠᠷᠭ᠋ᠠᠵᠤ᠂ 《ᠤᠮᠠᠷᠠᠲᠤ ᠬᠢᠯᠢ ᠵᠢᠨ ᠰᠣᠶᠣᠯ》 ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠤᠮᠳᠠᠯᠠᠪᠠ;
《ᠬᠠᠲᠤᠨ ᠭᠣᠤᠯ᠎ᠤᠨ ᠰᠦᠭ ᠰᠦᠨᠡᠰᠦ》᠂ 《ᠰᠢ ᠺᠸᠤ ᠵᠢᠨ ᠵᠠᠮ ᠮᠦᠷ》 ᠵᠡᠷᠭᠡ ᠥᠪᠥᠷ ᠮᠣᠩᠭᠣᠯ᠎ᠤᠨ ᠣᠷᠣᠨ ᠨᠤᠲᠤᠭ᠎ᠤᠨ ᠣᠨᠴᠠᠯᠢᠭ᠎ᠲᠠᠢ᠂ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠢᠯᠡᠷᠡᠭᠦᠯᠦᠭᠰᠡᠨ ᠨᠢᠭᠡ ᠪᠦᠯᠦᠭ ᠰᠣᠶᠣᠯ ᠤᠬᠠᠭᠤᠯᠭ᠎ᠠ ᠵᠢᠨ ᠦᠢᠯᠡᠳᠬᠦᠨ᠎ᠢ ᠦᠢ᠍ᠯᠡᠳᠪᠡ ··· ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠡᠳᠦᠪᠯᠡᠭᠰᠡᠨ ᠤᠳᠬ᠎ᠠ ᠵᠣᠬᠢᠶᠠᠯ᠂ ᠺᠢᠨᠣ᠋ ᠲᠧᠯᠸᠢᠰ᠂ ᠤᠷᠠᠨ ᠵᠢᠷᠤᠭ ᠵᠡᠷᠭᠡ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠳᠡᠮᠵᠢᠬᠦ ᠡᠷᠴᠢᠮ ᠵᠶ᠋ᠡᠨ ᠲᠠᠰᠤᠷᠠᠯᠲᠠ ᠥᠬᠡᠶ ᠴᠢᠩᠭ᠋ᠠᠷᠠᠭᠤᠯᠵᠤ᠂ ᠤᠮᠠᠷᠠᠲᠤ ᠬᠢᠯᠢ ᠵᠢᠨ ᠡᠬᠡ ᠭᠠᠵᠠᠷ ᠳᠡᠭᠡᠷᠡᠬᠢ ᠳᠤᠮᠳᠠᠳᠤ ᠵᠢᠨ ᠪᠣᠯᠪᠠᠰᠤᠨ᠎ᠤ 《ᠲᠠᠪᠤᠨ ᠲᠣᠪᠣᠢ᠌ᠮ᠎ᠠ ᠣᠨᠴᠠᠯᠢᠭ》᠎ᠤᠨ ᠤᠯᠠᠷᠢᠨ ᠬᠤᠪᠢᠰᠤᠭᠰᠠᠨ ᠲᠡᠦᠬᠡ ᠵᠢ ᠪᠥᠬᠥ ᠲᠠᠯ᠎ᠠ᠎ᠪᠠᠷ ᠢᠯᠡᠷᠡᠭᠦᠯᠬᠦ᠎ᠪᠠᠷ ᠳᠠᠮᠵᠢᠭᠤᠯᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠵᠢᠭᠰᠡᠨ ᠨᠢᠭᠡ ᠴᠣᠭᠴᠠ ᠵᠢᠨ ᠲᠤᠬᠠᠢ ᠣᠢ᠌ᠯᠠᠭ᠋ᠠᠯᠲᠠ ᠪᠠ ᠲᠠᠨᠢᠯᠲᠠ ᠵᠢ᠎ᠨᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠡᠳᠬᠢᠯ᠎ᠢ ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠣᠶᠤᠨ ᠰᠠᠨᠠᠭ᠋ᠠᠨ᠎ᠤ ᠬᠣᠯᠪᠣᠭ᠋ᠠᠰᠤ ᠵᠢ ᠪᠠᠲᠤ ᠪᠠᠬᠢ ᠬᠣᠯᠪᠤᠪᠠ᠃
ᠰᠤᠶᠤᠯ᠎ᠤᠨ ᠳᠦᠯᠭᠡᠨ ᠤᠷᠤᠰᠬᠠᠯ ᠮᠡᠲᠦ ᠨᠥᠯᠥᠭᠡᠯᠡᠯ᠎ᠢ ᠴᠢᠩᠭ᠋ᠠᠳᠬᠠᠪᠠ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠᠳᠤ ᠵᠢᠨ ᠦᠨᠳᠦᠰᠦᠲᠡᠨ ᠵᠶ᠋ᠡᠨ ᠮᠡᠳᠡᠷᠡᠬᠦᠢ ᠰᠡᠳᠬᠢᠯᠭᠡ ᠪᠠ ᠣᠮᠣᠭ ᠪᠠᠬᠠᠳᠤᠯᠲᠤ ᠰᠡᠳᠬᠢᠯᠭᠡ ᠲᠠᠰᠤᠷᠠᠯᠲᠠ ᠥᠬᠡᠶ ᠴᠢᠩᠭ᠋ᠠᠷᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠶᠠᠪᠤᠬᠤ ᠲᠤᠲᠤᠮ ᠪᠠᠲᠤ ᠪᠣᠯᠵᠤ ᠪᠠᠢ᠌ᠨ᠎ᠠ᠃
ᠰᠢᠨ᠎ᠡ ᠬᠡᠯᠪᠡᠷᠢ ᠵᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠠᠮᠢᠳᠤᠯᠢᠭ ᠰᠠᠢ᠌ᠬᠠᠨ ᠶᠠᠪᠤᠭᠳᠠᠪᠠ᠃
ᠲᠦᠷᠦᠭᠦᠬᠡᠨ᠂ 《ᠤᠯᠤᠰ᠎ᠤᠨ ᠲᠣᠭ᠎ᠤᠨ ᠭᠣᠶᠤᠮᠰᠢᠭ》 ᠭᠡᠬᠦ ᠭᠠᠷᠴᠠᠭ᠎ᠲᠠᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠰᠢᠯᠢᠩᠬᠣᠲᠠ ᠵᠢᠨ ᠠᠷᠪᠠᠳᠤᠭ᠋ᠠᠷ ᠪᠠᠭ᠎ᠠ ᠰᠤᠷᠭ᠋ᠠᠭᠤᠯᠢ ᠵᠢᠨ 《ᠠᠨᠠᠷ᠎ᠤᠨ ᠦᠷ᠎ᠡ ᠵᠢᠵᠢᠭ ᠬᠢᠴᠢᠶᠡᠯ᠎ᠤᠨ ᠲᠠᠩᠬᠢᠮ》᠎ᠳᠤ ᠡᠬᠢᠯᠡᠪᠡ᠃ ᠲᠣᠰ ᠰᠤᠷᠭ᠋ᠠᠭᠤᠯᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ — 《ᠠᠨᠠᠷ᠎ᠤᠨ ᠦᠷ᠎ᠡ ᠵᠢᠵᠢᠭ ᠬᠢᠴᠢᠶᠡᠯ᠎ᠤᠨ ᠲᠠᠩᠬᠢᠮ》᠎ᠢ ᠨᠠᠷᠢᠨ ᠨᠢᠮᠪᠠᠶ ᠴᠣᠭᠴᠠᠯᠠᠵᠤ᠂ ᠳᠤᠮᠳᠠᠳᠤ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠵᠢ ᠪᠠᠭ᠋ᠠᠴᠤᠳ ᠬᠡᠦᠬᠡᠳ᠎ᠤᠨ ᠰᠡᠳᠬᠢᠯ᠎ᠳᠤ ᠭᠦᠨ ᠦᠨᠳᠦᠰᠦᠯᠡᠭᠦᠯᠪᠡ᠃
ᠲᠣᠰ ᠰᠤᠷᠭ᠋ᠠᠭᠤᠯᠢ ᠵᠢᠨ ᠵᠠᠬᠢᠷᠤᠯ ᠵᠠᠩ ᠠᠶ ᠫᠢᠩ ᠬᠡᠯᠡᠬᠦ᠎ᠳᠤ᠎ᠪᠠᠨ᠄ 《ᠰᠤᠷᠭ᠋ᠠᠭᠤᠯᠢ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠦᠵᠡᠭᠦᠯᠭᠡ ᠵᠢᠨ ᠲᠢᠩᠬᠢᠮ᠂ ᠬᠤᠪᠢᠰᠬᠠᠯᠲᠤ ᠨᠠᠮ᠎ᠤᠨ ᠪᠠᠢ᠌ᠭᠤᠯᠤᠯᠲᠠ ᠵᠢᠨ ᠰᠣᠶᠣᠯ᠎ᠤᠨ ᠬᠣᠩᠭᠢᠯ ᠪᠠ 〈ᠠᠨᠠᠷ᠎ᠤᠨ ᠦᠷ᠎ᠡ ᠵᠢᠵᠢᠭ ᠬᠢᠴᠢᠶᠡᠯ᠎ᠤᠨ ᠲᠠᠩᠬᠢᠮ〉᠎ᠳᠤ ᠲᠦᠰᠢᠭᠯᠡᠨ ᠪᠢᠳᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ 〈ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠠᠭᠤᠤ〉 ᠵᠢ ᠪᠠᠭᠰᠢ ᠰᠤᠷᠤᠭᠴᠢᠳ ᠬᠠᠮᠲᠤ᠎ᠪᠠᠷ ᠳᠠᠭᠤᠯᠠᠬᠤ᠂ 〈ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠬᠤ〉 ᠰᠢᠷᠢᠰ ᠠᠵᠢᠯᠯᠠᠭ᠎ᠠ ᠵᠢ ᠡᠷᠭᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ᠎ᠢ ᠵᠥᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠮᠡᠲᠦ ᠦᠷᠨᠢᠭᠦᠯᠪᠡ》 ᠭᠡᠵᠡᠢ᠃
