ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠨᠠᠮ᠎ᠤᠨ ᠪᠠᠢ᠌ᠭᠤᠯᠤᠯᠲᠠ᠎ᠪᠠᠷ ᠬᠦᠳᠦᠯᠦᠮᠵᠢ ᠪᠤᠯᠭ᠋ᠠᠨ ᠬᠠᠮᠳᠤᠷᠠᠯ᠎ᠤᠨ ᠬᠦᠴᠦᠨ᠎ᠢ ᠨᠢᠭᠲᠠᠷᠠᠭᠤᠯᠵᠤ ᠦᠨᠳᠦᠰᠦᠲᠡᠨ᠎ᠨᠦᠭᠦᠳ᠎ᠢ ᠪᠦᠯᠬᠦᠮᠳᠡᠭᠦᠯᠵᠦ ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠪᠤᠢ — ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠳᠠ ᠵᠢᠨ 2024 ᠣᠨ᠎ᠤ ᠠᠵᠢᠯ᠎ᠤᠨ ᠡᠷᠬᠢᠴᠡᠬᠦᠯᠦᠯ
ᠨᠡᠶ᠋ᠢᠲᠡᠯᠡᠭᠰᠡᠨ ᠴᠠᠭ᠄ 2024-12-31

      ᠡᠷᠬᠢᠴᠡᠭᠦᠯᠦᠨ ᠳ᠋ᠦᠩᠨᠡᠵᠦ ᠡᠷᠡᠮᠡᠬᠡᠢ᠌ᠯᠡᠨ ᠤᠷᠤᠭᠰᠢᠯᠠᠪᠠ᠃ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠨᠢ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠰᠢᠵᠦ᠂ ᠭᠣᠣᠯᠳᠠᠯᠭ᠎ᠠ ᠵᠢ ᠠᠳᠬᠤᠵᠤ᠂ ᠪᠠᠭᠤᠷᠠᠢ ᠵᠦᠢ᠍ᠯ᠎ᠢ ᠬᠦᠴᠦᠷᠭᠡᠭᠵᠢᠬᠦᠯᠵᠦ᠂ ᠣᠨᠴᠠᠯᠢᠭ᠎ᠢ ᠡᠭᠦᠳᠴᠦ᠂ ᠬᠢᠯᠠᠰ ᠴᠡᠭ᠎ᠢ ᠢᠯᠡᠷᠡᠬᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃
      ᠨᠢᠭᠡ᠂ ᠤᠯᠤᠰ ᠲᠦᠷᠦ᠎ᠪᠠᠷ ᠬᠥᠲᠥᠯᠥᠨ ᠳᠠᠭ᠋ᠠᠭᠤᠯᠬᠤ ᠵᠢ ᠲᠤᠪᠤᠢ᠍ᠢ᠍ᠯᠭ᠋ᠠᠵᠦ᠂ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ ᠪᠠᠢ᠌ᠬᠤ᠎ᠪᠠᠷ ᠨᠢᠭᠡᠳᠦᠭᠡᠷ ᠪᠠᠷᠢᠮᠵᠢᠶ᠎ᠠ ᠪᠣᠯᠭ᠋ᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠦᠢ᠍ᠯᠡᠳᠦᠯᠭᠡᠵᠢᠭᠦᠯᠵᠦ᠂ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠡᠷᠡᠰ ᠭᠤᠢ᠌ᠪᠢᠰᠢ ᠦᠭᠡᠢ ᠭᠦᠨᠵᠡᠭᠡᠢ᠌ᠷᠡᠭᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠪᠠ᠃ ᠤᠯᠤᠰ ᠲᠦᠷᠦ ᠵᠢᠨ ᠬᠢᠨᠠᠯᠲᠠ ᠵᠢ ᠴᠢᠩᠭ᠋ᠠᠳᠬᠠᠪᠠ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠤᠯᠤᠰ ᠲᠦᠷᠦ ᠵᠢᠨ ᠬᠢᠨᠠᠯᠲᠠ ᠲᠠᠯᠪᠢᠬᠤ ᠲᠠᠩᠰᠠ ᠵᠢ ᠨᠠᠷᠢᠯᠢᠭᠵᠢᠭᠤᠯᠵᠤ᠂ 《ᠨᠢᠭᠡᠳᠦᠭᠡᠷ ᠭᠠᠷ》᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠦᠷᠢᠵᠢᠭᠤᠯᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠭᠦᠢ᠍ᠴᠡᠳᠬᠡᠬᠦ ᠵᠡᠷᠭᠡ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ᠎ᠤᠨ ᠭᠣᠣᠯᠳᠠᠯᠭ᠎ᠠ ᠪᠣᠯᠣᠨ 《ᠬᠣᠶᠠᠷ ᠨᠠᠷᠢᠨ ᠲᠠᠩᠰᠠ》 ᠵᠢ ᠲᠣᠭᠲᠠᠭ᠋ᠠᠨ ᠭᠡᠷᠡᠭᠵᠢᠬᠦᠯᠪᠡ᠃ ᠤᠯᠤᠰ ᠲᠦᠷᠦ ᠵᠢᠨ ᠠᠮᠢᠳᠤᠷᠠᠯ᠎ᠢ ᠲᠥᠪ ᠴᠢᠩᠭ᠎ᠠ ᠪᠣᠯᠭ᠋ᠠᠪᠠ᠃ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠤᠭᠤᠴᠠᠭ᠎ᠠ ᠰᠣᠯᠢᠬᠤ ᠰᠣᠩᠭᠣᠭᠤᠯᠢ ᠵᠢ ᠲᠣᠭᠲᠠᠭᠰᠠᠨ ᠬᠤᠭᠤᠴᠠᠭ᠋ᠠᠨ᠎ᠳᠤ᠎ᠨᠢ ᠪᠡᠶᠡᠯᠡᠭᠦᠯᠪᠡ᠃ ᠤᠳᠤᠷᠢᠳᠬᠤ ᠪᠠᠭ᠎ᠤᠨ ᠪᠦᠷᠢᠯᠳᠦᠭᠦᠨ ᠡᠩ᠎ᠤᠨ ᠨᠠᠮ᠎ᠤᠨ ᠭᠡᠰᠢᠭᠦᠨ᠎ᠤ ᠬᠤᠪᠢ᠎ᠪᠠᠷ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠳᠤ ᠣᠷᠣᠯᠴᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠬᠠᠷᠢᠯᠴᠠᠬᠤ ᠴᠡᠭ᠎ᠲᠤ ᠬᠦᠷᠴᠦ ᠠᠵᠢᠯ ᠵᠢᠯᠤᠭᠤᠳᠪᠠ᠃ ᠨᠠᠮ᠎ᠤᠨ ᠡᠭᠦᠷ᠎ᠤᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢᠨ ᠵᠢᠯᠣᠭᠣᠳᠤᠮᠵᠢ ᠵᠢᠨ ᠭᠠᠷ ᠳᠡᠪᠲᠡᠷ ᠪᠣᠯᠣᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠰᠠᠷ᠎ᠠ ᠵᠢᠨ ᠵᠢᠯᠣᠭᠣᠳᠤᠮᠵᠢ ᠵᠢ ᠨᠠᠢ᠌ᠷᠠᠭᠤᠯᠤᠨ ᠳᠠᠷᠤᠮᠠᠯᠯᠠᠵᠤ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ 《ᠭᠠᠷᠠᠭ᠎ᠤᠨ ᠲᠣᠬᠢᠷᠠᠭᠤᠯᠤᠯᠲᠠ᠂ ᠰᠠᠷ᠎ᠠ ᠵᠢᠨ ᠪᠠᠢ᠌ᠴᠠᠭ᠋ᠠᠯᠲᠠ》 ᠵᠢᠨ ᠬᠡᠳᠡᠷᠬᠦ ᠰᠢᠬᠠᠮᠳᠠᠭᠤᠯᠬᠤ ᠠᠷᠭ᠎ᠠ ᠬᠡᠮᠵᠢᠶ᠎ᠡ᠎ᠪᠠᠷ ᠨᠠᠮ᠎ᠤᠨ ᠡᠭᠦᠷ᠎ᠤᠨ ᠰᠤᠷᠤᠯᠴᠠᠯᠭ᠎ᠠ᠂ ᠵᠢᠭᠰᠠᠭ᠋ᠠᠯ᠎ᠤᠨ ᠭᠠᠵᠠᠷ᠎ᠤᠨ ᠪᠠᠢ᠌ᠭᠤᠯᠤᠯᠲᠠ᠂ ᠳᠦᠷᠢᠮ᠎ᠤᠨ ᠨᠠᠢ᠌ᠳᠠᠪᠤᠷᠢᠵᠢᠭᠤᠯᠤᠯᠲᠠ ᠵᠢᠨ ᠪᠠᠢ᠌ᠳᠠᠯ᠎ᠢ ᠨᠡᠢ᠌ᠳᠡᠮ ᠪᠠᠢ᠌ᠴᠠᠭ᠋ᠠᠪᠠ᠃ 《ᠨᠢᠭᠡ ᠨᠠᠮ᠎ᠤᠨ ᠡᠬᠦᠷ  ᠨᠢᠭᠡ ᠨᠠᠷᠠᠲᠤ ᠲᠡᠮᠳᠡᠭᠲᠦ》 ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠪᠠ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠰᠢᠯᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ 1 ᠪᠠᠲᠤ ᠴᠢᠩᠭ᠎ᠠ ᠪᠡᠬᠢᠯᠡᠯᠲᠡ ᠵᠢᠨ ᠨᠠᠮ᠎ᠤᠨ ᠡᠭᠦᠷ 1᠂ ᠪᠡᠬᠢᠯᠡᠯᠲᠡ ᠵᠢᠨ ᠨᠠᠮ᠎ᠤᠨ ᠡᠭᠦᠷ 8 ᠵᠢ ᠪᠠᠢ᠌ᠭᠤᠯᠪᠠ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠴᠢᠩᠭ᠋ᠠᠳᠬᠠᠪᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠨᠠᠷᠢᠨ ᠳᠠᠩᠰᠠ ᠵᠢ ᠲᠣᠭᠲᠠᠭ᠋ᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠳᠤ ᠴᠠᠭ ᠲᠤᠬᠠᠢ᠎ᠳᠤ᠎ᠨᠢ ᠲᠣᠬᠢᠷᠠᠭᠤᠯᠤᠯᠲᠠ ᠬᠢᠵᠦ᠂ ᠣᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠡᠭᠦᠷᠭᠡ ᠵᠢᠨ ᠨᠠᠷᠢᠨ ᠳᠠᠩᠰᠠ ᠪᠠ ᠲᠦᠭᠰᠢᠭᠦᠷᠢ ᠵᠢᠨ ᠴᠡᠭ᠎ᠢ ᠰᠡᠷᠭᠡᠢ᠌ᠯᠡᠨ ᠡᠵᠡᠮᠳᠡᠬᠦ ᠳᠠᠩᠰᠠ ᠵᠢ ᠲᠣᠭᠲᠠᠭ᠋ᠠᠨ ᠲᠠᠷᠬᠠᠭ᠋ᠠᠵᠤ᠂ ᠨᠠᠮ᠎ᠤᠨ ᠤᠳᠤᠷᠢᠳᠬᠤ ᠳᠤᠭᠤᠢ᠌ᠯᠠᠩ ᠨᠢᠭᠡᠳᠦᠯᠲᠡᠢ ᠤᠳᠤᠷᠢᠳᠤᠭᠰᠠᠨ᠂ ᠤᠳᠤᠷᠢᠳᠬᠤ ᠪᠠᠭ᠎ᠤᠨ ᠪᠦᠷᠢᠯᠳᠦᠭᠦᠨ ᠵᠡᠷᠭᠡ᠎ᠪᠠᠷ ᠠᠳᠬᠤᠵᠤ ᠬᠠᠮᠲᠦ᠎ᠪᠠᠷ ᠬᠠᠮᠢᠶᠠᠷᠤᠭᠰᠠᠨ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠣᠬᠢᠶᠠᠨ ᠪᠠᠢ᠌ᠭᠤᠯᠵᠤ  ᠵᠤᠬᠢᠴᠠᠭᠤᠯᠤᠭᠰᠠᠨ᠂ ᠡᠯ᠎ᠡ ᠨᠠᠮ᠎ᠤᠨ ᠡᠭᠦᠷ ᠠᠵᠢᠯ ᠬᠤᠪᠢᠶᠠᠷᠢᠯᠠᠵᠦ ᠬᠠᠷᠢᠭᠤᠴᠠᠭᠰᠠᠨ ᠪᠦᠬᠦ ᠶᠠᠪᠤᠴᠠ᠎ᠳᠤ ᠪᠦᠬᠦ ᠭᠡᠰᠢᠬᠦᠳ ᠤᠷᠤᠯᠴᠠᠭᠰᠠᠨ ᠠᠵᠢᠯ᠎ᠤᠨ  ᠵᠢᠭᠰᠠᠭ᠋ᠠᠯ᠎ᠤᠨ ᠭᠠᠵᠠᠷ᠎ᠢ ᠪᠠᠢ᠌ᠭᠤᠯᠪᠠ᠃ ᠲᠤᠰᠬᠠᠢ ᠰᠡᠳᠦᠪᠲᠦ ᠪᠤᠯᠪᠠᠰᠤᠷᠠᠯ᠎ᠢ ᠡᠷᠭᠢᠯᠡᠵᠦ᠂ ᠨᠠᠮ᠎ᠤᠨ ᠡᠭᠦᠷ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠤᠬᠢᠷᠠᠭᠤᠯᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠬᠠᠭ᠋ᠠᠰ ᠵᠢᠯ ᠪᠦᠷᠢ ᠨᠢᠭᠡ ᠤᠳᠠᠭ᠎ᠠ ᠲᠤᠰᠬᠠᠢ ᠰᠡᠳᠦᠪ ᠵᠶ᠋ᠡᠷ ᠰᠤᠳᠤᠯᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠢ᠌ᠯᠡᠬᠦ᠂  ᠵᠠᠳᠠᠯᠤᠯᠳᠠ ᠬᠢᠵᠦ  ᠰᠤᠳᠤᠯᠤᠨ ᠮᠠᠭ᠋ᠠᠳᠯᠠᠬᠤ ᠪᠠ ᠰᠢᠢ᠍ᠳᠪᠦᠷᠢᠯᠡᠬᠦ ᠠᠵᠢᠯ᠎ᠢ ᠬᠦᠴᠦᠲᠡᠢ ᠰᠠᠢ᠌ᠲᠤᠷ ᠬᠢᠪᠡ᠃

1.jpg  
