ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠲᠠᠢ᠌ᠯᠪᠤᠷᠢᠯᠠᠯᠲᠠ ᠵᠢ ᠭᠦᠨᠵᠡᠭᠡᠢ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2024 ᠣᠨ᠎ᠳᠤ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠦᠷᠦᠯ ᠵᠦᠢ᠍ᠯ᠎ᠢ ᠡᠬᠢᠯᠡᠭᠦᠯᠵᠦ᠂ ᠮᠡᠳᠡᠭᠦᠯᠦᠭᠰᠡᠨ 579 ᠲᠦᠷᠦᠯ ᠵᠦᠢ᠍ᠯ᠎ᠳᠤ ᠨᠡᠷ᠎ᠡ ᠪᠤᠷᠤᠭᠤᠯᠠᠵᠤ ᠬᠢᠨᠠᠨ ᠲᠣᠭᠲᠠᠭ᠋ᠠᠯᠲᠠ ᠬᠢᠵᠦ᠂ ᠨᠡᠢ᠍ᠢ᠍ᠳᠡ 42 ᠲᠦᠷᠦᠯ ᠵᠦᠢ᠍ᠯ᠎ᠢ ᠲᠣᠭᠲᠠᠭ᠋ᠠᠪᠠ᠃
ᠰᠡᠳᠦᠪ ᠰᠣᠩᠭᠣᠬᠤ᠎ᠳᠤ᠎ᠪᠠᠨ ᠭᠣᠣᠯ ᠰᠢᠵᠢᠮ᠎ᠢ ᠴᠢᠩᠭ᠎ᠠ ᠠᠳᠬᠤᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠪᠣᠯᠣᠨ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠬᠤ ᠱᠠᠭ᠋ᠠᠷᠳᠠᠯᠭ᠎ᠠ ᠵᠢᠨ ᠲᠣᠭᠣᠷᠢᠨ᠎ᠳᠤ᠂ ᠥᠪᠥᠷ ᠮᠣᠩᠭᠣᠯ᠎ᠤᠨ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠨᠡᠩ ᠣᠯᠠᠨ ᠣᠨᠣᠯ᠎ᠤᠨ ᠳᠡᠮᠵᠢᠯᠭᠡ ᠪᠠ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠭ᠎ᠠ ᠵᠢᠨ ᠦᠢ᠍ᠯᠡᠴᠢᠯᠡᠭᠡ ᠬᠠᠩᠭ᠋ᠠᠵᠤ᠂ ᠥᠷᠭᠡᠨ ᠵᠶ᠋ᠡᠷ ᠪᠠᠢ᠌ᠴᠠᠭ᠋ᠠᠨ ᠰᠤᠳᠤᠯᠤᠯᠲᠠ ᠬᠢᠬᠦ᠂ ᠶᠠᠷᠢᠯᠴᠠᠨ ᠰᠣᠯᠢᠯᠴᠠᠬᠤ᠂ ᠰᠠᠨᠠᠯ ᠬᠤᠷᠢᠶᠠᠬᠤ ᠪᠠ ᠬᠠᠮᠲᠤ᠎ᠪᠠᠷ ᠰᠤᠳᠤᠯᠬᠤ᠎ᠪᠠᠷ ᠳᠠᠮᠵᠢᠭᠤᠯᠵᠤ᠂ 《ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠋ᠠᠨ᠎ᠤ ᠰᠤᠳᠤᠯᠭ᠋ᠠᠨ》 ᠵᠡᠷᠭᠡ 16 ᠵᠦᠢ᠍ᠯ᠎ᠤᠨ ᠴᠢᠬᠤᠯᠠ ᠶᠡᠬᠡ ᠨᠠᠶ᠋ᠢᠳᠠᠯᠭ᠎ᠠ ᠵᠢᠨ ᠲᠦᠷᠦᠯ ᠵᠦᠢ᠍ᠯ ᠪᠣᠯᠣᠨ 《ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ》 ᠵᠡᠷᠭᠡ 26 ᠵᠦᠢ᠍ᠯ᠎ᠤᠨ ᠡᠩ᠎ᠤᠨ ᠨᠠᠶ᠋ᠢᠳᠠᠯᠭ᠎ᠠ ᠵᠢᠨ ᠲᠦᠷᠦᠯ ᠵᠦᠢ᠍ᠯ᠎ᠤᠨ ᠰᠤᠳᠤᠯᠭ᠋ᠠᠨ᠎ᠤ ᠰᠡᠳᠦᠪ᠎ᠢ ᠲᠣᠭᠲᠠᠭ᠋ᠠᠵᠤ᠂ ᠡᠭᠦᠨ᠎ᠤ ᠬᠠᠮᠲᠤ ᠰᠣᠩᠭᠣᠭᠰᠠᠨ ᠰᠡᠳᠦᠪ᠎ᠲᠠᠢ᠎ᠪᠠᠨ ᠨᠢᠭᠲᠠ ᠤᠶᠠᠯᠳᠤᠭᠤᠯᠤᠨ ᠮᠡᠳᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠴᠢᠭᠯᠡᠯ ᠰᠣᠩᠭᠣᠬᠤ᠂ ᠰᠡᠳᠦᠪ ᠲᠣᠭᠲᠠᠭ᠋ᠠᠬᠤ᠂ ᠭᠠᠷᠳᠠᠬᠤ ᠴᠡᠭ᠎ᠢ ᠣᠨᠣᠪᠴᠢᠲᠠᠶ ᠡᠷᠢᠬᠦ ᠵᠡᠷᠭᠡ ᠲᠠᠯ᠎ᠠ ᠠᠴᠠ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠲᠥᠪᠯᠡᠷᠡᠭᠦᠯᠬᠦ ᠵᠢ ᠪᠦᠲᠦᠮᠵᠢᠲᠡᠶ ᠠᠬᠢᠭᠤᠯᠪᠠ᠃
ᠲᠥᠷᠥᠯ ᠵᠦᠢ᠍ᠯ ᠲᠣᠭᠲᠠᠭ᠋ᠠᠬᠤ᠎ᠳᠤ᠎ᠪᠠᠨ ᠪᠤᠰᠤᠳᠴᠢ ᠪᠥᠭᠡᠳ ᠲᠥᠪ ᠭᠣᠣᠯᠴᠢ ᠵᠢ ᠪᠠᠷᠢᠮᠲᠠᠯᠠᠪᠠ᠃ ᠲᠥᠷᠥᠯ ᠵᠦᠢ᠍ᠯ ᠬᠢᠨᠠᠨ ᠲᠣᠭᠲᠠᠭ᠋ᠠᠬᠤ ᠠᠵᠢᠯ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠦᠨᠳᠦᠰᠦᠲᠡᠨ᠎ᠤ ᠵᠥᠪᠯᠡᠯ ᠲᠠᠷᠬᠠᠭ᠋ᠠᠭᠰᠠᠨ [2023] 46 ᠳ᠋ᠤᠭ᠋ᠠᠷ ᠲᠣᠭ᠋ᠠᠲᠤ) ᠵᠢᠨ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠠᠵᠢᠯ᠎ᠤᠨ ᠲᠥᠰᠥᠯ ᠲᠣᠭᠲᠠᠭ᠋ᠠᠬᠤ᠂ ᠨᠡᠷ᠎ᠡ ᠨᠥᠯᠥᠭᠡ᠎ᠲᠠᠢ ᠲᠤᠰᠬᠠᠢ ᠮᠡᠷᠭᠡᠵᠢᠯᠲᠡᠨ᠎ᠢ ᠤᠷᠢᠬᠤ᠂ ᠴᠢᠩᠭ᠎ᠠ ᠬᠢᠨᠠᠨ ᠪᠠᠢ᠌ᠴᠠᠭ᠋ᠠᠵᠤ ᠠᠳᠬᠤᠬᠤ᠂ ᠬᠠᠷᠢᠭᠤᠴᠠᠭᠰᠠᠨ ᠭᠠᠵᠠᠷ᠎ᠤᠨ ᠠᠩᠬᠠᠨ᠎ᠤ ᠬᠢᠨᠠᠯᠲᠠ᠂ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠤᠯᠲᠠ᠂ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠬᠢᠨᠠᠨ ᠵᠥᠪᠯᠡᠬᠦ ᠵᠡᠷᠭᠡ ᠲᠡᠰ ᠳᠠᠷᠠᠭ᠋ᠠᠯᠠᠯ᠎ᠨᠢ ᠡᠮᠬᠢ ᠵᠢᠷᠤᠮ᠎ᠲᠠᠢ ᠶᠠᠪᠤᠭᠳᠠᠵᠤ᠂ ᠬᠢᠨᠠᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠢᠨᠠᠨ ᠲᠣᠭᠲᠠᠭ᠋ᠠᠬᠤ ᠶᠠᠪᠤᠴᠠ᠎ᠨᠢ ᠲᠤᠰᠬᠠᠢ ᠮᠡᠷᠭᠡᠵᠢᠭᠰᠡᠨ᠂ ᠡᠷᠬᠡ ᠲᠡᠭᠰᠢ᠂ ᠲᠥᠪ ᠭᠣᠣᠯᠴᠢ ᠪᠠᠢ᠌ᠬᠤ ᠵᠢ ᠪᠠᠷᠢᠮᠲᠠᠯᠠᠪᠠ᠃