ᠣᠢ᠌ᠷ᠎ᠠ ᠵᠢᠨ ᠵᠢᠯ᠎ᠤᠳ᠎ᠲᠤ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ᠎ᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠰᠤᠷᠭ᠋ᠠᠭᠤᠯᠢ ᠵᠠᠰᠠᠬᠤ᠂ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠪᠥᠬᠥ ᠶᠠᠪᠤᠴᠠ᠎ᠳᠤ ᠣᠷᠣᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠪᠠᠢ᠌ᠭᠤᠯᠤᠯᠲᠠ ᠪᠠ ᠤᠶᠤᠲᠠᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠡᠯ᠎ᠡ ᠲᠠᠯ᠎ᠠ᠎ᠳᠤ ᠲᠤᠭᠤᠰᠢᠯᠠᠭᠤᠯᠪᠠ᠃
ᠣᠳᠣᠬᠠᠨ᠎ᠳᠤ ᠥᠪᠥᠷ ᠮᠣᠩᠭᠣᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠰᠤᠷᠭ᠋ᠠᠭᠤᠯᠢ 36 ᠪᠠᠢ᠌ᠵᠤ᠂ 《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠦᠢᠯᠡᠳᠦᠯᠭᠡ ᠵᠢᠨ ᠰᠠᠭᠤᠷᠢᠨ ᠭᠠᠵᠠᠷ᠎ᠢ 123 ᠪᠠᠢ᠌ᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠨᠢᠭᠡᠨᠲᠡ ᠪᠦᠬᠦ ᠣᠷᠣᠨ᠎ᠤ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠶᠣᠯ᠎ᠳᠤ ᠠᠭᠤᠰᠤᠯᠴᠠᠵᠤ᠂ ᠡᠯ᠎ᠡ ᠰᠤᠷᠭ᠋ᠠᠭᠤᠯᠢ ᠡᠯ᠎ᠡ ᠲᠦᠷᠦᠯ᠎ᠤᠨ ᠤᠨᠴᠠᠯᠢᠬᠳᠤ ᠬᠢᠴᠢᠶᠡᠯ ᠲᠣᠬᠢᠷᠠᠭᠤᠯᠬᠤ᠎ᠪᠠᠷ ᠳᠠᠮᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠡᠳᠬᠢᠯ᠎ᠳᠤ ᠭᠦᠨ ᠬᠠᠳᠠᠩᠰᠢᠭᠤᠯᠪᠠ᠃
ᠥᠪᠥᠷ ᠮᠣᠩᠭᠣᠯ 《ᠵᠠᠩᠭᠢᠯᠠᠭ᠎ᠠ ᠵᠢᠨ ᠴᠥᠭᠡᠨ ᠲᠣᠭ᠋ᠠᠲᠠᠨ》 ᠪᠣᠯᠬᠤ ᠨᠠᠮ᠎ᠤᠨ ᠭᠡᠰᠢᠭᠦᠨ ᠺᠠᠳ᠋ᠷ᠎ᠢ ᠴᠢᠩᠭ᠎ᠠ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ᠂ ᠨᠡᠢ᠌ᠭᠡᠮ ᠵᠢᠷᠤᠮᠲᠤ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠰᠢᠰᠲ᠋ᠧᠮ᠎ᠳᠤ ᠣᠷᠣᠭᠤᠯᠵᠤ᠂ ᠲᠤᠰᠬᠠᠶ ᠬᠢᠴᠢᠶᠡᠯ ᠲᠣᠬᠢᠷᠠᠭᠤᠯᠵᠤ᠂ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠪᠣᠯᠪᠠᠰᠤᠷᠠᠯ᠎ᠢ ᠭᠠᠵᠠᠷ᠎ᠤᠨ ᠲᠠᠰ᠎ᠤᠨ ᠺᠠᠳ᠋ᠷ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ᠂ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ᠵᠢᠨ ᠭᠣᠤᠯ ᠴᠣᠭᠴᠠ ᠵᠢᠨ ᠠᠩᠭᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠢᠴᠢᠶᠡᠯ᠎ᠤᠨ ᠴᠠᠭ᠎ᠢ 20 %᠎ᠠᠴᠠ ᠳᠡᠭᠡᠭᠰᠢ ᠪᠠᠢ᠌ᠯᠭ᠋ᠠᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠲᠠᠢ᠌ᠯᠪᠤᠷᠢᠯᠠᠯᠲᠠ ᠵᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠬᠦ ᠵᠢᠨ ᠲᠥᠯᠥᠭᠡ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠠᠷᠭ᠎ᠠ ᠬᠡᠮᠵᠢᠶ᠎ᠡ᠎ᠪᠠᠨ ᠰᠢᠨᠡᠴᠢᠯᠡᠵᠦ᠂ ᠤᠬᠠᠭᠤᠯᠭ᠎ᠠ ᠲᠠᠢ᠌ᠯᠪᠤᠷᠢᠯᠠᠯᠲᠠ ᠵᠢ ᠭᠦᠨᠴᠡ᠎ᠲᠠᠢ᠂ ᠬᠠᠢ᠌ᠷ᠎ᠠ ᠰᠡᠳᠬᠢᠯᠭᠡ᠎ᠲᠠᠢ᠂ ᠪᠣᠳᠠᠲᠤ ᠦᠷ᠎ᠡ ᠪᠦᠲᠦᠮᠵᠢ᠎ᠲᠠᠢ ᠪᠣᠯᠭ᠋ᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠪᠣᠯᠤᠨ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠬᠠᠮᠲᠤᠷᠠᠨ 《ᠡᠶ᠎ᠡ ᠨᠠᠢ᠌ᠷᠠᠮᠳᠠᠭᠤ ᠤᠮᠠᠷᠠᠲᠤ ᠬᠢᠯᠢ᠎ᠳᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨᠠᠮ》 ᠭᠡᠬᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠦᠨᠳᠦᠰᠦᠨ ᠱᠠᠲᠤᠨ᠎ᠳᠤ᠎ᠬᠢ ᠠᠶᠠᠯᠠᠯ᠎ᠤᠨ ᠠᠵᠢᠯᠯᠠᠭ᠎ᠠ ᠵᠢ ᠭᠣᠤᠯᠯᠠᠨ ᠡᠷᠭᠢᠯᠡᠵᠦ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠠᠵᠤ ᠠᠬᠤᠢ᠌ᠯᠠᠯ ᠵᠡᠷᠭᠡ᠎ᠳᠤ ᠭᠦᠨᠵᠡᠭᠡᠢ᠌ᠷᠡᠨ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠤᠨ ᠵᠠᠭᠤᠨ ᠮᠧᠲᠷ᠎ᠤᠨ ᠵᠢᠷᠤᠭ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠤᠯ ᠰᠡᠳᠦᠪᠲᠦ ᠵᠢᠷᠤᠭᠲᠤ ᠵᠠᠷᠯᠠᠯ᠎ᠢ ᠳᠡᠯᠭᠡᠨ ᠦᠵᠡᠭᠦᠯᠬᠦ᠂ ᠱᠠᠩᠨᠠᠯ᠎ᠲᠠᠢ ᠦᠷᠢᠰᠦᠯᠳᠦᠨ ᠬᠠᠷᠢᠭᠤᠯᠬᠤ ᠠᠵᠢᠯᠯᠠᠭ᠎ᠠ ᠥᠷᠨᠢᠭᠦᠯᠬᠦ ᠵᠡᠷᠭᠡ᠎ᠪᠠᠷ ᠳᠠᠮᠵᠢᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ 《ᠦᠷ᠎ᠡ》 ᠵᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ᠎ᠳᠤ ᠰᠠᠴᠤᠪᠠ᠃
ᠲᠦᠩᠯᠢᠶᠣᠤ ᠬᠣᠲᠠ ᠡᠯ᠎ᠡ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠲᠤᠰᠬᠠᠶ ᠮᠡᠷᠭᠡᠵᠢᠯᠲᠡᠨ᠂ ᠠᠬᠠᠮᠠᠳ ᠪᠠᠭᠰᠢ᠂ ᠠᠬᠠᠮᠠᠳ ᠪᠠᠢ᠌ᠯᠳᠤᠭᠴᠢ᠂ ᠠᠬᠠᠮᠠᠳ ᠵᠢᠱ᠌ᠢᠶᠡᠴᠢ ᠵᠡᠷᠭᠡ᠎ᠪᠠᠷ ᠪᠦᠷᠢᠯᠳᠦᠭᠰᠡᠨ500 ᠬᠦᠮᠦᠨ᠎ᠤ 《ᠳᠡᠷᠭᠡᠳᠡᠬᠢ ᠤᠬᠠᠭᠤᠯᠤᠨ ᠲᠠᠢ᠌ᠯᠪᠤᠷᠢᠯᠠᠭᠴᠢ》 ᠵᠢᠨ ᠡᠩᠨᠡᠭᠡ ᠵᠢ ᠵᠣᠬᠢᠶᠠᠨ ᠪᠠᠢ᠌ᠭᠤᠯᠵᠤ᠂ ᠠᠮᠢᠳᠤᠯᠢᠭ ᠤᠬᠠᠭᠤᠯᠭ᠎ᠠ ᠲᠠᠢ᠌ᠯᠪᠤᠷᠢᠯᠠᠯᠲᠠ᠎ᠪᠠᠷ ᠳᠠᠮᠵᠢᠭᠤᠯᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠤᠯ ᠰᠢᠵᠢᠮ᠎ᠢ ᠪᠠᠲᠤ ᠡᠵᠡᠮᠰᠢᠭᠦᠯᠵᠦ᠂ 《ᠵᠢᠷᠭᠤᠭ᠋ᠠᠨ ᠦᠭᠦᠯᠡᠬᠦᠢ ᠵᠢᠨ ᠪᠣᠳᠠᠲᠤ ᠶᠠᠪᠤᠳᠠᠯ ᠪᠠ ᠶᠣᠰᠣ ᠤᠴᠢᠷ》᠎ᠢ ᠪᠠᠲᠤ ᠴᠡᠭᠡᠵᠢᠯᠡᠭᠦᠯᠪᠡ᠃
ᠬᠥᠬᠡᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠬᠡᠷ᠎ᠢ ᠶᠠᠷᠢᠬᠤ ᠤᠷᠤᠯᠳᠤᠭ᠋ᠠᠨ ᠶᠠᠪᠤᠭᠳᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠲᠠᠢ᠌ᠰᠠᠨ᠎ᠤ ᠵᠦᠴᠦᠭᠡ ᠵᠡᠷᠭᠡ ᠬᠡᠯᠪᠡᠷᠢ᠎ᠪᠠᠷ 《ᠶᠦᠨ ᠵᠦᠩ ᠰᠢᠶᠠᠨ᠎ᠤ ᠴᠧᠩᠰᠢᠶᠠᠩ᠎ᠤᠨ ᠲᠠᠮᠠᠭ᠎ᠠ》᠂ 《ᠯᠣᠣ ᠵᠢᠨ ᠲᠣᠯᠣᠭ᠋ᠠᠢ᠌ᠲᠤ ᠬᠦᠷᠡᠯ ᠵᠤᠤᠬ᠎ᠠ》 ᠵᠡᠷᠭᠡ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠬᠡᠷ᠎ᠢ ᠶᠠᠷᠢᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢ ᠪᠡᠶᠡᠴᠢᠯᠡᠨ ᠣᠢ᠌ᠯᠠᠭ᠋ᠠᠵᠤ᠂ ᠦᠨᠳᠦᠰᠦᠲᠡᠨ᠎ᠤ ᠪᠦᠯᠬᠦᠮᠳᠡᠯ᠎ᠤᠨ ᠰᠣᠶᠣᠯ᠎ᠤᠨ ᠦᠨᠳᠦᠰᠦ ᠰᠤᠷᠪᠤᠯᠵᠢ ᠵᠢ ᠬᠠᠢ᠌ᠨ ᠰᠦᠪᠡᠭᠴᠢᠯᠡᠪᠡ᠃

ᠬᠥᠬᠡᠬᠣᠲᠠ ᠵᠢᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠬᠡᠷ᠎ᠤᠨ ᠤᠷᠤᠯᠳᠤᠭ᠋ᠠᠨ᠎ᠤ ᠱᠠᠩᠨᠠᠯ ᠣᠯᠤᠭᠰᠠᠨ ᠪᠦᠲᠦᠭᠡᠯ᠎ᠤᠨ ᠦᠵᠡᠭᠦᠯᠭᠡ᠎ᠳᠤ ᠲᠣᠭᠯᠠᠭᠴᠢᠳ 《ᠯᠣᠣ ᠵᠢᠨ ᠲᠣᠯᠤᠭ᠋ᠠᠢ᠌ᠲᠤ ᠬᠦᠷᠡᠯ ᠵᠤᠤᠬ᠎ᠠ》 ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠬᠡᠷ᠎ᠢ ᠲᠣᠭᠯᠠᠪᠠ᠃
