11 ᠳ᠋ᠤᠬᠡᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠠᠮ᠎ᠤᠨ ᠭᠡᠰᠢᠭᠦᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠳᠡᠭᠡᠷ᠎ᠡ ᠨᠢᠭᠡ ᠬᠤᠭᠤᠴᠠᠭ᠋ᠠᠨ᠎ᠤ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠨᠠᠮ᠎ᠤᠨ ᠰᠦᠢᠳᠬᠡᠯ ᠬᠤᠷᠢᠶᠠᠵᠤ ᠬᠡᠷᠡᠭᠯᠡᠭᠰᠡᠨ ᠪᠠ ᠬᠠᠮᠢᠶᠠᠷᠤᠯᠳᠠ ᠵᠢᠨ ᠪᠠᠢ᠌ᠳᠠᠯ᠎ᠤᠨ ᠮᠡᠳᠡᠭᠦᠯᠦᠯᠲᠡ ᠵᠢ ᠬᠢᠨᠠᠨ ᠵᠦᠪᠯᠡᠨ ᠪᠠᠳᠤᠯᠠᠵᠤ᠂ ᠰᠢᠨ᠎ᠡ ᠨᠢᠭᠡ ᠬᠤᠭᠤᠴᠠᠭ᠋ᠠᠨ᠎ᠤ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠪᠠ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢ ᠰᠣᠩᠭᠣᠨ ᠭᠠᠷᠭ᠋ᠠᠪᠠ᠃

ᠬᠤᠷᠠᠯ᠎ᠠᠴᠠ᠂ ᠥᠩᠭᠡᠷᠡᠭᠰᠡᠨ ᠲᠠᠪᠤᠨ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠪᠣᠯᠤᠨ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠤᠭᠤᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠪᠠᠲᠤ ᠡᠵᠡᠮᠳᠡᠵᠦ᠂ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠣᠭᠤᠯᠵᠤ᠂ 《ᠨᠠᠮ᠎ᠤᠨ ᠪᠠᠢ᠌ᠭᠤᠯᠤᠯᠲᠠ + ᠦᠨᠳᠦᠰᠦᠲᠡᠨ᠎ᠤ ᠪᠦᠯᠬᠦᠮᠳᠡᠯ ᠳᠠᠪᠰᠢᠯᠲᠠ》 ᠵᠢᠨ ᠠᠵᠢᠯ᠎ᠤᠨ ᠬᠡᠪ ᠵᠠᠭᠪᠤᠷ ᠵᠶ᠋ᠠᠷ ᠥᠭᠡᠷᠡᠴᠢᠯᠡᠯᠲᠡ ᠵᠢ ᠪᠥᠬᠥ ᠬᠦᠴᠦᠨ ᠵᠶ᠋ᠡᠷ ᠵᠶ᠋ᠡᠨ ᠠᠳᠬᠤᠵᠤ᠂ ᠬᠥᠭᠵᠢᠯᠲᠡ ᠵᠢ ᠠᠬᠢᠭᠤᠯᠵᠤ᠂ ᠡᠯ᠎ᠡ ᠲᠦᠷᠦᠯ᠎ᠤᠨ ᠠᠵᠢᠯ᠎ᠢ ᠬᠥᠲᠥᠯᠦᠨ ᠳᠠᠭ᠋ᠠᠭᠤᠯᠵᠤ ᠰᠢᠨ᠎ᠡ ᠦᠷ᠎ᠡ ᠪᠦᠲᠦᠮᠵᠢ ᠤᠯᠤᠭᠰᠠᠨ ᠶᠤᠮ ᠬᠡᠵᠦ ᠵᠢᠭ᠋ᠠᠨ ᠭᠠᠷᠭ᠋ᠠᠪᠠ᠃

ᠬᠤᠷᠠᠯ᠎ᠠᠴᠠ᠂ ᠰᠢᠨ᠎ᠡ ᠨᠢᠭᠡ ᠬᠤᠭᠤᠴᠠᠭ᠋ᠠᠨ᠎ᠤ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠪᠠ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠂ ᠪᠠᠢ᠌ᠭᠤᠯᠭ᠎ᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠪᠦᠬᠦ ᠨᠠᠮ᠎ᠤᠨ ᠭᠡᠰᠢᠭᠦᠨ ᠺᠠᠳ᠋ᠷ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ᠎ᠢ ᠲᠤᠭᠳᠠᠭ᠋ᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠶ ᠤᠢ᠌ᠯᠠᠭ᠋ᠠᠵᠤ᠂ 《ᠳᠥᠷᠪᠡᠨ ᠤᠬᠠᠮᠰᠠᠷ》᠎ᠢ ᠦᠨᠡᠨ ᠬᠦ᠌ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠳᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠤᠨᠤᠯ᠎ᠤᠨ ᠵᠡᠪᠰᠡᠭᠯᠡᠯᠢ ᠬᠦᠴᠦᠯᠡᠨ ᠬᠦᠨᠵᠡᠬᠡᠢ᠌ᠷᠡᠬᠦᠯᠵᠦ᠂ ᠦᠨᠳᠦᠰᠦᠨ ᠱᠠᠲᠤᠨ᠎ᠤ ᠰᠠᠭᠤᠷᠢ ᠵᠢ ᠬᠦᠴᠦᠯᠡᠨ ᠪᠡᠬᠢᠵᠢᠬᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠬᠦᠴᠦᠯᠡᠨ ᠠᠬᠢᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠬᠡᠭᠰᠢᠯᠡᠬᠦᠯᠵᠦ᠂ ᠴᠢᠨᠠᠷ ᠰᠠᠢ᠌ᠲᠠᠶ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠪᠠᠳᠤᠯᠠᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠬᠦᠷᠬᠦ》 ᠬᠠᠷᠠᠯᠲᠠ ᠵᠢ ᠪᠡᠶᠡᠯᠡᠬᠦᠯᠬᠦ᠎ᠳᠤ ᠨᠡᠩ ᠶᠡᠬᠡ ᠤᠶᠤᠨ ᠤᠬᠠᠭ᠋ᠠᠨ ᠪᠠ ᠬᠦᠴᠦᠨ ᠴᠢᠳᠠᠯ ᠵᠢᠡᠨ ᠨᠡᠮᠡᠷᠢᠯᠡᠬᠦ ᠬᠡᠷᠡᠭᠳᠡᠢ ᠬᠡᠵᠦ ᠴᠢᠬᠤᠯᠠᠴᠢᠯᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