ᠦᠷ᠎ᠡ ᠪᠦᠲᠦᠭᠡᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠣᠳᠣᠷᠬᠠᠢ ᠲᠣᠭᠲᠠᠭ᠋ᠠᠪᠠ᠃ ᠦᠷ᠎ᠡ ᠪᠦᠲᠦᠭᠡᠯ᠎ᠢ ᠤᠯᠠᠷᠢᠭᠤᠯᠬᠤ ᠱᠠᠭ᠋ᠠᠷᠳᠠᠯᠭ᠎ᠠ ᠵᠢ ᠲᠦᠷᠦᠯ ᠵᠦᠢ᠍ᠯ᠎ᠢ ᠡᠷᠡᠮᠡᠯᠵᠡᠯᠡᠨ ᠮᠡᠳᠡᠭᠦᠯᠬᠦ᠂ ᠬᠢᠨᠠᠨ ᠰᠢᠯᠭ᠋ᠠᠷᠠᠭᠤᠯᠬᠤ ᠪᠠ ᠲᠦᠷᠦᠯ ᠵᠦᠢ᠍ᠯ ᠲᠣᠭᠲᠠᠭ᠋ᠠᠬᠤ ᠪᠦᠬᠦ ᠶᠠᠪᠤᠴᠠ᠎ᠳᠤ ᠠᠭᠤᠰᠤᠯᠴᠠᠭᠤᠯᠵᠤ᠂ ᠲᠥᠷᠥᠯ ᠵᠦᠢ᠍ᠯ ᠨᠢᠭᠡ ᠪᠦᠷᠢ ᠵᠢᠨ ᠬᠠᠮᠤᠭ᠎ᠤᠨ ᠡᠴᠦᠰ᠎ᠤᠨ ᠰᠤᠳᠤᠯᠭ᠋ᠠᠨ᠎ᠤ ᠦᠷ᠎ᠡ ᠪᠦᠲᠦᠭᠡᠯ ᠵᠢᠴᠢ ᠵᠢᠱ᠌ᠢᠭᠰᠡᠨ ᠰᠤᠳᠤᠯᠭ᠋ᠠᠨ᠎ᠤ ᠵᠣᠷᠢᠯᠭ᠎ᠠ ᠵᠢ ᠲᠣᠳᠣᠷᠬᠠᠢ᠌ᠯᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠴᠢᠭᠯᠡᠯ᠎ᠨᠢ ᠭᠣᠣᠯᠳᠠᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠢ ᠵᠢᠯᠣᠭᠣᠳᠤᠨ ᠪᠦᠬᠦ ᠣᠷᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠤᠯᠤᠰ ᠲᠥᠷᠥ ᠵᠢᠨ ᠪᠦᠲᠦᠭᠡᠨ ᠪᠠᠢ᠌ᠭᠤᠯᠤᠯᠲᠠ᠂ ᠰᠣᠶᠣᠯ᠎ᠤᠨ ᠪᠦᠲᠦᠭᠡᠨ ᠪᠠᠢ᠌ᠭᠤᠯᠤᠯᠲᠠ᠂ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠢ᠌ᠭᠤᠯᠤᠯᠲᠠ ᠪᠣᠯᠣᠨ ᠨᠠᠮ᠎ᠤᠨ ᠪᠦᠲᠦᠭᠡᠨ ᠪᠠᠢ᠌ᠭᠤᠯᠤᠯᠲᠠ ᠵᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠶᠡᠬᠡ ᠰᠠᠭᠤᠷᠢ ᠴᠢᠨᠠᠷᠲᠠᠢ ᠤᠨᠤᠯ᠎ᠤᠨ ᠰᠤᠳᠤᠯᠭ᠋ᠠᠨ ᠪᠠ ᠥᠪᠥᠷ ᠮᠣᠩᠭᠣᠯ᠎ᠤᠨ ᠦᠢ᠍ᠯᠡᠳᠦᠯᠭᠡ ᠵᠢᠨ ᠰᠤᠳᠤᠯᠭ᠋ᠠᠨ᠎ᠢ ᠥᠷᠨᠢᠭᠦᠯᠵᠦ᠂ ᠬᠤᠪᠢ ᠵᠢᠨ ᠵᠢᠩ᠎ᠲᠠᠢ᠂ ᠦᠨ᠎ᠡ ᠦᠷᠳᠡᠭ᠎ᠲᠠᠢ᠂ ᠥᠪᠡᠷᠮᠢᠴᠡ ᠣᠨᠴᠠᠯᠢᠭ᠎ᠲᠠᠢ ᠰᠤᠳᠤᠯᠭ᠋ᠠᠨ᠎ᠤ ᠦᠷ᠎ᠡ ᠪᠦᠲᠦᠭᠡᠯ᠎ᠢ ᠭᠠᠷᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠤᠨᠤᠯ᠎ᠢ ᠪᠠᠶᠠᠯᠢᠭᠵᠢᠭᠤᠯᠤᠨ ᠬᠥᠭᠵᠢᠭᠦᠯᠬᠦ᠎ᠳᠤ ᠬᠦᠴᠦᠲᠡᠢ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠭ᠎ᠠ ᠪᠠ ᠡᠷᠳᠡᠮ ᠰᠢᠨᠵᠢᠯᠡᠭᠡ ᠣᠨᠣᠯ᠎ᠤᠨ ᠳᠡᠮᠵᠢᠯᠭᠡ ᠬᠠᠩᠭ᠋ᠠᠨ᠎ᠠ᠃ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠡᠷᠳᠡᠮ ᠰᠢᠨᠵᠢᠯᠡᠭᠡᠨ᠎ᠤ ᠴᠢᠭᠯᠡᠯ᠎ᠨᠢ ᠭᠣᠣᠯᠳᠠᠭᠤ ᠪᠦᠬᠦ ᠣᠷᠣᠨ᠎ᠤ ᠡᠯ᠎ᠡ ᠶᠡᠬᠡ ᠳᠡᠭᠡᠳᠦ ᠰᠤᠷᠭ᠋ᠠᠭᠤᠯᠢ ᠪᠣᠯᠣᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ ᠵᠣᠬᠢᠴᠠᠭᠤᠯᠵᠤ᠂ ᠨᠠᠮ ᠪᠠ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠳᠦᠷᠢᠮᠵᠢᠯ᠎ᠤᠨ ᠪᠠᠷᠢᠮᠵᠢᠶ᠎ᠠ ᠵᠢ ᠭᠣᠣᠯᠳᠠᠯᠭ᠎ᠠ᠎ᠲᠠᠢ ᠰᠤᠳᠤᠯᠤᠨ ᠲᠣᠭᠲᠠᠭ᠋ᠠᠵᠤ᠂ ᠳᠤᠮᠳᠠᠳᠤ ᠵᠢᠨ ᠬᠡᠯᠡ ᠰᠣᠶᠣᠯ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠪᠣᠳᠠᠲᠤ ᠪᠠᠢ᠌ᠳᠠᠯ᠎ᠢ ᠠᠭᠤᠳᠠᠯᠤᠨ ᠲᠠᠢ᠌ᠯᠪᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠰᠣᠶᠣᠯ ᠪᠠ ᠳᠤᠮᠳᠠᠳᠤ ᠵᠢᠨ ᠪᠣᠯᠪᠠᠰᠤᠨ᠎ᠢ ᠬᠠᠮᠲᠤ᠎ᠪᠠᠷ ᠴᠣᠭᠴᠠᠯᠠᠨ ᠪᠠᠶ᠋ᠢᠭᠤᠯᠬᠤ ᠵᠢ ᠨᠡᠩ ᠤᠯᠠᠨ ᠢᠯᠡᠷᠡᠭᠦᠯᠦᠭᠰᠡᠨ ᠬᠡᠯᠡ ᠤᠳᠬ᠎ᠠ ᠵᠣᠬᠢᠶᠠᠯ ᠪᠠ ᠰᠤᠷᠪᠤᠯᠵᠢ ᠪᠢᠴᠢᠭ᠎ᠤᠨ ᠤᠬᠠᠭ᠋ᠠᠨ᠎ᠤ ᠲᠤᠯᠭ᠋ᠠᠭᠤᠷᠢᠯᠠᠯ ᠬᠠᠩᠭ᠋ᠠᠨ᠎ᠠ᠃
ᠣᠷᠴᠢᠭᠤᠯᠤᠭᠴᠢ᠄ ᠡᠷᠳᠡᠨᠢᠰᠤᠪᠤᠳ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