ᠪᠥᠬᠥ ᠣᠷᠣᠨ᠎ᠤ ᠡᠯ᠎ᠡ ᠱᠠᠲᠤ ᠡᠯ᠎ᠡ ᠭᠠᠵᠠᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠤᠬᠠᠭᠤᠯᠭ᠎ᠠ ᠬᠥᠮᠦᠵᠢᠯ᠎ᠢ ᠳᠥᠭᠥᠮ ᠣᠢ᠌ᠯᠠᠭ᠋ᠠᠮᠵᠢᠲᠠᠢ᠂ ᠠᠮᠢᠵᠢᠷᠠᠯ᠎ᠤᠨ ᠬᠦᠴᠦᠨ᠎ᠲᠠᠢ ᠪᠣᠯᠭ᠋ᠠᠵᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠭᠠᠷ ᠵᠶ᠋ᠠᠨ ᠬᠣᠯᠪᠣᠨ ᠰᠡᠳᠬᠢᠯ ᠵᠶ᠋ᠡᠨ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ ᠵᠢᠨ ᠲᠥᠯᠥᠭᠡ ᠴᠢᠷᠮᠠᠢ᠌ᠨ ᠲᠡᠮᠡᠴᠡᠬᠦ ᠵᠢ ᠬᠦᠮᠦᠵᠢᠭᠦᠯᠦᠨ ᠬᠦᠲᠦᠯᠦᠨ ᠵᠢᠯᠤᠭᠤᠳᠪᠠ᠃
ᠶᠠᠰᠤ ᠴᠢᠨᠠᠷ᠎ᠢ ᠰᠠᠢ᠌ᠵᠢᠷᠠᠭᠤᠯᠤᠨ ᠦᠷ᠎ᠡ ᠠᠰᠢᠭ᠎ᠢ ᠨᠡᠮᠡᠭᠳᠡᠭᠦᠯᠵᠦ ᠵᠢᠭᠰᠠᠭ᠋ᠠᠯ᠎ᠤᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠪᠤᠲᠠᠲᠠᠢ᠌ᠵᠢᠭᠤᠯᠪᠠ
ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ 《ᠤᠮᠠᠷᠠᠲᠤ ᠬᠢᠯᠢ ᠵᠢᠨ ᠰᠣᠶᠣᠯ》᠎ᠤᠨ ᠦᠵᠡᠭᠦᠯᠭᠡ ᠵᠢᠨ ᠬᠢᠴᠢᠶᠡᠯ᠎ᠤᠨ ᠲᠠᠩᠬᠢᠮ ᠲᠣᠬᠢᠷᠠᠭᠤᠯᠵᠤ᠂ ᠣᠯᠠᠨ ᠲᠤᠰᠬᠠᠶ ᠮᠡᠷᠭᠡᠵᠢᠯᠲᠡᠨ ᠡᠷᠳᠡᠮᠲᠡᠳ᠎ᠢ ᠤᠷᠢᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠤᠯ ᠰᠡᠳᠦᠪ᠎ᠤᠨ ᠲᠣᠭᠣᠷᠢᠨ᠎ᠳᠤ ᠲᠠᠢ᠌ᠯᠤᠮᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠣᠨᠢᠷᠬᠠᠯ᠎ᠢ ᠲᠠᠲᠠᠪᠠ᠃
ᠠᠩᠬᠠᠳᠤᠭ᠋ᠠᠷ ᠪᠦᠯᠦᠭ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ》 ᠪᠣᠯᠤᠭᠰᠠᠨ᠎ᠤ ᠬᠤᠪᠢ᠎ᠳᠤ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠤᠨᠤᠰᠴᠤ᠂ ᠨᠠᠮ ᠵᠶ᠋ᠠᠨ ᠳᠠᠭ᠋ᠠᠵᠤ ᠤᠷᠤᠭᠰᠢᠯᠠᠶ᠎ᠠ》᠂ 《ᠠᠭᠤᠤ ᠶᠡᠬᠡ ᠵᠣᠷᠢᠭ ᠰᠠᠨᠠᠭ᠎ᠠ᠎ᠪᠠᠷ ᠠᠭᠤᠤ ᠶᠡᠬᠡ ᠦᠢᠯᠡᠰ᠎ᠢ ᠬᠥᠲᠥᠯᠥᠨ ᠳᠠᠭ᠋ᠠᠭᠤᠯᠤᠶ᠎ᠠ — ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠴᠠᠳᠢᠭ》᠂ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ᠎ᠳᠤ ᠲᠠᠯᠠᠷᠬᠠᠵᠤ ᠡᠷᠡᠮᠡᠬᠡᠢ᠌ᠯᠡᠨ ᠤᠷᠤᠭᠰᠢᠯᠠᠬᠤ》 ᠵᠡᠷᠭᠡ ᠭᠣᠤᠯ ᠰᠡᠳᠦᠪᠲᠦ ᠦᠵᠡᠰᠬᠦᠯᠡᠩ᠎ᠢ ᠴᠣᠭᠴᠠᠯᠠᠪᠠ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠦᠵᠡᠰᠬᠦᠯᠡᠩ᠎ᠢ ᠲᠣᠭᠣᠷᠢᠨ ᠦᠵᠡᠭᠡᠳ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠵᠦ᠂ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠭᠰᠠᠨ ᠠᠮᠢᠳᠤᠯᠢᠭ ᠦᠢᠯᠡᠳᠦᠯᠭᠡ ᠵᠢ ᠭᠦᠨᠵᠡᠭᠡᠶ ᠣᠢ᠌ᠯᠠᠭ᠋ᠠᠪᠠ᠃

ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ᠎ᠳᠤ ᠲᠠᠯᠠᠷᠬᠠᠵᠤ ᠡᠷᠡᠮᠡᠬᠡᠢ᠌ᠯᠡᠨ ᠤᠷᠤᠭᠰᠢᠯᠠᠬᠤ》 ᠭᠣᠤᠯ ᠰᠡᠳᠦᠪᠲᠦ ᠦᠵᠡᠭᠦᠯᠭᠡ ᠵᠢ ᠲᠣᠭᠣᠷᠢᠨ ᠦᠵᠡᠪᠡ᠃
ᠣᠢ᠌ᠷ᠎ᠠ ᠵᠢᠨ ᠵᠢᠯ᠂ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠬᠤ ᠠᠵᠢᠯ᠎ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠬᠠᠮᠲᠤᠷᠠᠨ 《ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠢ ᠪᠥᠲᠥᠭᠡᠨ ᠪᠠᠢ᠌ᠭᠤᠯᠬᠤ ᠠᠵᠢᠯ᠎ᠤᠨ ᠲᠥᠰᠦᠯ (2023—2027 ᠣᠨ)》᠎ᠢ ᠳᠠᠷᠤᠮᠠᠯᠯᠠᠨ ᠲᠠᠷᠬᠠᠭ᠋ᠠᠵᠤ᠂ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠲᠤᠬᠠᠶ ᠪᠠᠢ᠌ᠷᠢᠯᠠᠭᠤᠯᠤᠯᠲᠠ ᠬᠢᠪᠠ᠃
ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠳᠤ ᠰᠠᠭᠤᠷᠢᠯᠠᠵᠤ ᠥᠪᠥᠷ ᠮᠣᠩᠭᠣᠯ ᠰᠣᠶᠣᠯ᠎ᠤᠨ ᠮᠦᠽᠧᠶ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠥᠲᠥᠭᠡᠨ ᠪᠠᠢ᠌ᠭᠤᠯᠪᠠ᠃ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠶᠠᠪᠤᠴᠠ᠎ᠳᠤ ᠦᠨᠳᠦᠰᠦᠲᠡᠨ᠎ᠨᠦᠭᠦᠳ᠎ᠤᠨ ᠣᠯᠠᠨ ᠲᠦᠮᠡᠨ ᠵᠶ᠋ᠡᠷ ᠤᠬᠠᠭᠤᠯᠤᠨ ᠬᠦᠮᠦᠵᠢᠭᠦᠯᠬᠦ ᠪᠣᠯᠤᠨ ᠦᠢ᠍ᠯᠡᠴᠢᠯᠡᠬᠦ ᠡᠲᠡᠭᠡᠳ ᠵᠶ᠋ᠡᠨ ᠪᠣᠯᠭ᠋ᠠᠵᠤ᠂ ᠣᠷᠣᠨ ᠪᠦᠰᠡ᠂ ᠠᠵᠢᠯ ᠲᠥᠷᠥᠯ᠂ ᠬᠥᠮᠦᠨ ᠠᠮᠠ ᠵᠢᠨ ᠲᠠᠷᠬᠠᠯᠲᠠ ᠵᠢᠨ ᠣᠨᠴᠠᠯᠢᠭ ᠪᠣᠯᠤᠨ ᠲᠡᠦᠬᠡ ᠬᠥᠮᠦᠨ ᠨᠡᠢ᠌ᠭᠡᠮ᠎ᠤᠨ ᠡᠬᠢ ᠪᠠᠶᠠᠯᠢᠭ᠎ᠢ ᠭᠦᠢ᠍ᠴᠡᠳ ᠪᠣᠳᠣᠯᠬᠢᠯᠠᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠵᠦᠢ ᠵᠣᠬᠢᠰᠲᠠᠶ ᠪᠠᠢ᠌ᠷᠢᠯᠠᠭᠤᠯᠵᠤ᠂ ᠨᠢᠭᠡᠳᠦᠯᠲᠡᠶ ᠲᠥᠯᠥᠪᠵᠢᠭᠦᠯᠦᠨ᠂ ᠪᠦᠬᠦᠯᠢ ᠴᠣᠭᠴᠠ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠦᠬᠦ ᠣᠷᠣᠨ ᠪᠦᠰᠡ ᠵᠢ ᠬᠠᠮᠤᠷᠤᠭᠰᠠᠨ᠂ ᠪᠦᠬᠦ ᠠᠷᠠᠳ᠎ᠤᠨ ᠰᠤᠷᠭ᠋ᠠᠨ ᠬᠥᠮᠦᠵᠢᠯ᠎ᠤᠨ ᠬᠥᠮᠦᠵᠢᠯ ᠦᠢ᠍ᠯᠡᠳᠦᠯᠭᠡ ᠵᠢᠨ ᠲᠣᠭᠲᠠᠯᠴᠠᠭ᠎ᠠ ᠵᠢ ᠬᠦᠴᠦᠯᠡᠨ ᠪᠠᠢ᠌ᠭᠤᠯᠪᠠ᠃