       ᠬᠣᠶᠠᠷ᠂ ᠤᠨᠤᠯ᠎ᠤᠨ ᠰᠠᠭᠤᠷᠢ ᠵᠢ ᠪᠡᠬᠢᠵᠢᠬᠦᠯᠬᠦ ᠵᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠬᠤ᠎ᠪᠠᠷ ᠨᠢᠭᠡᠳᠦᠭᠡᠷ ᠬᠥᠳᠡᠯᠭᠡᠬᠦ ᠬᠦᠴᠦᠨ ᠪᠣᠯᠭ᠋ᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠡᠨ ᠨᠢᠬᠳᠠᠷᠠᠭᠤᠯᠵᠤ ᠰᠦᠭ ᠰᠦᠨᠡᠰᠦ᠎ᠪᠠᠨ ᠱᠤᠭᠤᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷ᠎ᠤᠨ 《ᠬᠣᠶᠠᠷ᠎ᠢ ᠲᠣᠭᠲᠠᠭ᠋ᠠᠬᠤ》 ᠵᠢ ᠦᠨᠡᠨᠴᠢ ᠰᠢᠳᠤᠷᠭᠤ᠎ᠪᠠᠷ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠦᠷᠦ ᠵᠢᠨ ᠤᠬᠠᠮᠰᠠᠷ ᠦᠵᠡᠯ ᠰᠠᠨᠠᠭ᠋ᠠᠨ᠎ᠤ ᠤᠬᠠᠮᠰᠠᠷ ᠦᠢ᠍ᠯᠡ ᠠᠵᠢᠯᠯᠠᠭ᠋ᠠᠨ᠎ᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢ ᠪᠣᠳᠠᠲᠠᠢ ᠠᠳᠬᠤᠪᠠ᠃ 《ᠨᠢᠭᠡᠳᠦᠭᠡᠷ ᠵᠥᠪᠯᠡᠬᠦ ᠰᠡᠳᠦᠪ》᠎ᠤᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠬᠤ ᠲᠥᠯᠥᠪᠯᠡᠭᠡ ᠵᠢ ᠲᠣᠭᠲᠠᠭ᠋ᠠᠵᠤ᠂ 《ᠰᠤᠷᠤᠯᠴᠠᠬᠤ ᠵᠢᠨ ᠳᠠᠭ᠋ᠠᠤ ᠰᠤᠳᠤᠯᠤᠨ ᠶᠠᠷᠢᠯᠴᠠᠵᠤ᠂ ᠠᠵᠢᠯᠯᠠᠬᠤ ᠵᠢᠨ ᠳᠠᠭ᠋ᠠᠤ ᠳ᠋ᠦᠩᠨᠡᠬᠦ》᠂ 《ᠲᠦᠷᠪᠡᠨ ᠠᠯᠬᠤᠮ ᠵᠶ᠋ᠡᠷ ᠰᠤᠷᠤᠯᠴᠠᠬᠤ ᠠᠷᠭ᠎ᠠ》 ᠵᠢ ᠭᠡᠷᠡᠭᠯᠡᠵᠦ ᠬᠠᠮᠲᠤ ᠵᠢᠨ ᠰᠤᠷᠤᠯᠴᠠᠯᠭ᠎ᠠ ᠵᠢ 35 ᠤᠳᠠᠭ᠎ᠠ ᠡᠷᠬᠢᠯᠡᠵᠦ᠂ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢ 9 ᠬᠤᠭᠤᠴᠠᠭ᠎ᠠ ᠥᠷᠨᠢᠭᠦᠯᠵᠦ᠂ 10 ᠤᠳᠠᠭ᠎ᠠ ᠲᠦᠪᠯᠡᠷᠡᠬᠦᠯᠵᠦ ᠰᠤᠳᠤᠯᠤᠨ  ᠶᠠᠷᠢᠯᠴᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠴᠢᠬᠤᠯᠠ ᠥᠭᠦᠯᠡᠯᠲᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠰᠤᠳᠤᠯᠤᠨ ᠶᠠᠷᠢᠯᠴᠠᠬᠤ ᠬᠤᠷᠠᠯ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠲᠠᠢ᠌ᠯᠤᠮᠵᠢ ᠵᠢᠴᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠤᠬᠠᠭᠤᠯᠤᠨ ᠲᠠᠢ᠌ᠯᠪᠤᠷᠢᠯᠠᠬᠤ ᠮᠡᠳᠡᠭᠦᠯᠦᠯᠲᠡ ᠵᠢᠨ ᠬᠤᠷᠠᠯ᠎ᠢ ᠬᠤᠷᠠᠯᠳᠤᠭᠤᠯᠵᠦ᠂ 《ᠤᠷᠮᠠᠳᠠᠢ ᠤᠩᠰᠢᠵᠦ ᠤᠭ ᠰᠠᠨᠠᠭ᠎ᠠ ᠵᠢ ᠤᠢ᠌ᠯᠠᠭ᠋ᠠᠬᠤ》 ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠵᠢ ᠲᠠᠷᠢᠬᠢ ᠲᠣᠯᠣᠭ᠋ᠠᠢ᠎ᠳᠤ ᠬᠠᠳᠠᠩᠰᠢᠭᠤᠯᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠪᠠ᠃ ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ ᠵᠢ ᠰᠠᠢ᠌ᠳᠤᠷ ᠠᠳᠬᠤᠪᠠ᠃ ᠵᠠᠯᠠᠭᠤᠴᠤᠳ᠎ᠤᠨ ᠤᠨᠤᠯ ᠰᠤᠷᠤᠯᠴᠠᠬᠤ ᠲᠥᠯᠥᠭᠡᠯᠡᠭᠴᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ᠎ᠳᠤ ᠰᠤᠯᠠ ᠣᠷᠣᠯᠴᠠᠬᠤ ᠲᠦᠷᠢᠮ᠎ᠢ ᠪᠠᠷᠢᠮᠲᠠᠯᠠᠵᠤ᠂ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠂ ᠰᠤᠳᠤᠯᠤᠨ ᠶᠠᠷᠢᠯᠴᠠᠬᠤ ᠬᠠᠷᠢᠭᠤ ᠮᠡᠳᠡᠭᠦᠯᠦᠯᠲᠡ ᠵᠢᠨ ᠬᠤᠷᠠᠯ᠂ ᠶᠠᠷᠢᠯᠴᠠᠬᠤ ᠬᠤᠷᠠᠯ᠎ᠢ ᠡᠷᠬᠢᠯᠡᠪᠡ᠃ ᠵᠠᠯᠠᠭᠤ ᠺᠠᠳ᠋ᠷ᠎ᠢ ᠵᠣᠬᠢᠶᠠᠨ ᠪᠠᠢ᠌ᠭᠤᠯᠵᠦ 35 ᠬᠤᠭᠤᠴᠠᠭ᠋ᠠᠨ᠎ᠤ ᠪᠢᠴᠢᠯ ᠨᠠᠮ᠎ᠤᠨ ᠬᠢᠴᠢᠶᠡᠯ᠎ᠢ ᠰᠢᠩᠭᠡᠬᠡᠨ ᠦᠢ᠍ᠯᠡᠳᠴᠦ᠂ ᠵᠠᠯᠠᠭᠤ ᠺᠠᠳ᠋ᠷ᠎ᠤᠨ 《ᠠᠵᠢᠯ ᠵᠶ᠋ᠠᠨ ᠬᠢᠯᠠᠯᠵᠠᠭᠤᠯᠵᠦ᠂ ᠠᠮᠵᠢᠯᠲᠠ᠎ᠪᠠᠨ ᠭᠠᠢ᠌ᠭ᠋ᠠᠬᠤᠯᠵᠦ᠂  ᠲᠦᠷᠦᠭᠳᠡᠯ ᠵᠶ᠋ᠡᠨ ᠶᠠᠷᠢᠵᠦ᠂ ᠣᠯᠣᠯᠲᠠ᠎ᠪᠠᠨ ᠬᠤᠪᠢᠶᠠᠯᠴᠠᠵᠦ᠂ ᠦᠰᠦᠨ ᠪᠤᠢ᠌ᠵᠢᠵᠦ᠂ ᠢᠷᠡᠭᠡᠳᠦᠢ᠎ᠪᠠᠨ ᠲᠦᠯᠦᠪᠯᠡᠬᠦ》 ᠵᠢ ᠵᠣᠷᠢᠭᠵᠢᠭᠤᠯᠵᠤ᠂ ᠵᠠᠯᠠᠭᠤ ᠺᠠᠳ᠋ᠷ᠎ᠤᠨ ᠰᠢᠯᠢᠳᠡᠭ᠎ᠢ ᠡᠭᠦᠳᠴᠦ ᠲᠡᠷᠢᠭᠦᠨ ᠪᠣᠯᠬᠤ᠎ᠪᠠᠷ ᠴᠢᠷᠮᠠᠢ᠌ᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠤᠯᠭ᠋ᠠᠪᠠ᠃ ᠨᠢᠭᠡᠳᠦᠮᠡᠯ ᠹᠷᠣᠨᠲ ᠤᠯᠠᠨ ᠲᠦᠮᠡᠨ᠎ᠤ ᠪᠦᠯᠬᠦᠮ᠎ᠤᠨ ᠠᠵᠢᠯ᠎ᠢ ᠠᠮᠢᠳᠤᠯᠢᠭ ᠠᠳᠬᠤᠪᠠ᠃ ᠴᠥᠭᠡᠨ ᠲᠣᠭ᠋ᠠᠲᠤ ᠦᠨᠳᠦᠰᠦᠲᠡᠨ᠎ᠤ ᠲᠦᠯᠦᠭᠡᠯᠡᠭᠴᠢ ᠪᠠ ᠠᠷᠠᠳᠴᠢᠯᠠᠭᠰᠠᠨ ᠨᠠᠮ ᠪᠦᠯᠦᠭ᠎ᠤᠨ ᠺᠠᠳ᠋ᠷ᠎ᠤᠨ ᠨᠡᠷᠡᠰ᠎ᠤᠨ ᠪᠦᠷᠢᠳᠭᠡᠯ᠎ᠢ ᠪᠠᠢ᠌ᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ᠃ ᠺᠠᠳ᠋ᠷ ᠠᠵᠢᠯᠲᠠᠨ ᠠᠵᠢᠯᠴᠢᠨ᠎ᠢ ᠢᠳᠡᠪᠬᠢᠲᠡᠢ᠎ᠪᠠᠷ ᠵᠣᠬᠢᠶᠠᠨ  ᠪᠠᠢ᠌ᠭᠤᠯᠵᠦ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠦᠪᠯᠡᠯ᠎ᠤᠨ ᠡᠷᠬᠢᠯᠡᠭᠰᠡᠨ ᠡᠯ᠎ᠡ ᠲᠦᠷᠦᠯ᠎ᠤᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠎ᠳᠤ ᠣᠷᠣᠯᠴᠠᠭᠤᠯᠵᠤ᠂ ᠠᠵᠢᠯᠲᠠᠨ ᠠᠵᠢᠯᠴᠢᠨ᠎ᠤ ᠰᠣᠨᠢᠷᠬᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠢᠳᠡᠷᠡᠭᠦᠨ ᠠᠯᠬᠤᠭ᠎ᠠ ᠵᠢᠴᠢ ᠪᠢᠴᠢᠯᠭᠡ ᠤᠷᠠᠨ ᠵᠢᠷᠤᠭ ᠬᠠᠢ᠌ᠴᠢᠯᠠᠮᠠᠯ᠎ᠤᠨ ᠪᠦᠲᠦᠭᠡᠯ᠎ᠤᠨ ᠳᠡᠯᠭᠡᠨ ᠦᠵᠡᠭᠦᠯᠬᠦ ᠠᠵᠢᠯᠯᠠᠭ᠎ᠠ ᠵᠢ ᠡᠷᠬᠢᠯᠡᠪᠡ᠃ ᠪᠠᠢ᠌ᠭᠤᠯᠭ᠎ᠠ ᠵᠢᠨ ᠴᠡᠷᠢᠭ᠎ᠠᠴᠠ ᠬᠠᠯᠠᠬᠳᠠᠭᠰᠠᠳ᠂ ᠵᠠᠯᠠᠭᠤ ᠺᠠᠳ᠋ᠷ᠂ ᠠᠵᠢᠯ᠎ᠠᠴᠠ᠎ᠪᠠᠨ ᠠᠮᠠᠷᠠᠭᠰᠠᠨ ᠺᠠᠳ᠋ᠷ᠎ᠢ ᠵᠣᠬᠢᠶᠠᠨ ᠪᠠᠢ᠌ᠭᠤᠯᠤᠨ ᠶᠠᠷᠢᠯᠴᠠᠨ ᠰᠣᠯᠢᠯᠴᠠᠭᠤᠯᠵᠤ᠂ ᠺᠠᠳ᠋ᠷ᠎ᠤᠨ ᠡᠩᠨᠡᠭᠡᠨ᠎ᠤ ᠴᠤᠭ ᠰᠦᠯᠳᠡ ᠵᠢ ᠤᠯᠠᠮ ᠨᠢᠭᠡ ᠠᠯᠬᠤᠮ ᠬᠥᠭᠵᠢᠭᠡᠵᠦ᠂ ᠨᠢᠭᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ  ᠴᠢᠩᠭ᠋ᠠᠳᠬᠠᠪᠠ᠃


2.jpg

       ᠭᠤᠷᠪᠠ᠂ ᠢᠮᠠᠭᠲᠠ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ᠂ ᠣᠪᠣᠷ ᠰᠤᠷᠲᠠᠯ ᠴᠢᠩᠭ᠎ᠠ ᠪᠠᠢ᠌ᠬᠤ᠎ᠪᠠᠷ ᠨᠢᠭᠡᠳᠦᠭᠡᠷ ᠪᠠᠲᠤᠯᠠᠭ᠎ᠠ ᠪᠣᠯᠭ᠋ᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠬᠢᠨᠠᠯᠲᠠ ᠲᠠᠯᠪᠢᠵᠤ ᠬᠢᠵᠠᠭ᠋ᠠᠷᠯᠠᠬᠤ ᠵᠢ ᠢᠮᠠᠭᠲᠠ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠴᠢᠩᠭ᠎ᠠ ᠬᠦᠴᠦᠲᠡᠢ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠪᠠ᠃ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠯᠲᠠ ᠲᠠᠯᠪᠢᠬᠤ ᠲᠣᠭᠲᠠᠴᠠ ᠵᠢ ᠲᠠᠰᠤᠷᠠᠯᠲᠠ ᠦᠭᠡᠢ ᠴᠢᠩᠭ᠋ᠠᠳᠬᠠᠪᠠ᠃ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠡ ᠵᠢᠨ ᠠᠵᠢᠯ᠎ᠤᠨ ᠳᠦᠷᠢᠮ᠎ᠢ ᠲᠣᠭᠲᠠᠭ᠋ᠠᠨ ᠲᠠᠷᠬᠠᠭ᠋ᠠᠵᠤ᠂ ᠬᠠᠷᠠᠯᠲᠠ ᠡᠭᠦᠷᠭᠡ᠂ ᠠᠵᠢᠯ᠎ᠤᠨ ᠪᠠᠷᠢᠮᠵᠢᠶ᠎ᠠ ᠵᠡᠷᠭᠡ ᠲᠠᠯ᠎ᠠ᠎ᠠᠴᠠ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠪᠠᠢ᠌ᠭᠤᠯᠤᠯᠲᠠ ᠵᠢᠨ 《ᠭᠤᠷᠪᠠᠨ ᠬᠡᠮᠵᠢᠯᠲᠦ ᠪᠡᠶᠡᠲᠦ ᠵᠢᠷᠤᠭ》᠎ᠢ ᠵᠢᠷᠤᠮᠵᠢᠭᠤᠯᠤᠨ ᠲᠣᠳᠣᠷᠬᠠᠢ᠌ᠯᠠᠵᠤ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠡ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ 《ᠳᠥᠷᠪᠡ ᠵᠢ ᠰᠠᠨᠠᠭᠤᠯᠵᠤ ᠳᠥᠷᠪᠡ ᠵᠢ ᠵᠠᠪᠠᠯ ᠶᠠᠷᠢᠯᠴᠠᠬᠤ》 ᠳᠦᠷᠢᠮ᠎ᠢ ᠬᠡᠷᠡᠭᠵᠢᠭᠦᠯᠵᠦ᠂ ᠴᠢᠬᠤᠯᠠ ᠵᠠᠩᠭᠢᠯᠠᠭ᠎ᠠ ᠵᠢᠨ ᠴᠡᠭ᠎ᠲᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠠᠨᠠᠭᠤᠯᠭ᠎ᠠ ᠵᠢ ᠳᠠᠷᠤᠮᠠᠯᠯᠠᠨ ᠲᠠᠷᠬᠠᠭ᠋ᠠᠵᠤ᠂ 《ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ》᠎ᠲᠤ ᠱᠠᠲᠤ ᠱᠠᠲᠤ᠎ᠪᠠᠷ ᠭᠠᠷ᠎ᠤᠨ ᠦᠰᠦᠭ ᠵᠢᠷᠤᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠶᠠᠷᠢᠯᠴᠠᠭ᠎ᠠ ᠵᠢ ᠨᠡᠢ᠌ᠳᠡᠮᠵᠢᠭᠦᠯᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠬᠠᠮᠢᠶᠠᠷᠤᠯᠲᠠ ᠵᠢᠨ ᠠᠵᠢᠯ᠎ᠤᠨ ᠲᠠᠨᠭ᠌ᠰᠠ ᠪᠠ ᠺᠠᠳ᠋ᠷ ᠠᠵᠢᠯᠲᠠᠨ ᠠᠵᠢᠯᠴᠢᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠠᠨᠭ᠌ᠰᠠ ᠡᠪᠬᠡᠮᠡᠯ᠎ᠢ ᠪᠠᠢ᠌ᠭᠤᠯᠵᠤ᠂ ᠬᠢᠨᠠᠯᠲᠠ ᠲᠠᠯᠪᠢᠵᠤ ᠵᠢᠯᠤᠭᠣᠳᠬᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠬᠦᠴᠦᠲᠡᠢ ᠪᠥᠭᠡᠳ ᠡᠮᠬᠢ ᠵᠢᠷᠤᠮ᠎ᠲᠠᠢ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃ ᠰᠤᠷᠲᠠᠯ᠎ᠤᠨ ᠪᠠᠢ᠌ᠭᠤᠯᠤᠯᠲᠠ ᠦᠷᠭᠦᠯᠵᠢᠯᠡᠨ ᠰᠠᠢ᠌ᠵᠢᠷᠠᠪᠠ᠃ ᠪᠠᠢ᠌ᠭᠤᠯᠭ᠎ᠠ ᠵᠢᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ ᠵᠢ ᠪᠠᠢ᠌ᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠤᠨ ᠬᠤᠷᠠᠯᠳᠤᠭ᠋ᠠᠨ᠎ᠢ ᠬᠤᠷᠠᠯᠳᠤᠭᠤᠯᠵᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠡᠭᠦᠷᠭᠡ ᠵᠢᠨ ᠲᠣᠳᠣᠷᠬᠠᠢ ᠬᠠᠭᠤᠳᠠᠰᠤ ᠵᠢ ᠲᠣᠭᠲᠠᠭ᠋ᠠᠨ ᠲᠠᠷᠬᠠᠭ᠋ᠠᠬᠤ ᠪᠠ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠤᠯᠠᠮ ᠨᠢᠭᠡ ᠠᠯᠬᠤᠮ ᠵᠣᠷᠢᠭᠵᠢᠭᠤᠯᠬᠤ ᠲᠤᠬᠠᠢ ᠬᠡᠷᠡᠭᠵᠢᠭᠦᠯᠬᠦ ᠠᠷᠭ᠎ᠠ ᠵᠢ ᠲᠤᠭᠳᠠᠭ᠋ᠠᠨ ᠲᠠᠷᠬᠠᠭ᠋ᠠᠵᠦ᠂ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠪᠡ᠃ ᠡᠯ᠎ᠡ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠴᠢᠬᠤᠯᠠ ᠶᠡᠬᠡ ᠠᠰᠠᠭᠤᠳᠠᠯ᠂ ᠴᠢᠬᠤᠯᠠ ᠤᠴᠢᠷ ᠶᠠᠪᠤᠳᠠᠯ᠂ ᠴᠢᠬᠤᠯᠠ ᠠᠵᠢᠯ᠎ᠤᠨ ᠠᠬᠢᠴᠠ ᠵᠢᠨ ᠪᠠᠢ᠌ᠳᠠᠯ᠎ᠤᠨ ᠲᠤᠬᠠᠢ ᠴᠠᠭ ᠲᠤᠬᠠᠢ᠎ᠳᠤ᠎ᠨᠢ ᠵᠢᠭ᠋ᠠᠪᠤᠷᠢ ᠠᠪᠴᠤ ᠮᠡᠳᠡᠭᠦᠯᠳᠡᠭ ᠪᠣᠯᠪᠠ᠃ ᠤᠳᠤᠷᠢᠳᠬᠤ ᠪᠠᠭ ᠠᠢ᠌ᠮᠠᠭ᠎ᠤᠨ᠎ᠬᠢᠨ ᠠᠢ᠌ᠮᠠᠭ ᠬᠣᠲᠠ ᠵᠢᠨ  ᠦᠨᠳᠦᠰᠦᠳᠡᠨ᠎ᠤ ᠵᠥᠪᠯᠡᠯ᠎ᠤᠨ ᠠᠵᠢᠯ᠎ᠢ ᠬᠢᠨᠠᠨ ᠵᠢᠯᠤᠭᠣᠳᠬᠤ ᠲᠣᠭᠲᠠᠴᠠ ᠵᠢ ᠲᠣᠭᠲᠠᠭ᠋ᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠳᠦᠷᠢᠮ᠂ ᠡᠷᠬᠢᠯᠡᠭᠴᠢ ᠵᠢᠨ ᠠᠯᠪᠠᠨ ᠠᠵᠢᠯ᠎ᠤᠨ ᠬᠤᠷᠠᠯ᠎ᠤᠨ ᠳᠦᠷᠢᠮ ᠪᠠ ᠴᠢᠬᠤᠯᠠ ᠶᠡᠬᠡ ᠤᠴᠢᠷ ᠶᠠᠪᠤᠳᠠᠯ᠎ᠳᠤ ᠵᠢᠭ᠋ᠠᠪᠤᠷᠢ ᠠᠪᠴᠤ ᠮᠡᠳᠡᠭᠦᠯᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠬᠡᠷᠡᠭ ᠵᠥᠪᠯᠡᠬᠦ ᠳᠦᠷᠢᠮ᠎ᠢ ᠤᠯᠠᠮ ᠨᠢᠭᠡ ᠠᠯᠬᠤᠮ ᠵᠢᠷᠤᠮᠵᠢᠭᠤᠯᠪᠠ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠤᠷᠳᠦ ᠬᠤᠭᠤᠴᠠᠭ᠋ᠠᠯᠠᠨ  ᠪᠠᠢ᠌ᠩᠭᠤᠵᠢᠭᠤᠯᠪᠠ᠃ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠤᠷᠳᠤ ᠬᠤᠭᠤᠴᠠᠭ᠋ᠠᠯᠠᠨ ᠪᠠᠢ᠌ᠩᠭᠤᠵᠢᠭᠤᠯᠬᠤ ᠵᠢ ᠠᠬᠢᠭᠤᠯᠬᠤ ᠰᠠᠬᠢᠯᠭ᠎ᠠ ᠪᠠᠲᠤ ᠰᠤᠷᠲᠠᠯ᠎ᠤᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠎ᠠ ᠠᠳᠬᠤᠵᠦ ᠪᠣᠳᠠᠲᠠᠢ ᠠᠳᠬᠤᠬᠤ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠲᠠᠢ ᠤᠶᠠᠯᠳᠤᠭᠤᠯᠵᠤ᠂ 《ᠲᠦᠷᠪᠡᠨ ᠰᠤᠷᠲᠠᠯ》 ᠎ᠢ ᠵᠠᠯᠠᠷᠠᠭᠤᠯᠤᠨ ᠵᠠᠰᠠᠬᠤ ᠪᠠ ᠰᠢᠨ᠎ᠡ ᠰᠤᠷᠲᠠᠯ᠎ᠢ ᠪᠤᠢ ᠪᠣᠯᠭ᠋ᠠᠬᠤ ᠵᠢ ᠨᠢᠭᠡᠳᠦᠯᠲᠡᠢ ᠪᠠᠢ᠌ᠯᠭ᠋ᠠᠬᠤ ᠵᠢ ᠪᠠᠷᠢᠮᠲᠠᠯᠠᠪᠠ᠃ 《ᠲᠤᠰᠬᠠᠢ ᠰᠡᠳᠦᠪ ᠵᠶ᠋ᠡᠷ ᠬᠠᠪᠰᠤᠷᠤᠨ ᠵᠢᠯᠤᠭᠣᠳᠬᠤ + ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠮᠡᠳᠡᠭᠳᠡᠬᠦ + ᠱᠠᠲᠤ ᠦᠶᠡᠴᠢ ᠴᠢᠨᠠᠷᠲᠠᠢ ᠡᠷᠭᠢᠴᠡᠭᠦᠯᠬᠦ》 ᠠᠷᠭ᠎ᠠ  ᠭᠡᠯᠪᠡᠷᠢ ᠵᠢ ᠠᠪᠴᠤ᠂ 8 ᠬᠤᠭᠤᠴᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ᠂ 3 ᠬᠤᠭᠤᠴᠠᠭ᠋ᠠᠨ᠎ᠤ ᠨᠣᠮ ᠤᠩᠰᠢᠬᠤ ᠠᠩᠭᠢ᠂ 1 ᠤᠳᠠᠭ᠋ᠠᠨ᠎ᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠪᠠ 1 ᠤᠳᠠᠭ᠋ᠠᠨ᠎ᠤ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ᠎ᠢ ᠡᠷᠬᠢᠯᠡᠵᠦ᠂ ᠡᠯ᠎ᠡ ᠨᠠᠮ᠎ᠤᠨ ᠡᠭᠦᠷ᠎ᠢ ᠵᠢᠭ᠋ᠠᠨ ᠵᠢᠯᠤᠭᠣᠳᠴᠤ ᠪᠠᠢ᠌ᠭ᠋ᠠᠳ ᠲᠤᠰᠬᠠᠢ ᠰᠡᠳᠦᠪᠲᠦ ᠰᠤᠷᠤᠯᠴᠠᠯᠭ᠎ᠠ ᠵᠢ 40 ᠭᠠᠷᠤᠢ ᠤᠳᠠᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠵᠢ 10 ᠭᠠᠷᠤᠢ ᠤᠳᠠᠭ᠎ᠠ ᠵᠡᠷᠭᠡᠪᠡᠷ ᠥᠷᠨᠢᠭᠦᠯᠪᠡ᠃

4.jpg

      ᠳᠥᠷᠪᠡ᠂ ᠨᠠᠮ᠎ᠤᠨ ᠪᠠᠢ᠌ᠭᠤᠯᠤᠯᠲᠠ ᠪᠠ ᠲᠤᠬᠠᠢ᠌ᠯᠠᠭᠰᠠᠨ ᠠᠵᠢᠯ᠎ᠤᠨ ᠠᠭᠤᠰᠤᠯᠴᠠᠯ᠎ᠢ ᠠᠬᠢᠭᠤᠯᠵᠤ᠂ ᠬᠥᠭᠵᠢᠯᠲᠡ᠎ᠳᠤ ᠦᠢ᠍ᠯᠡᠴᠢᠯᠡᠬᠦ᠎ᠪᠠᠷ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠲᠠᠪᠤᠨ ᠶᠡᠬᠡ ᠡᠭᠦᠷᠭᠡ ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》 ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠬᠡᠷᠡᠭᠵᠢᠭᠦᠯᠬᠦ ᠶᠠᠪᠤᠴᠠ᠎ᠳᠤ᠂ ᠠᠯᠢᠪᠠ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠴᠢ ᠬᠣᠯᠪᠣᠭᠳᠠᠯ᠎ᠢ ᠣᠯᠭᠣᠬᠤ ᠵᠢ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠪᠣᠯᠣᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠬᠠᠮᠲᠤ᠎ᠳᠤ᠎ᠨᠢ ᠠᠬᠢᠭᠤᠯᠵᠤ᠂ ᠬᠠᠷᠢᠯᠴᠠᠨ ᠲᠤᠪᠤᠢ᠍ᠢ᠍ᠯᠭ᠋ᠠᠬᠤ ᠵᠢ ᠠᠬᠢᠭᠤᠯᠪᠠ᠃ ᠬᠥᠲᠥᠯᠥᠨ ᠳᠠᠭ᠋ᠠᠭᠤᠯᠬᠤ ᠵᠢ ᠠᠳᠬᠤᠵᠤ᠂ ᠤᠬᠠᠮᠰᠠᠷ ᠵᠶ᠋ᠠᠨ ᠴᠢᠩᠭ᠋ᠠᠳᠬᠠᠪᠠ᠃ 《ᠨᠠᠮ᠎ᠤᠨ ᠪᠠᠢ᠌ᠭᠤᠯᠤᠯᠲᠠ ᠵᠢ ᠠᠳᠬᠤᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ》 