ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠮᠣᠩᠭᠣᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ ᠰᠣᠷᠢᠯᠲᠠ ᠵᠢᠨ ᠥᠷᠲᠡᠭᠡ᠂ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠮᠣᠩᠭᠣᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ ᠰᠣᠷᠢᠯᠲᠠ ᠵᠢᠨ ᠥᠷᠲᠡᠭᠡ᠎ᠳᠤ ᠡᠷᠬᠢᠯᠡᠭᠰᠡᠨ ᠮᠣᠩᠭᠣᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ᠎ᠢ ᠨᠠᠷᠢᠨ ᠬᠢᠨᠠᠮᠠᠭ᠋ᠠᠢ ᠵᠢᠯᠤᠭᠣᠳᠴᠤ᠂ ᠪᠤᠯᠪᠠᠰᠤᠷᠠᠯ ᠰᠣᠷᠢᠯᠲᠠ ᠵᠢᠨ ᠲᠤᠰᠬᠠᠢ ᠮᠡᠷᠭᠡᠵᠢᠯᠲᠡᠨ᠎ᠢ ᠲᠠᠨᠢᠯᠴᠠᠭᠤᠯᠬᠤ᠂ ᠰᠣᠷᠢᠯᠲᠠ ᠵᠢᠨ ᠰᠡᠳᠦᠪ ᠬᠠᠩᠭ᠋ᠠᠬᠤ᠂ ᠲᠤᠬᠠᠢ ᠵᠢᠨ ᠲᠠᠯᠠᠪᠠᠢ ᠵᠢᠨ ᠵᠢᠯᠣᠭᠣᠳᠤᠯᠭ᠎ᠠ ᠬᠢᠬᠦ᠂ ᠰᠢᠯᠭ᠋ᠠᠯᠲᠠ ᠵᠢᠨ ᠦᠷ᠎ᠡ ᠳ᠋ᠦᠩ᠎ᠢ ᠳᠠᠬᠢᠨ ᠬᠢᠨᠠᠬᠤ᠂ ᠦᠨᠡᠮᠯᠡᠯ ᠣᠯᠭᠣᠬᠤ ᠵᠡᠷᠭᠡ ᠠᠵᠢᠯ᠎ᠢ ᠡᠮᠬᠢ ᠵᠢᠷᠤᠮ᠎ᠲᠠᠢ ᠰᠠᠢ᠌ᠲᠤᠷ ᠬᠢᠵᠦ᠂ ᠰᠢᠯᠭ᠋ᠠᠯᠲᠠ᠎ᠳᠤ ᠣᠷᠤᠯᠴᠠᠭᠰᠠᠨ 113 ᠬᠥᠮᠥᠨ᠎ᠤ ᠬᠢᠷᠢ ᠬᠡᠮᠵᠢᠶ᠎ᠡ᠎ᠨᠢ ᠴᠦᠮ ᠪᠠᠷᠢᠮᠵᠢᠶ᠎ᠠ᠎ᠳᠤ ᠬᠦᠷᠪᠡ᠃
ᠮᠣᠩᠭᠣᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ ᠰᠤᠷᠢᠯᠳᠠ ᠵᠢᠨ ᠠᠵᠢᠯ᠎ᠨᠢ ᠪᠥᠬᠥ ᠣᠷᠣᠨ᠎ᠤ ᠰᠣᠶᠣᠯ ᠰᠤᠷᠭ᠋ᠠᠨ ᠬᠥᠮᠦᠵᠢᠯ᠂ ᠰᠣᠨᠢᠨ ᠮᠡᠳᠡᠭᠡ ᠬᠡᠪᠯᠡᠯ ᠵᠡᠷᠭᠡ ᠠᠵᠢᠯ ᠲᠥᠷᠥᠯ᠎ᠤᠨ᠎ᠬᠢᠨ᠎ᠤ ᠮᠣᠩᠭᠣᠯ ᠦᠭᠡ ᠬᠡᠯᠡ ᠥᠰᠥᠭ ᠪᠢᠴᠢᠭ᠎ᠢ ᠳᠦᠷᠢᠮᠵᠢᠭᠦᠯᠦᠨ ᠬᠡᠷᠡᠭᠯᠡᠬᠦ᠎ᠳᠤ ᠴᠠᠭ ᠲᠤᠬᠠᠢᠳᠤᠨᠢ ᠪᠦᠲᠦᠮᠵᠢᠲᠡᠶ ᠦᠢ᠍ᠯᠡᠴᠢᠯᠡᠭᠡ ᠬᠠᠩᠭ᠋ᠠᠵᠤ᠂ ᠨᠡᠢ᠌ᠭᠡᠮ᠎ᠤᠨ ᠣᠯᠠᠨ ᠶᠠᠩᠵᠤᠲᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠮᠣᠩᠭᠣᠯ ᠦᠭᠡ ᠬᠡᠯᠡ ᠥᠰᠥᠭ ᠪᠢᠴᠢᠭ᠎ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠮᠡᠳᠡᠭᠡ ᠵᠠᠩᠬᠢᠴᠢᠯᠠᠯᠲᠠ ᠵᠢᠨ ᠪᠠᠢ᠌ᠭᠤᠯᠤᠯᠲᠠ ᠵᠢ ᠠᠬᠢᠭᠤᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠪᠥᠬᠥ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ᠎ᠨᠦᠭᠦᠳ᠎ᠤᠨ ᠦᠭᠡ ᠬᠡᠯᠡ ᠥᠰᠥᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠵᠢ ᠬᠦᠨᠳᠦᠳᠬᠡᠨ ᠪᠠᠳᠤᠯᠠᠬᠤ ᠵᠢ ᠠᠬᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠤᠭᠴᠠᠯᠠᠬᠤ᠎ᠳᠤ ᠬᠦᠴᠦᠨ ᠨᠡᠮᠡᠷᠢᠯᠡᠪᠡ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