ᠲᠠᠨᠢᠯᠴᠠᠭᠤᠯᠤᠭᠰᠠᠨ᠎ᠢ ᠦᠨᠳᠦᠰᠦᠯᠡᠪᠡᠯ᠂ 2024 ᠣᠨ᠎ᠠᠴᠠ ᠡᠬᠢᠯᠡᠨ ᠥᠪᠥᠷ ᠮᠣᠩᠭᠣᠯ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢᠯᠡᠳᠦᠯᠭᠡ ᠵᠢᠨ 25 ᠰᠢᠬᠠᠮ ᠰᠠᠭᠤᠷᠢᠨ ᠭᠠᠵᠠᠷ᠎ᠢ ᠪᠠᠢ᠌ᠭᠤᠯᠬᠤ ᠵᠢ ᠳᠡᠮᠵᠢᠵᠡᠢ᠃ 2027 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠲᠣᠭ᠎ᠠ ᠬᠡᠮᠵᠢᠶ᠎ᠡ ᠵᠢ 100᠎ᠠᠴᠠ ᠳᠡᠭᠡᠭᠰᠢ ᠪᠣᠯᠭ᠋ᠠᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠳᠡᠰ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 500᠎ᠠᠴᠠ ᠳᠡᠭᠡᠭᠰᠢ ᠪᠣᠯᠭ᠋ᠠᠵᠤ᠂ ᠪᠦᠬᠦ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠨᠡᠯᠢᠶᠡᠳ ᠪᠦᠷᠢᠨ ᠲᠥᠬᠥᠷ ᠲᠣᠭᠲᠠᠯᠴᠠᠭ᠎ᠠ ᠵᠢ ᠪᠠᠢ᠌ᠭᠤᠯᠤᠨ᠎ᠠ᠃
ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠤᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠰᠦᠪᠡᠭᠴᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠦᠨᠡᠨ ᠬᠦ᠌ ᠰᠢᠨ᠎ᠡ ᠤᠳᠬ᠎ᠠ᠎ᠲᠠᠢ᠂ ᠬᠢᠯᠠᠰ ᠴᠡᠭ᠎ᠲᠠᠢ ᠠᠳᠬᠤᠵᠤ᠂ ᠦᠷ᠎ᠡ ᠪᠦᠲᠦᠮᠵᠢ ᠭᠠᠷᠭ᠋ᠠᠵᠤ᠂ ᠪᠥᠬᠥ ᠲᠠᠯ᠎ᠠ ᠵᠢ ᠬᠠᠮᠤᠷᠤᠭᠰᠠᠨ᠂ ᠪᠥᠬᠥ ᠲᠠᠯ᠎ᠠ᠎ᠪᠠᠷ ᠠᠭᠤᠰᠤᠯᠴᠠᠭᠰᠠᠨ᠂ ᠪᠥᠬᠥ ᠴᠠᠷᠠᠭ᠎ᠠ ᠬᠦᠷᠢᠶ᠎ᠡ᠎ᠪᠠᠷ ᠥᠷᠭᠡᠵᠢᠭᠰᠡᠨ ᠰᠠᠢ᠌ᠨ ᠰᠠᠢ᠌ᠬᠠᠨ ᠪᠠᠢ᠌ᠳᠠᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠰᠡᠳᠬᠢᠯ᠎ᠳᠤ᠎ᠪᠠᠨ ᠬᠠᠳᠠᠩᠰᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠬᠦᠮᠦᠵᠢᠭᠦᠯᠦᠨ ᠬᠦᠲᠦᠯᠦᠨ ᠵᠢᠯᠤᠭᠤᠳᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