ᠲᠤᠰᠬᠠᠢ ᠰᠡᠳᠦᠪᠲᠦ ᠪᠤᠯᠪᠠᠰᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠥᠪ᠎ᠢ ᠪᠠᠢ᠌ᠭᠤᠯᠵᠤ᠂ ᠡᠯ᠎ᠡ ᠲᠥᠷᠥᠯ᠎ᠤᠨ ᠡᠷᠳᠡᠮ ᠰᠢᠨᠵᠢᠯᠡᠭᠡᠨ᠎ᠤ ᠠᠵᠢᠯᠯᠠᠭ᠎ᠠ ᠵᠢ 27 ᠲᠠᠯᠠᠪᠤᠷ ᠡᠷᠭᠢᠯᠡᠵᠦ᠂ ᠭᠣᠣᠯ ᠰᠡᠳᠦᠪᠲᠦ  ᠤᠬᠠᠭᠤᠯᠭ᠎ᠠ ᠲᠠᠢ᠌ᠯᠪᠤᠷᠢᠯᠠᠯᠲᠠ ᠵᠢ 110 ᠲᠠᠯᠠᠪᠤᠷ ᠥᠷᠨᠢᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠵᠢᠯᠣᠭᠣᠳᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ 1᠂ 3 ᠲᠦᠮᠡᠨ ᠲᠠᠯᠠᠪᠤᠷ ᠥᠷᠨᠢᠭᠦᠯᠪᠡ᠃ 《ᠠᠨᠠᠷ᠎ᠤᠨ ᠭᠡᠯᠬᠢᠶ᠎ᠡ》 ᠨᠠᠮ᠎ᠤᠨ ᠪᠠᠢ᠌ᠭᠤᠯᠤᠯᠲᠠ ᠵᠢᠨ ᠣᠨᠴᠠᠯᠢᠭᠲᠤ ᠲᠦᠷᠦᠯ ᠲᠡᠮᠳᠡᠭ᠎ᠲᠤ ᠲᠦᠰᠢᠭᠯᠡᠵᠦ᠂ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠤᠯᠠᠨ  ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠂ 《ᠦᠵᠡᠰᠬᠦᠯᠡᠩᠳᠦ ᠰᠠᠢ᠌ᠬᠠᠨ ᠤᠮᠠᠷᠠᠲᠤ ᠬᠢᠯᠢ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ》 — ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠨᠳᠦᠰᠦᠨ ᠱᠠᠲᠤᠨ᠎ᠤ ᠠᠶᠠᠯᠠᠯ ᠵᠡᠷᠭᠡ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ 3.5 ᠲᠦᠮᠡᠨ ᠲᠠᠯᠠᠪᠤᠷ ᠡᠷᠬᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠤᠬᠠᠭᠤᠯᠭ᠎ᠠ ᠲᠠᠢ᠌ᠯᠪᠤᠷᠢᠯᠠᠯᠲᠠ ᠵᠢ 8000 ᠭᠠᠷᠤᠢ ᠲᠠᠯᠠᠪᠤᠷ (ᠤᠳᠠᠭ᠎ᠠ) ᠡᠷᠬᠢᠯᠡᠵᠦ᠂ ᠬᠦᠯᠢᠶᠡᠨ ᠠᠪᠤᠭᠴᠢᠳ᠎ᠤᠨ ᠲᠣᠭ᠎ᠠ 3000 ᠲᠦᠮᠡ ᠵᠢ ᠳᠠᠪᠠᠵᠠᠢ᠃ ᠬᠠᠷᠢᠯᠴᠠᠭ᠎ᠠ ᠵᠢ ᠠᠳᠬᠤᠵᠤ᠂ ᠦᠢ᠍ᠯᠡᠴᠢᠯᠡᠭᠡ ᠵᠢ ᠴᠢᠩᠭ᠋ᠠᠳᠬᠠᠪᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠭᠢᠳᠬᠦ  ᠮᠠᠶᠢᠭ᠎ᠤᠨ ᠬᠥᠭᠵᠢᠯᠲᠡ ᠵᠢᠨ 165 ᠲᠥᠷᠥᠯ ᠵᠦᠢ᠍ᠯ᠎ᠢ ᠪᠦᠲᠦᠭᠡᠨ ᠪᠠᠢ᠌ᠭᠤᠯᠵᠤ᠂ 60 ᠲᠦᠮᠡ ᠰᠢᠬᠠᠮ ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠢ᠌ᠭᠤᠯᠵᠦ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ᠎ᠳᠤ ᠣᠷᠣᠯᠴᠠᠭᠤᠯᠪᠠ᠃ 《ᠠᠨᠠᠷ᠎ᠤᠨ  ᠭᠡᠯᠬᠢᠶ᠎ᠡ — ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ  ᠬᠦᠴᠦᠨ ᠨᠡᠮᠡᠷᠢᠯᠡᠵᠦ᠂ ᠬᠠᠷᠢᠯᠴᠠᠨ ᠰᠢᠭᠢᠳᠦᠨ ᠬᠦᠭᠵᠢᠯᠳᠡ ᠵᠢ ᠠᠬᠢᠭᠤᠯᠬᠤ》 ᠠᠵᠢᠯᠯᠠᠭ᠎ᠠ ᠵᠢ ᠥᠷᠨᠢᠭᠦᠯᠵᠦ᠂ ᠲᠠᠭ᠋ᠠᠴᠢᠯᠠᠭᠰᠠᠨ ᠭᠠᠴᠠᠭ᠎ᠠ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ  ᠨᠡᠮᠡᠷᠢᠯᠡᠪᠡ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠷᠢᠯᠴᠠᠨ ᠲᠤᠭᠤᠷᠢᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠵᠢ ᠥᠷᠨᠢᠭᠦᠯᠵᠦ᠂ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ᠎ᠲᠤ ᠣᠷᠣᠭᠤᠯᠬᠤ》 ᠠᠵᠢᠯᠯᠠᠭ᠎ᠠ ᠵᠢ ᠠᠬᠢᠭᠤᠯᠪᠠ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠲᠠᠰ ᠳᠡᠪᠰᠢᠭᠰᠡᠨ ᠬᠡᠪ ᠵᠠᠭᠪᠤᠷ᠎ᠢ ᠪᠤᠢ ᠪᠣᠯᠭ᠋ᠠᠭᠰᠠᠨ ᠲᠤᠯᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠎ᠠᠴᠠ ᠮᠠᠨ᠎ᠤ ᠣᠷᠣᠨ᠎ᠤ 14 ᠬᠠᠮᠲᠤ ᠨᠡᠶ᠋ᠢᠲᠡ ᠪᠠ 17 ᠬᠤᠪᠢ ᠬᠥᠮᠥᠨ᠎ᠳᠤ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠶ᠋ᠢᠲᠡ ᠪᠠ ᠬᠤᠪᠢ ᠬᠥᠮᠥᠨ᠎ᠤ ᠴᠣᠯᠠ ᠣᠯᠭᠣᠪᠠ᠃ ᠰᠣᠶᠣᠯ᠎ᠢ ᠠᠳᠬᠤᠵᠤ᠂ ᠮᠡᠳᠡᠷᠡᠮᠵᠢ ᠵᠢ ᠴᠢᠩᠭ᠋ᠠᠳᠬᠠᠪᠠ᠃ 《ᠬᠣᠶᠠᠷ ᠰᠠᠷ᠎ᠠ ᠨᠢᠭᠡ ᠭᠠᠷᠠᠭ》᠎ᠤᠨ ᠠᠵᠢᠯᠯᠠᠭ᠎ᠠ ᠵᠢ ᠰᠢᠨᠡᠴᠢᠯᠡᠨ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠣᠯᠪᠣᠭ᠎ᠠ ᠵᠢ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠲᠠᠢ᠌ᠯᠪᠤᠷᠢᠯᠠᠯᠲᠠ ᠵᠢ ᠴᠢᠩᠭ᠋ᠠᠳᠬᠠᠪᠠ᠃ 《ᠬᠦᠰᠡᠯ ᠵᠡᠭᠦᠳᠦ᠎ᠪᠠᠨ ᠪᠠᠳᠤᠳᠬᠠᠵᠤ · ᠬᠦᠰᠡᠯ ᠵᠡᠭᠦᠳᠦ᠎ᠪᠠᠨ ᠲᠡᠷᠭᠡᠯᠰᠢᠭᠦᠯᠬᠦ》 ᠬᠠᠮ ᠵᠠᠭᠤᠴᠢᠯᠠᠭᠤᠷ᠎ᠤᠨ ᠫᠷᠣᠭ᠌ᠷᠠᠮ᠎ᠢ ᠵᠣᠬᠢᠶᠠᠨ ᠦᠢ᠍ᠯᠡᠳᠴᠦ᠂ 《ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠵᠢᠷᠤᠭ᠎ᠤᠨ ᠴᠠᠳᠢᠭ · ᠥᠪᠥᠷ ᠮᠣᠩᠭᠣᠯ᠎ᠤᠨ ᠪᠤᠳᠢ》 ᠪᠠ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠮᠠᠲ᠋ᠧᠷᠢᠶᠠᠯ · ᠥᠪᠥᠷ ᠮᠣᠩᠭᠣᠯ᠎ᠤᠨ ᠪᠤᠳᠢ》 ᠵᠢᠨ ᠨᠠᠢ᠌ᠷᠠᠭᠤᠯᠤᠨ ᠲᠤᠭᠤᠷᠪᠢᠬᠤ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠤᠯᠠᠮᠵᠢᠯᠠᠯᠲᠤ ᠰᠣᠶᠣᠯ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠢ᠌ᠯᠠᠭ᠋ᠠᠭᠳᠠᠬᠤᠨ᠎ᠢ ᠭᠦᠨᠵᠡᠭᠡᠢ ᠠᠭᠤᠳᠠᠯᠵᠤ᠂ ᠰᠡᠳᠬᠢᠯ ᠨᠢᠭᠡᠳᠦᠨ ᠬᠠᠮᠳᠤ᠎ᠪᠠᠷ ᠤᠷᠤᠭᠰᠢᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ  ᠪᠤᠯᠭ᠋ᠠᠪᠠ᠃


7.jpg

      ᠰᠠᠯᠬᠢ᠎ᠲᠠᠭᠠᠨ ᠳᠠᠪᠠᠯᠭ᠋ᠠᠨ᠎ᠢ ᠵᠦᠰᠦᠨ ᠠᠶᠠᠯᠠᠬᠤᠢ᠎ᠳᠤᠷ᠂ ᠡᠭᠦᠷᠭᠡ ᠬᠦᠨᠳᠦ ᠵᠠᠮ ᠬᠤᠯᠠ᠎ᠪᠠᠨ ᠮᠡᠳᠡᠷᠡᠵᠦ ᠲᠡᠮᠡᠥᠯᠡᠨ ᠤᠷᠤᠭᠰᠢᠯᠠᠬᠤ ᠴᠢᠬᠤᠯᠠᠳᠠᠢ᠃ ᠰᠢᠨ᠎ᠡ ᠡᠬᠢᠯᠡᠯᠲᠡ ᠵᠢᠨ ᠴᠡᠭ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠵᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠰᠢᠵᠦ᠂ ᠤᠨᠤᠯ ᠵᠶ᠋ᠠᠷ ᠵᠡᠪᠰᠡᠭᠯᠡᠬᠦ ᠵᠢ ᠬᠦᠴᠦᠯᠡᠨ ᠭᠦᠨᠵᠡᠭᠡᠢ᠌ᠷᠡᠭᠦᠯᠵᠦ᠂ ᠦᠨᠳᠦᠰᠦᠨ ᠱᠠᠲᠤᠨ᠎ᠤ ᠰᠠᠭᠤᠷᠢ ᠵᠢ ᠬᠦᠴᠦᠯᠡᠨ ᠪᠡᠬᠢᠵᠢᠬᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠬᠦᠴᠦᠯᠡᠨ ᠠᠬᠢᠭᠤᠯᠵᠤ᠂ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠴᠢᠨᠠᠷ ᠰᠠᠢ᠌ᠲᠠᠢ  ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠳᠦᠯᠦᠨ ᠲᠠᠭ᠋ᠠᠭᠤᠯᠬᠤ ᠵᠢ ᠪᠠᠲᠤᠯᠠᠨ᠎ᠠ᠃




      ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
       ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
      ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ




 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)